6 ᠰᠠᠷ᠎ᠠ ᠶᠢᠨ 12 ᠤ ᠡᠳᠦᠷ ᠤᠨ ᠦᠳᠡ ᠶᠢᠨ ᠬᠤᠶᠢᠨ᠎ᠠ᠂ ᠴᠢᠩᠱᠠᠨ ᠲᠣᠭᠤᠷᠢᠭ 2024 ᠣᠨ ᠤ ᠬᠤᠶᠢᠴᠢ | ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠪᠤᠭᠤᠲᠤ ᠬᠤᠲᠠ ᠶᠢᠨ ᠬᠤᠶᠢᠴᠢ | ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠯᠢ ᠸᠧᠶ᠂ ᠪᠤᠭᠤᠲᠤ | ᠬᠤᠲᠠ ᠶᠢᠨ ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠠᠯᠪᠠᠨ ᠬᠡᠷ ᠤᠨ ᠡᠷᠬᠢᠯᠡᠭᠴᠢ | ᠸᠠᠩ ᠯᠢ ᠰᠢᠶᠠ ᠬᠤᠷᠠᠯ ᠳᠤ ᠣᠷᠣᠯᠴᠠᠵᠤ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠠᠷᠤᠭ᠎ᠠ ᠯᠢ ᠨᠠ᠂ ᠲᠤᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠶᠢᠴᠢ | ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠶᠦᠨ ᠰᠢᠶᠤᠤ ᠶᠠᠨ᠂ | ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠯᠢ ᠬᠤᠩ᠂ ᠲᠤᠭᠤᠷᠢᠭ ᠤᠨ | ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ | ᠬᠠᠷᠢᠭᠤᠴᠠᠯᠭᠠᠲᠠᠨ᠂ ᠡᠯ᠎ᠡ ᠵᠡᠭᠡᠯᠢ ︵ᠪᠠᠯᠭᠠᠰᠤ︶ ᠶᠢᠨ ᠬᠤᠯᠪᠣᠭᠳᠠᠯ ᠪᠥᠬᠦᠶ ᠤᠳᠤᠷᠢᠳᠤᠯᠭ᠎ᠠ ᠵᠢᠴᠢ ᠬᠤᠶᠢᠴᠢ | ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ᠂ ᠴᠢᠩᠱᠠᠨ | ᠲᠣᠭᠤᠷᠢᠭ ᠤᠨ ︽ᠰᠢᠶᠠᠩ ᠶᠠᠩ ᠬᠤᠸᠠ︾ ᠲᠠᠪᠤᠨ ᠠᠬᠠᠮᠠᠳ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠲᠥᠯᠥᠭᠡᠯᠡᠭᠴᠢ ᠵᠡᠷᠭᠡ 70 ᠭᠠᠷᠤᠶ ᠬᠥᠮᠦᠨ ᠬᠤᠷᠠᠯ ᠳᠤ ᠣᠷᠣᠯᠴᠠᠵᠠᠶ᠃ | ᠯᠢ ᠸᠧᠶ ᠬᠤᠷᠠᠯ ᠳᠡᠭᠡᠷ᠎ᠡ ᠴᠢᠩᠱᠠᠨ ᠲᠣᠭᠤᠷᠢᠭ ᠤᠨ ︽ᠬᠤᠪᠢᠰᠬᠠᠯ ᠤᠨ ᠭᠧᠨ ᠢ ᠤᠯᠠᠮᠵᠢᠯᠠᠬᠤ᠂ ᠴᠠᠭ | ᠦᠶ᠎ᠡ ᠶᠢᠨ ᠰᠢᠨ᠎ᠡ ᠬᠥᠮᠦᠨ ᠪᠣᠯᠬᠤ ᠪᠠᠷ ᠴᠢᠷᠮᠠᠶᠢᠬᠤ︾ ᠭᠤᠤᠯ ᠰᠡᠳᠦᠪᠲᠦ ᠬᠥᠮᠦᠵᠢᠯ ᠤᠨ ᠲᠠᠯ᠎ᠠ ᠪᠠᠷ᠂ 20 ᠵᠢᠯ | ᠳᠠᠷᠠᠭᠠᠯᠠᠨ ᠬᠦᠴᠢᠷᠳᠡᠯ ᠳᠤ ᠲᠤᠯᠭᠠᠷᠠᠭᠰᠠᠨ ᠵᠠᠯᠠᠭᠤᠴᠤᠳ ᠪᠠᠭᠠᠴᠤᠳ ᠢ ᠬᠠᠪᠰᠤᠷᠬᠤ ᠲᠠᠯ᠎ᠠ ᠪᠠᠷ᠂ ︽ᠬᠡᠷ ᠪᠦᠯᠢ | ᠰᠤᠷᠭᠠᠭᠤᠯᠢ ᠨᠡᠶᠢᠭᠡᠮ ᠬᠠᠮᠵᠢᠯᠴᠠᠨ ᠬᠥᠮᠦᠨ ᠢ ᠬᠥᠮᠦᠵᠢᠭᠦᠯᠬᠦ︾ ᠲᠠᠯ᠎ᠠ ᠪᠠᠷ᠂ ︽ᠲᠠᠪᠤᠨ ᠰᠠᠶᠢᠨᠲᠠᠶ︾ ᠬᠤᠶᠢᠴᠢ | ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠤᠨ ᠵᠥᠪᠯᠡᠯ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ | ᠠᠬᠢᠭᠤᠯᠬᠤ ᠲᠠᠯ᠎ᠠ ᠪᠠᠷ ᠣᠯᠤᠭᠰᠠᠨ ᠢᠯᠡᠳᠲᠡ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ᠡᠨᠡ | ᠵᠢᠯ ᠤᠨ ᠠᠵᠢᠯ ᠤᠨ ᠡᠭᠦᠷᠭᠡ ᠶᠢᠨ ᠲᠤᠬᠠᠢ᠂ ᠯᠢ ᠸᠧᠢ᠂ ᠨᠢᠭᠡ ᠳᠤ ᠰᠤᠷᠤᠯᠴᠠᠯᠭ᠎ᠠ ᠪᠠᠷ ᠡᠬᠢᠯᠡᠭᠦᠯᠵᠦ᠂ | ᠰᠤᠷᠤᠯᠴᠠᠯᠭ᠎ᠠ ᠶᠢ ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠤᠨ ᠪᠦᠬᠦ | ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠬᠤ ᠬᠡᠷᠡᠭᠲᠡᠢ᠃ ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠠᠳᠬᠤᠵᠤ᠂ ᠭᠤᠤᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠶ᠃ ᠭᠤᠷᠪᠠ ᠳᠤ᠂ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠤᠨ ᠡᠨᠡ ᠬᠦ ᠭᠤᠣᠯ ᠰᠡᠳᠦᠪ ᠢ ᠭᠦᠢᠴᠡᠳ ᠡᠵᠡᠮᠳᠡᠵᠦ᠂ ᠵᠠᠯᠠᠭᠤᠴᠤᠳ ᠪᠠᠭᠠᠴᠤᠳ ᠲᠤ ᠵᠢᠪᠦᠮᠡᠯ | ᠮᠠᠶ᠋ᠢᠭ ᠤᠨ ᠬᠥᠮᠦᠵᠢᠯ ᠬᠢᠬᠦ ᠬᠡᠷᠡᠭᠲᠡᠢ᠃ ᠲᠦᠷᠪᠡ ᠳᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ | ᠦᠢᠯᠡᠴᠢᠯᠡᠬᠦ ᠶᠢ ᠪᠠᠷᠢᠮᠲᠠᠯᠠᠵᠤ᠂ ︽ᠲᠠᠪᠤᠨ ᠠᠬᠠᠮᠠᠳ︾ ᠢ ᠬᠠᠯᠠᠮᠵᠢᠯᠠᠨ ᠬᠠᠶᠢᠷᠠᠯᠠᠬᠤ ᠢᠨᠵᠧᠨᠧᠷᠢᠩ ᠢ ᠶᠡᠬᠡᠪᠡᠷ | ᠬᠡᠷᠡᠭᠵᠢᠭᠦᠯᠵᠦ᠂ ᠨᠡᠩ ᠤᠯᠠᠨ ᠠᠬᠠᠮᠠᠳ ᠨᠥᠬᠦᠳ ᠤᠨ ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ ᠲᠠᠯ᠎ᠠ ᠪᠠᠷ | ᠬᠦᠴᠦᠨ ᠴᠢᠳᠠᠯ ᠢᠶᠠᠨ ᠡᠷᠭᠦᠬᠦ ᠶᠢ ᠳᠡᠮᠵᠢᠵᠦ᠂ ᠦᠵᠡᠰᠬᠦᠯᠡᠩᠲᠦ ᠰᠠᠶᠢᠬᠠᠨ ᠪᠤᠭᠤᠲᠤ ᠶᠢᠨ ᠴᠠᠭ ᠦᠶ᠎ᠡ ᠶᠢᠨ ᠰᠢᠨ᠎ᠡ | ᠬᠥᠮᠦᠨ ᠢ ᠬᠥᠮᠦᠵᠢᠭᠦᠯᠦᠨ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠲᠠᠪᠤ ᠳᠤ᠂ ᠪᠣᠳᠠᠲᠤ | ᠠᠵᠢᠯᠯᠠᠭ᠎ᠠ ᠪᠠᠷ ᠢᠶᠠᠨ ᠪᠤᠭᠤᠲᠤ ᠬᠤᠳᠠ ᠶᠢᠨ ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ ᠵᠥᠪᠯᠡᠯ | ᠪᠠᠶᠢᠭᠤᠯᠤᠭᠳᠠᠭᠰᠠᠨ 35 ᠵᠢᠯ ᠤᠨ ᠤᠢ ᠶᠢ ᠤᠭᠲᠤᠵᠤ᠂ ᠰᠢᠨ᠎ᠡ ᠴᠠᠭ ᠦᠶ᠎ᠡ ᠶᠢᠨ ᠬᠤᠶᠢᠴᠢ ᠦᠶ᠎ᠡ ᠶᠢᠨ ᠬᠢᠨ ᠪᠠᠨ | ᠬᠠᠯᠠᠮᠵᠢᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ | ᠯᠢ ᠨᠠ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ ᠲᠣᠭᠤᠷᠢᠭ ᠤᠨ | ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠤᠨ ᠵᠥᠪᠯᠡᠯ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢ ᠭᠦᠨᠵᠡᠭᠡᠶ ᠲᠤᠤᠱᠯᠠᠭᠤᠯᠵᠦ᠂ ᠲᠤᠭᠤᠷᠢᠭ ᠤᠨ ᠨᠠᠮ ᠤᠨ | ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠳᠡᠮᠵᠢᠯᠭᠡ ᠳᠣᠤᠷ᠎ᠠ᠂ | ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠭᠤᠤᠯ ᠠᠵᠢᠯ ᠲᠠᠢ ᠨᠢᠭᠲᠠ | ᠤᠶᠠᠯᠳᠤᠭᠤᠯᠤᠨ᠂ ᠡᠯ᠎ᠡ ᠱᠠᠲᠤᠨ ᠤ ᠬᠤᠶᠢᠴᠢ ᠦᠶ᠎ᠡᠶᠢᠨ ᠬᠢᠨ ᠪᠠᠨ ᠬᠠᠯᠠᠮᠵᠢᠯᠠᠬᠤ ᠠᠵᠢᠯ ᠤᠨ ᠵᠥᠪᠯᠡᠯ ᠪᠣᠯᠤᠨ | ᠥᠷᠭᠡᠨ ᠣᠯᠠᠨ ︽ᠲᠠᠪᠤᠨ ᠠᠬᠠᠮᠠᠳ︾ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠳᠤᠷᠠᠲᠠᠶ᠎ᠠ ᠬᠤᠪᠢ ᠨᠡᠮᠡᠷᠢ | ᠦᠵᠡᠭᠦᠯᠵᠦ᠂ ᠤᠯᠤᠰ ᠲᠥᠷᠥ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠶᠡᠭᠡ ᠲᠠᠯ᠎ᠠ ᠳᠤ | ᠦᠢᠯᠡᠴᠢᠯᠡᠭᠡᠳ ᠬᠦᠴᠦᠲᠡᠶ ᠵᠢᠳᠬᠦᠯ ᠴᠢᠷᠮᠠᠶᠢᠯᠭ᠎ᠠ ᠭᠠᠷᠭᠠᠵᠤ᠂ ᠬᠠᠶᠢᠷ᠎ᠠ ᠬᠠᠯᠠᠮᠵᠢ ᠶᠢᠨ ᠠᠵᠢᠯᠯᠠᠭ᠎ᠠ ᠰᠢᠨ᠎ᠡ | ᠠᠮᠵᠢᠯᠲᠠ ᠣᠯᠵᠤ᠂ ᠲᠣᠭᠲᠠᠴᠠ ᠶᠢᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠵᠦ᠂ ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠨᠢ ᠨᠡᠶᠢᠭᠡᠮ ᠤᠨ | ᠡᠯ᠎ᠡ ᠡᠲᠡᠭᠡᠳ ᠤᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠤ᠂ ᠡᠯ᠎ᠡ ᠵᠦᠢᠯ ᠤᠨ ᠠᠵᠢᠯ ᠨᠢ ᠮᠠᠰᠢ ᠰᠠᠶᠢᠨ | ᠠᠮᠵᠢᠯᠲᠠ ᠣᠯᠵᠠᠶ ᠭᠡᠪᠡ᠃ 2024 ᠤᠨ ᠤ ᠠᠵᠢᠯ ᠤᠨ ᠲᠤᠬᠠᠢ᠂ ᠯᠢ ᠨᠠ᠂ ᠡᠷᠬᠡᠪᠰᠢ ᠰᠢᠨ᠎ᠡ ᠪᠠᠶᠢᠳᠠᠯ ᠪᠠ ᠰᠢᠨ᠎ᠡ | ᠠᠰᠠᠭᠤᠳᠠᠯ ᠢ ᠭᠦᠨᠵᠡᠭᠡᠢ ᠰᠤᠳᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ | ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠶᠣᠰᠣ ᠰᠤᠷᠲᠠᠬᠤᠨ ᠢᠶᠠᠷ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠪᠠᠷᠢᠮᠲᠠᠯᠠᠵᠤ᠂ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠶᠢ | ᠭᠦᠨᠵᠡᠭᠡᠶᠢᠷᠡᠭᠦᠯᠵᠦ᠂ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠶᠢ ᠴᠢᠩᠭᠠᠳᠬᠠᠵᠤ᠂ ᠰᠢᠨ᠎ᠡ ᠶᠢ ᠡᠭᠦᠳᠬᠦ | ᠬᠥᠭᠵᠢᠯᠲᠡ ᠶᠢ ᠠᠬᠢᠭᠤᠯᠵᠤ᠂ ᠠᠵᠢᠯ ᠤᠨ ᠰᠠᠭᠤᠷᠢ ᠶᠢ ᠪᠠᠬᠢᠵᠢᠭᠦᠯᠵᠦ᠂ ᠬᠤᠶᠢᠴᠢ ᠦᠶ᠎ᠡ ᠶᠢᠨ ᠬᠢᠨ ᠪᠠᠨᠬᠠᠯᠠᠮᠵᠢᠯᠠᠬᠤ | ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ ᠯᠢ ᠨᠠ ᠰᠢᠨ᠎ᠡ ᠴᠠᠭ ᠦᠶ᠎ᠡ ᠶᠢᠨ ᠪᠦᠬᠦ ᠲᠤᠭᠤᠷᠢᠭ ᠤᠨ ᠬᠤᠶᠢᠴᠢ ᠦᠶ᠎ᠡ ᠶᠢᠨ ᠬᠢᠨ ᠪᠠᠨ | ᠬᠠᠯᠠᠮᠵᠢᠯᠠᠬᠤ ᠠᠵᠢᠯ ᠤᠨ ᠵᠥᠪᠯᠡᠯ ᠤᠨ ᠵᠣᠬᠢᠶᠠᠨ ᠪᠠᠶᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠲᠤᠬᠠᠢ | ᠪᠣᠳᠠᠲᠠᠢ ᠱᠠᠭᠠᠷᠳᠠᠯᠭ᠎ᠠ ᠳᠤᠷᠠᠳᠴᠦ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠶᠢᠴᠢ | ᠦᠶ᠎ᠡ ᠶᠢᠨ ᠬᠢᠨ ᠪᠠᠨ ᠬᠠᠯᠠᠮᠵᠢᠯᠠᠬᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠎ᠡ᠃ ᠪᠥᠬᠦ ᠲᠤᠭᠤᠷᠢᠭ ᠤᠨ ᠡᠯ᠎ᠡ | ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ | ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠦᠬᠦᠯᠢ ᠴᠣᠭᠴᠠ ᠶᠢᠨ | ᠲᠠᠯ᠎ᠠ ᠠᠴᠠ ᠨᠢᠭᠡᠳᠦᠯᠲᠡᠶ ᠲᠥᠯᠥᠪᠵᠢᠭᠦᠯᠦᠨ ᠰᠦᠪᠡᠭᠴᠢᠯᠡᠵᠦ᠂ ᠠᠵᠢᠯ ᠤᠨ ᠡᠭᠦᠷᠭᠡ ᠪᠠᠨ ᠨᠠᠷᠢᠯᠢᠬᠵᠢᠭᠤᠯᠤᠨ᠂ ᠡᠨᠡ | ᠬᠦ ᠰᠠᠭᠤᠷᠢ ᠶᠢ ᠪᠠᠬᠢᠵᠢᠭᠦᠯᠬᠦ ᠢᠨᠵᠧᠨᠧᠷᠢᠩ᠂ ᠪᠠᠶᠢᠯᠳᠤᠬᠤ ᠪᠣᠳᠣᠯᠭ᠎ᠠ ᠶᠢᠨ ᠢᠨᠵᠧᠨᠧᠷᠢᠩ᠂ ᠰᠠᠭᠤᠷᠢ ᠢᠨᠵᠧᠨᠧᠷᠢᠩ᠂ | ᠰᠦᠭ ᠰᠦᠨᠡᠰᠦ ᠶᠢ ᠱᠤᠭᠤᠬᠤ ᠢᠨᠵᠧᠨᠧᠷᠢᠩ ᠢ ᠦᠨᠡᠨ ᠬᠦ ᠨᠠᠷᠢᠯᠢᠭ ᠪᠣᠳᠠᠲᠠᠶ ᠠᠳᠬᠤᠬᠤ ᠬᠡᠷᠡᠭᠲᠡᠶ᠃ ᠬᠤᠶᠠᠷ ᠲᠤ᠂ | ᠦᠵᠡᠯ ᠰᠠᠨᠠᠭᠠᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ | ᠦᠨᠳᠦᠰᠦᠨ ᠡᠭᠦᠷᠭᠡ ᠶᠢ ᠲᠡᠮᠵᠢᠨ᠎ᠡ᠃ ᠴᠢᠩᠱᠠᠨ ᠲᠣᠭᠤᠷᠢᠭ ᠤᠨ ︽ᠦ᠋ ᠶᠦᠨ ᠳ᠋ᠤᠸᠧ ᠦᠢᠯᠡ ᠠᠵᠢᠯᠯᠠᠭ᠎ᠠ ᠶᠢᠨ | ᠦᠵᠡᠭᠦᠯᠦᠯᠭᠡ ᠶᠢᠨ ᠣᠷᠳᠣᠨ︾ ︽ᠪᠦᠬᠦ ᠤᠯᠤᠰ ᠤᠨ ᠰᠢᠯᠢᠳᠡᠭ ᠬᠡᠦᠬᠡᠳ ᠤᠨ ᠭᠡᠷ - ᠴᠧᠨ ᠸᠧᠨ ᠰᠢᠤᠸᠠᠢ | ᠬᠤᠪᠢᠰᠬᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠬᠤ ᠲᠠᠰᠤᠭ︾᠂ ︽ᠴᠢᠩᠱᠠᠨ ᠲᠣᠭᠤᠷᠢᠭ ᠤᠨ ᠨᠠᠮ ᠤᠨ | ᠪᠠᠶᠢᠭᠤᠯᠤᠯᠲᠠ ᠶᠢᠨ ᠰᠣᠶᠣᠯ ᠤᠨ ᠠᠭᠤᠳᠠᠮ ᠲᠠᠯᠠᠪᠠᠢ︾ ᠵᠡᠷᠭᠡ ᠬᠤᠪᠢᠰᠬᠠᠯ ᠤᠨ ᠬᠥᠮᠦᠵᠢᠯ ᠤᠨ ᠡᠬᠢ ᠪᠠᠶᠠᠯᠢᠭ ᠲᠤ | ᠲᠦᠰᠢᠭᠯᠡᠵᠦ᠂ ᠨᠠᠮ ᠤᠨ ᠲᠡᠦᠬᠡ ᠤᠯᠤᠰ ᠤᠨ ᠲᠡᠦᠬᠡ ᠶᠢᠨ ᠬᠥᠮᠦᠵᠢᠯ᠂ ᠬᠤᠪᠢᠰᠬᠠᠯ ᠤᠨ ᠤᠯᠠᠮᠵᠢᠯᠠᠯᠲᠤ ᠬᠥᠮᠦᠵᠢᠯ ᠢ | ᠭᠦᠨᠵᠡᠭᠡᠢ ᠥᠷᠨᠢᠭᠦᠯᠵᠦ᠂ ᠬᠤᠪᠢᠰᠬᠠᠯ ᠤᠨ ᠤᠳᠤᠮᠰᠢᠯ ᠢ ᠴᠢᠰᠤᠨ ᠰᠤᠳᠠᠰᠤᠨ ᠳᠤ ᠠᠭᠤᠰᠬᠠᠵᠤ᠂ ᠦᠶ᠎ᠡ ᠶᠢᠨ | ᠦᠶ᠎ᠡ ᠳᠤ ᠤᠯᠠᠮᠵᠢᠯᠠᠬᠤ ᠬᠡᠷᠡᠭᠲᠡᠢ᠃ ᠭᠤᠷᠪᠠ ᠳᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ︽ᠲᠠᠪᠤᠨ | ᠰᠠᠶᠢᠨᠲᠠᠶ︾ ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠤᠨ ᠵᠥᠪᠯᠡᠯ ᠢ ᠡᠭᠦᠳᠦᠨ ᠪᠠᠶᠢᠭᠤᠯᠬᠤ ᠠᠵᠢᠯ ᠢ | ᠯᠠᠪᠳᠠᠭᠤᠨ ᠪᠠᠲᠤᠲᠠᠶ ᠠᠬᠢᠭᠤᠯᠤᠨ᠎ᠠ᠃ ︽ᠲᠠᠪᠤᠨ ᠰᠠᠶᠢᠨᠲᠠᠶ︾ ᠪᠠᠷᠢᠮᠵᠢᠶ᠎ᠠ ᠲᠠᠢ ᠨᠢᠭᠲᠠ ᠤᠶᠠᠯᠳᠤᠭᠤᠯᠤᠨ᠂ ︽ᠲᠠᠪᠤᠨ | ᠰᠠᠶᠢᠨᠲᠠᠶ︾ ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠤᠨ ᠵᠥᠪᠯᠡᠯ ᠢ ᠡᠭᠦᠳᠦᠨ ᠪᠠᠶᠢᠭᠤᠯᠬᠤ ᠠᠵᠢᠯ ᠢ | ᠭᠦᠨᠵᠡᠭᠡᠶ ᠥᠷᠨᠢᠭᠦᠯᠵᠦ᠂ ᠨᠠᠮ ᠤᠨ ᠪᠠᠶᠢᠭᠤᠯᠤᠯᠲᠠ ᠪᠠᠷ ᠬᠤᠶᠢᠴᠢ ᠦᠶ᠎ᠡᠶᠢᠨ ᠬᠢᠨ ᠪᠠᠨ ᠬᠠᠯᠠᠮᠵᠢᠯᠠᠬᠤ ᠠᠵᠢᠯ ᠢ | ᠳᠠᠶᠢᠴᠢᠯᠠᠬᠤ ᠶᠢ ᠪᠠᠷᠢᠮᠲᠠᠯᠠᠨ᠂ ᠦᠨᠳᠦᠰᠦᠨ ᠱᠠᠲᠤᠨ ᠤ ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠤᠨ | ᠵᠥᠪᠯᠡᠯ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠡᠩᠨᠡᠭᠡᠨ ᠤ ᠪᠠᠶᠢᠭᠤᠯᠤᠯᠲᠠ᠂ ᠳᠦᠷᠢᠮ ᠤᠨ | ᠪᠠᠶᠢᠭᠤᠯᠤᠯᠲᠠ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ᠂ ᠠᠵᠢᠯᠯᠠᠭ᠎ᠠ ᠶᠢᠨ ᠵᠠᠷᠤᠳᠠᠯ ᠪᠠ ︽ᠲᠠᠪᠤᠨ ᠰᠠᠶᠢᠨᠲᠠᠶ︾ | ᠠᠵᠢᠯ ᠤᠨ ᠨᠥᠬᠦᠪᠥᠷᠢ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠲᠠᠪᠤᠨ ᠰᠠᠶᠢᠨᠲᠠᠶ︾ ᠬᠤᠶᠢᠴᠢ | ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠤᠨ ᠵᠥᠪᠯᠡᠯ ᠢ ᠪᠠᠶᠢᠭᠤᠯᠬᠤ ᠠᠵᠢᠯ ᠳᠤ ᠪᠠᠲᠤ ᠪᠠᠬᠢ ᠦᠨᠳᠦᠰᠦᠨ | ᠱᠠᠲᠤᠨ ᠤ ᠰᠠᠭᠤᠷᠢ ᠶᠢ ᠲᠠᠯᠪᠢᠬᠤ ᠬᠡᠷᠡᠭᠲᠡᠶ᠃ ᠲᠦᠷᠪᠡ ᠳᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ | ᠬᠠᠮᠵᠢᠯᠴᠠᠨ ᠣᠷᠣᠨ ᠪᠠᠶᠢᠷᠢ ᠪᠠᠨ ᠨᠥᠬᠦᠪᠥᠷᠢᠯᠡᠵᠦ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠦᠨ᠎ᠡ᠃ | ᠡᠯ᠎ᠡ ᠱᠠᠲᠤᠨ ᠤ ᠬᠤᠶᠢᠴᠢ ᠦᠶ᠎ᠡᠶᠢᠨ ᠬᠢᠨ ᠪᠠᠨᠬᠠᠯᠠᠮᠵᠢᠯᠠᠬᠤ ᠵᠥᠪᠯᠡᠯ ᠤᠨ ᠵᠣᠬᠢᠶᠠᠨ ᠪᠠᠶᠢᠭᠤᠯᠤᠯᠲᠠ ᠲᠣᠰ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠠᠩ ᠢᠯᠡᠭᠦᠤ ᠴᠢᠬᠤᠯᠠᠴᠢᠯᠠᠬᠤ ᠪᠠ ᠨᠠᠩ ᠶᠡᠭᠡ | ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠯᠦᠭᠡ ᠶᠢᠨ | ᠬᠠᠮᠲᠤᠷᠠᠯᠴᠠᠭ᠎ᠠ ᠪᠠᠨ ᠴᠢᠩᠭᠠᠳᠬᠠᠨ᠂ ᠨᠡᠶᠢᠭᠡᠮ ᠤᠨ ᠣᠯᠠᠨ ᠲᠠᠯ᠎ᠠ ᠶᠢᠨ ᠬᠦᠴᠦᠨ ᠴᠢᠳᠠᠯ ᠢ ᠨᠢᠭᠲᠠᠷᠠᠭᠤᠯᠵᠤ᠂ ᠣᠶᠤᠨ | ᠤᠬᠠᠭᠠᠨ ᠬᠦᠴᠦᠨ ᠴᠢᠳᠠᠯ ᠢᠶᠠᠨ ᠲᠥᠪᠯᠡᠷᠡᠭᠦᠯᠦᠨ᠂ ᠬᠠᠮᠲᠤ ᠪᠠᠷ ᠬᠥᠮᠦᠨ ᠬᠥᠮᠦᠵᠢᠭᠦᠯᠬᠦ ᠰᠢᠨ᠎ᠡ ᠪᠠᠶᠢᠷᠢᠰᠢᠯ ᠢ ᠪᠣᠶ | ᠪᠣᠯᠭᠠᠵᠤ᠂ ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠢ ᠬᠠᠶᠢᠷᠠᠯᠠᠬᠤ᠂ ᠨᠠᠮ ᠤᠨ ᠦᠢᠯᠡᠰ ᠲᠤ ᠦᠨᠡᠨᠴᠢ | ᠰᠢᠳᠤᠷᠭᠤ᠂ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠲᠠᠢ ᠠᠬᠠᠮᠠᠳ ᠨᠥᠬᠦᠳ ᠢ ᠡᠩᠨᠡᠭᠡ ᠳᠤ | ᠲᠡᠭᠦᠯᠳᠡᠷᠵᠢᠭᠦᠯᠵᠦ᠂ ᠪᠦᠲᠦᠴᠡ ᠶᠢ ᠰᠢᠯᠢᠳᠡᠭᠵᠢᠭᠦᠯᠦᠨ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠶ ᠭᠡᠵᠦ | ᠱᠠᠭᠠᠷᠳᠠᠭᠰᠠᠨ ᠪᠠᠶᠢᠨ᠎ᠠ᠃ | ᠶᠦᠨ ᠰᠢᠶᠤᠤ ᠶᠠᠨ ︽ᠶᠣᠰᠣ ᠰᠤᠷᠲᠠᠬᠤᠨ ᠢ ᠪᠤᠢ ᠪᠣᠯᠭᠠᠬᠤ ᠤᠬ ᠰᠠᠨᠠᠭ᠎ᠠ ᠪᠠᠨ ᠦᠷᠭᠦᠯᠵᠢᠯᠡᠭᠦᠯᠵᠦ | ᠬᠥᠮᠦᠨ ᠢ ᠬᠥᠮᠦᠵᠢᠭᠦᠯᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠰᠢᠨ᠎ᠡ ᠴᠠᠭ ᠦᠶ᠎ᠡ ᠶᠢᠨ ᠬᠤᠶᠢᠴᠢ | ᠦᠶ᠎ᠡ ᠶᠢᠨ ᠬᠢᠨ ᠪᠠᠨ ᠬᠠᠯᠠᠮᠵᠢᠯᠠᠬᠤ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ | ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠵᠤ ᠲᠤᠤᠱᠯᠠᠭᠤᠯᠬᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ ︽ᠲᠠᠪᠤᠨ | ᠠᠬᠠᠮᠠᠳ︾ ᠢ ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ ᠢᠨᠵᠧᠨᠧᠷᠢᠩ ᠢ ᠦᠷᠭᠦᠯᠵᠢᠯᠡᠨ ᠠᠬᠢᠭᠤᠯᠬᠤ᠂ ︽ᠭᠡᠷ | ᠪᠦᠯᠢ ᠰᠤᠷᠭᠠᠭᠤᠯᠢ ᠨᠡᠶᠢᠭᠡᠮ ᠬᠠᠮᠵᠢᠯᠴᠠᠨ ᠬᠥᠮᠦᠨ ᠢ ᠬᠥᠮᠦᠵᠢᠭᠦᠯᠬᠦ︾ ᠠᠵᠢᠯ ᠤᠨ ᠲᠣᠭᠲᠠᠴᠠ ᠶᠢ ᠴᠢᠩᠭᠠᠳᠬᠠᠬᠤ᠂ | ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠥᠷᠨᠢᠭᠦᠯᠬᠦ᠂ ᠬᠤᠶᠢᠴᠢ | ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ | ᠲᠠᠪᠤᠨ ᠲᠠᠯ᠎ᠠ ᠠᠴᠠ ᠪᠦᠬᠦ ᠲᠤᠭᠤᠷᠢᠭ ᠤᠨ 2023 ᠣᠨ ᠤ ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ | ᠠᠵᠢᠯ ᠢ ᠳ᠋ᠦᠩᠨᠡᠭᠰᠡᠨ ᠪᠥᠭᠡᠳ 2024 ᠣᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠶᠦᠨ ᠰᠢᠶᠤᠤ ᠶᠠᠨ᠂ | ᠪᠥᠬᠦ ᠲᠤᠭᠤᠷᠢᠭ ᠤᠨ ᠡᠯ᠎ᠡ ᠱᠠᠲᠤᠨ ᠤ ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ ᠵᠥᠪᠯᠡᠯ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠬᠤᠶᠢᠴᠢ ᠦᠶ᠎ᠡ ᠶᠢᠨ ᠬᠢᠨ ᠪᠠᠨ | ᠬᠠᠯᠠᠮᠵᠢᠯᠠᠬᠤ ᠠᠵᠢᠯ ᠤᠨ ᠵᠥᠪᠯᠡᠯ ᠤᠨ ︽ᠰᠠᠨᠠᠯ︾᠂ ᠥᠪᠡᠷᠲᠡᠭᠡᠨ ᠵᠠᠰᠠᠬᠤ ᠣᠷᠣᠨ ᠤ ᠬᠤᠶᠠᠷ ᠠᠯᠪᠠᠨ ᠬᠡᠷ ᠤᠨ | ︽ᠬᠡᠷᠡᠭᠵᠢᠭᠦᠯᠬᠦ ᠰᠠᠨᠠᠯ︾ ᠪᠠ ᠪᠤᠭᠤᠲᠤ ᠬᠤᠲᠠ ᠶᠢᠨ ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ ᠵᠥᠪᠯᠡᠯ ᠤᠨ | ︽ᠬᠡᠷᠡᠭᠵᠢᠭᠦᠯᠬᠦ ᠲᠥᠰᠦᠯ︾ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢᠨ ᠲᠣᠭᠤᠷᠢᠨ ᠳᠤ ᠵᠠᠯᠠᠭᠤᠴᠤᠳ ᠪᠠᠭᠠᠴᠤᠳ ᠤᠨ ᠵᠥᠪ ᠴᠢᠭᠯᠡᠯ ᠳᠤ | ᠦᠢᠯᠡᠴᠢᠯᠡᠬᠦ ᠶᠢ ᠪᠠᠷᠢᠮᠲᠠᠯᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠯᠠᠮᠵᠢᠯᠠᠨ | ᠬᠠᠮᠠᠭᠠᠯᠠᠵᠤ᠂ ᠴᠢᠩᠱᠠᠨ ᠲᠣᠭᠤᠷᠢᠭ ᠤᠨ ︽ᠠᠵᠢᠯᠯᠠᠬᠤ ᠶᠢ ᠪᠣᠳᠠᠲᠠᠶ ᠨᠠᠶᠢᠳᠠᠪᠤᠷᠢᠵᠢᠭᠤᠯᠵᠤ᠂ ᠡᠮᠦᠨ᠎ᠡ ᠡᠩᠨᠡᠭᠡᠨ ᠳᠤ | ᠶᠠᠪᠤᠬᠤ︾ ᠣᠶᠤᠨ ᠰᠠᠨᠠᠭᠠᠨ ᠤ ᠳᠦᠷᠰᠦ ᠪᠠᠶᠢᠳᠠᠯ ᠢ ᠪᠠᠳᠠᠷᠠᠭᠤᠯᠵᠤ᠂ ᠪᠥᠬᠦ ᠲᠤᠭᠤᠷᠢᠭ ᠤᠨ ᠬᠤᠶᠢᠴᠢ | ᠦᠶ᠎ᠡ ᠶᠢᠨ ᠬᠢᠨ ᠪᠠᠨ ᠬᠠᠯᠠᠮᠵᠢᠯᠠᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠶ ᠭᠡᠵᠦ ᠵᠢᠠᠭᠠᠨ ᠭᠠᠷᠭᠠᠭᠰᠠᠨ ᠪᠠᠶᠢᠨ᠎ᠠ᠃ | ᠶᠦᠨ ᠰᠢᠶᠤᠤ ᠶᠠᠨ᠂ ᠨᠢᠭᠡ ᠳᠤ ᠡᠯ᠎ᠡ ᠲᠥᠷᠥᠯ ᠤᠨ ᠭᠤᠤᠯ ᠰᠡᠳᠦᠪᠲᠦ ᠬᠥᠮᠦᠵᠢᠯ ᠤᠨ ᠲᠣᠭᠤᠷᠢᠨ ᠳᠤ᠂ | ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠦᠭ ᠰᠦᠨᠡᠰᠦ ᠶᠢ ᠱᠤᠭᠤᠵᠤ | ᠬᠥᠮᠦᠨ ᠢ ᠬᠥᠮᠦᠵᠢᠭᠦᠯᠬᠦ ᠢᠨᠵᠧᠨᠧᠷᠢᠩ ᠢ ᠴᠢᠩᠭᠠᠳᠬᠠᠬᠤ ᠬᠡᠷᠡᠭᠲᠡᠶ᠃ ᠬᠤᠶᠠᠷ ᠲᠤ ᠬᠤᠪᠢᠰᠬᠠᠯᠲᠤ ᠤᠳᠤᠮᠰᠢᠯ ᠤᠨ | ᠢᠨᠵᠧᠨᠧᠷᠢᠩ ᠢ ᠤᠯᠠᠮᠵᠢᠯᠠᠨ ᠵᠠᠯᠭᠠᠮᠵᠢᠯᠠᠵᠤ᠂ ᠨᠡᠶᠢᠲᠡᠯᠢᠭ ᠰᠤᠷᠭᠠᠨ ᠬᠥᠮᠦᠵᠢᠯ ᠢᠶᠠᠷ ᠬᠥᠲᠥᠯᠥᠨ ᠳᠠᠭᠠᠭᠤᠯᠬᠤ ᠶᠢ | ᠴᠢᠬᠤᠯᠠᠴᠢᠯᠠᠬᠤ ᠬᠡᠷᠡᠭᠲᠡᠢ᠃ ᠵᠠᠯᠠᠭᠤᠴᠤᠳ ᠪᠠᠭᠠᠴᠤᠳ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠶᠢ | ᠪᠠᠶᠢᠩᠭᠤᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠪᠣᠯᠭᠠᠬᠤ ᠶᠢ ᠭᠦᠨᠵᠡᠭᠡᠢ ᠠᠬᠢᠭᠤᠯᠵᠤ᠂ ᠵᠠᠯᠠᠭᠤᠴᠤᠳ | ᠪᠠᠭᠠᠴᠤᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ | ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠪᠤᠶᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ | ᠰᠠᠶᠢᠲᠤᠷ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ ᠭᠤᠷᠪᠠ ᠳᠤ ᠬᠠᠤᠯᠢ ᠪᠠᠷ ᠵᠠᠰᠠᠬᠤ ᠬᠤᠷᠢᠭ᠎ᠠ ᠱᠤᠭᠤᠮ ᠤᠨ | ᠰᠡᠳᠬᠢᠬᠦᠢ ᠶᠢ ᠪᠤᠢ ᠪᠣᠯᠭᠠᠵᠤ᠂ ᠭᠤᠣᠯᠳᠠᠯᠭ᠎ᠠ ᠲᠠᠢ ᠬᠠᠮᠲᠤᠯᠢᠭ ᠢ ᠦᠷᠭᠦᠯᠵᠢᠯᠡᠨ ᠠᠩᠬᠠᠷᠬᠤ ᠬᠡᠷᠡᠭᠲᠡᠢ᠃ ᠲᠦᠷᠪᠡ ᠳᠤ | ︽ᠲᠠᠪᠤᠨ ᠠᠬᠠᠮᠠᠳ︾ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠰᠡᠳᠬᠢᠯ ᠲᠠᠯᠪᠢᠨ ᠬᠠᠶᠢᠷ᠎ᠠ | ᠰᠡᠳᠬᠢᠯᠭᠡ ᠲᠠᠢ ᠪᠠᠷ ᠦᠰᠦᠨ ᠪᠤᠶᠢᠵᠢᠯᠲᠠ ᠳᠤ ᠬᠦᠴᠦᠨ ᠨᠡᠮᠡᠷᠢᠯᠡᠬᠦ ᠬᠡᠷᠡᠭᠲᠡᠢ᠃ ᠭᠡᠷ ᠪᠦᠯᠢ ᠰᠤᠷᠭᠠᠭᠤᠯᠢ | ᠨᠡᠶᠢᠭᠡᠮ ᠤᠨ ᠬᠠᠮᠲᠤ ᠪᠠᠷ ᠪᠤᠶᠢᠵᠢᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ | ᠬᠦᠴᠦᠨ ᠢ ᠥᠷᠭᠡᠨ ᠢᠶᠠᠷ ᠲᠠᠶᠢᠴᠢᠯᠠᠨ ᠰᠤᠷᠤᠯᠭ᠎ᠠ ᠶᠢ ᠲᠡᠳᠬᠦᠬᠦ ᠠᠵᠢᠯᠯᠠᠭ᠎ᠠ ᠶᠢ ᠥᠷᠨᠢᠭᠦᠯᠬᠦ ᠬᠡᠷᠡᠭᠲᠡᠶ᠃ ᠲᠠᠪᠤ ᠳᠤ | ︽ᠲᠠᠪᠤᠨ ᠰᠠᠶᠢᠨᠲᠠᠶ︾ ᠬᠤᠶᠢᠴᠢ ᠦᠶ᠎ᠡᠶᠢᠨ ᠬᠢᠨ ᠪᠠᠨ ᠬᠠᠯᠠᠮᠵᠢᠯᠠᠬᠤ ᠠᠵᠢᠯ ᠤᠨ ᠵᠥᠪᠯᠡᠯ ᠢ ᠡᠭᠦᠳᠦᠨ ᠪᠠᠶᠢᠭᠤᠯᠬᠤ | ᠠᠵᠢᠯ ᠢ ᠭᠦᠨᠵᠡᠭᠡᠶᠢᠷᠡᠭᠦᠯᠵᠦ᠂ ᠡᠩᠨᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ | ᠴᠢᠬᠤᠯᠠᠴᠢᠯᠠᠭᠰᠠᠨ ᠪᠠᠶᠢᠨ᠎ᠠ᠃ | ᠬᠤᠷᠠᠯ ᠳᠡᠭᠡᠷ᠎ᠡ᠂ ᠲᠤᠭᠤᠷᠢᠭ ᠤᠨ ᠬᠤᠶᠢᠴᠢ ᠦᠶ᠎ᠡᠶᠢᠨ ᠬᠢᠨ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ | ᠠᠯᠪᠠᠨ ᠬᠡᠷ ᠤᠨ ᠡᠷᠬᠢᠯᠡᠭᠴᠢ ᠼᠠᠢ ᠶᠦᠩ ᠲᠤᠤ ︽ᠪᠥᠬᠦ ᠲᠤᠭᠤᠷᠢᠭ ᠤᠨ ︿ᠰᠢᠶᠠᠩ ᠶᠠᠩ ᠬᠤᠸᠠ﹀ ᠲᠠᠪᠤᠨ ᠠᠬᠠᠮᠠᠳ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠢ ᠤᠷᠢᠨ ᠲᠣᠮᠢᠯᠠᠬᠤ ᠲᠤᠬᠠᠶ ᠲᠣᠭᠲᠠᠭᠠᠯ︾ ᠢ ᠤᠩᠰᠢᠨ | ᠨᠡᠶᠢᠲᠡᠯᠡᠪᠡ᠃ 2024 ᠣᠨ ᠳᠤ᠂ ︽ᠲᠠᠪᠤᠨ ᠠᠬᠠᠮᠠᠳ︾ ᠤᠨ ᠤᠬᠠᠭᠤᠯᠤᠨ ᠲᠠᠶᠢᠯᠪᠤᠷᠢᠯᠠᠭᠴᠢ ᠶᠢᠨ ᠦᠢᠯᠡᠳᠦᠯ ᠢ | ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠲᠤᠭᠤᠷᠢᠭ ᠤᠨ ᠬᠤᠶᠢᠴᠢ ᠦᠶ᠎ᠡ ᠶᠢᠨ ᠬᠢᠨ ᠪᠠᠨ | ᠬᠠᠯᠠᠮᠵᠢᠯᠠᠬᠤ ᠠᠵᠢᠯ ᠤᠨ ᠵᠦᠪᠯᠡᠯ ᠤᠤᠯ ᠤᠨ ᠰᠠᠭᠤᠷᠢᠨ ᠳᠡᠭᠡᠷ᠎ᠡ ︽ᠲᠠᠪᠤᠨ ᠠᠬᠠᠮᠠᠳ︾ ᠤᠨ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠡᠩᠨᠡᠭᠡ ᠶᠢ ᠳᠠᠬᠢᠨᠲᠠ ᠲᠡᠭᠦᠯᠳᠡᠷᠵᠢᠭᠦᠯᠵᠦ᠂ 45 ᠠᠬᠠᠮᠠᠳ ᠨᠥᠬᠦᠷ ᠢ ᠴᠢᠩᠱᠠᠨ | ᠲᠣᠭᠤᠷᠢᠭ ᠤᠨ ︽ᠰᠢᠶᠠᠩ ᠶᠠᠩ ᠬᠤᠸᠠ︾ ᠲᠠᠪᠤᠨ ᠠᠬᠠᠮᠠᠳ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠭᠡᠰᠢᠭᠦᠨ ᠢᠶᠠᠷ ᠤᠷᠢᠨ ᠲᠣᠮᠢᠯᠠᠪᠠ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠠᠴᠠ ᠴᠢᠩᠱᠠᠨ ᠲᠣᠭᠤᠷᠢᠭ ᠤᠨ | ︽ᠰᠢᠶᠠᠩ ᠶᠠᠩ ᠬᠤᠸᠠ︾ ᠲᠠᠪᠤᠨ ᠠᠬᠠᠮᠠᠳ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠤ | ᠲᠥᠯᠥᠭᠡᠯᠡᠭᠴᠢᠳ ᠲᠤ ᠤᠷᠢᠯᠭ᠎ᠠ ᠶᠢᠨ ᠪᠢᠴᠢᠭ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠤᠨ ᠬᠦᠷᠭᠡᠭᠰᠡᠨ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠨᠣᠮ ᠪᠢᠴᠢᠭ ᠢ ᠭᠠᠷᠳᠠᠭᠤᠯᠵᠤ᠂ ᠬᠤᠳᠠ ᠶᠢᠨ | ᠱᠠᠲᠤᠨ ᠤ ᠬᠤᠶᠢᠴᠢ ᠦᠶ᠎ᠡ ᠶᠢᠨ ᠬᠢᠨ ᠪᠠᠨ ᠬᠠᠯᠠᠮᠵᠢᠯᠠᠬᠤ ᠵᠥᠪᠯᠡᠯ ᠤᠨ ︽ᠰᠢᠯᠢᠳᠡᠭ ᠴᠢᠮᠡᠭᠡᠯᠡᠭᠴᠢ︾ ᠳᠤ ᠢᠷᠠᠭᠤ | ᠠᠯᠳᠠᠷ ᠤᠨ ᠦᠨᠡᠮᠯᠡᠯ ᠣᠯᠭᠤᠪᠠ᠃ ᠴᠢᠩᠱᠠᠨ ᠲᠣᠭᠤᠷᠢᠭ ᠤᠨ ︽ᠰᠢᠶᠠᠩ ᠶᠠᠩ ᠬᠤᠸᠠ︾ ᠲᠠᠪᠤᠨ ᠠᠬᠠᠮᠠᠳ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠳᠡᠳ᠋ ᠳᠠᠷᠤᠭ᠎ᠠ ᠵᠠᠩ ᠶᠣᠣ ᠵᠦᠩ ᠣᠪᠣᠷ ᠢᠶᠠᠨ ᠢᠯᠡᠳᠬᠡᠬᠦ ᠦᠭᠡ | ᠬᠡᠯᠡᠪᠡ᠃ | | | | | | |