ᠤᠶᠢᠷ᠎ᠠ ᠶᠢᠨ ᠵᠢᠯ ᠤᠨ ᠲᠤᠷᠰᠢ᠂ ᠴᠢᠩᠱᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ | ︽ᠬᠤᠶᠠᠷ ᠢ ᠠᠰᠠᠭᠤᠬᠤ︾ ︽ᠬᠤᠶᠠᠷ ᠢ ᠴᠡᠪᠡᠷᠯᠡᠬᠦ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ | ᠠᠷᠠᠳ ᠤᠨ ᠠᠮᠢᠳᠤᠷᠠᠯ ᠤᠨ ᠠᠵᠢᠯ ᠢ ᠳᠤᠪᠤᠶᠢᠮ᠎ᠠ ᠪᠠᠢᠷᠢᠨ ᠳᠤ ᠲᠠᠯᠪᠢᠬᠤ ᠶᠢ ᠪᠠᠷᠢᠮᠲᠠᠯᠠᠵᠤ᠂ ᠵᠠᠬᠢᠳᠠᠯ | ᠰᠤᠷᠪᠤᠯᠵᠢᠯᠠᠭ᠎ᠠ ᠶᠢᠨ ᠠᠷᠭ᠎ᠠ ᠵᠠᠮ ᠢ ᠬᠦᠴᠦᠯᠡᠨ ᠨᠡᠪᠲᠡᠷᠡᠭᠦᠯᠵᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠵᠦ᠂ | ᠬᠡᠷᠡᠭ ᠶᠠᠪᠤᠳᠠᠯ ᠰᠡᠳᠭᠢᠯ ᠬᠤᠶᠠᠷ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠡᠳᠦᠢ ᠲᠡᠳᠦᠢ ᠲᠤᠷᠰᠢᠯᠭ᠎ᠠ ᠦᠷ᠎ᠡ | ᠪᠦᠲᠦᠮᠵᠢ ᠣᠯᠪᠠ᠃ | ᠨᠢᠭᠡ᠂ ︽ᠤᠳᠤᠷᠢᠳᠤᠯᠭ᠎ᠠ ᠰᠤᠷᠪᠤᠯᠵᠢᠯᠠᠭ᠎ᠠ ᠶᠢ ᠬᠦᠯᠢᠶᠡᠨᠠᠪᠬᠤ + ᠰᠦᠯᠵᠢᠶᠡᠨ ᠳᠡᠭᠡᠷᠡᠬᠢ ᠹᠧᠩ ᠴᠢᠶᠣᠤ︾ | ᠠᠷᠠᠳ ᠤᠨ ᠠᠮᠢᠳᠤᠷᠠᠯ ᠳᠤ ᠲᠥᠪᠯᠡᠷᠡᠭᠦᠯᠦᠨ ᠠᠷᠭ᠎ᠠ ᠵᠠᠮ ᠢ ᠰᠠᠭᠠᠳ ᠦᠭᠡᠢ ᠨᠡᠪᠲᠠᠷᠡᠭᠦᠯᠦᠨᠡ | ᠴᠢᠩᠱᠠᠨ ᠲᠣᠭᠤᠷᠢᠭ ᠤᠨ ᠤᠳᠤᠷᠢᠳᠬᠤ ᠺᠠᠳ᠋ᠷ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠭ᠎ᠠ ᠶᠢ | ᠬᠦᠯᠢᠶᠡᠨ ᠠᠪᠬᠤ ᠶᠢ ᠭᠦᠨᠵᠡᠭᠡᠢ ᠥᠷᠨᠢᠭᠦᠯᠵᠦ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢᠨ ᠲᠠᠪᠴᠠᠩ ᠢ | ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠤᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠨᠤᠰᠦᠨᠠ᠃ | ᠨᠢᠭᠡ ᠳᠤ ᠤᠳᠤᠷᠢᠳᠬᠤ ᠺᠠᠳ᠋ᠷ ᠬᠡᠷᠡᠭ ᠢ ᠳᠠᠭᠠᠭᠠᠴᠢᠯᠠᠬᠤ᠂ ᠰᠤᠷᠪᠤᠯᠵᠢᠯᠠᠭ᠎ᠠ ᠶᠢ ᠬᠦᠯᠢᠶᠡᠨ ᠠᠪᠬᠤ᠂ | ᠳᠣᠷᠣᠭᠰᠢ ᠪᠠᠭᠤᠵᠤ ᠰᠤᠷᠪᠤᠯᠵᠢᠯᠠᠬᠤ ᠶᠢ ᠴᠢᠨᠠᠷᠵᠢᠭᠤᠯᠤᠨ ᠠᠵᠢᠯᠯᠠᠭᠤᠯᠤᠨ᠎ᠠ᠃ ᠥᠨᠳᠥᠷ ᠲᠦᠪᠰᠢᠨ ᠢᠶᠠᠷ | ᠠᠬᠢᠭᠤᠯᠬᠤ᠂ ᠰᠥᠷᠦᠨ ᠠᠬᠢᠭᠤᠯᠬᠤ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ | ᠰᠤᠷᠪᠤᠯᠵᠢᠯᠠᠭ᠎ᠠ ᠶᠢ ᠭᠥᠯᠢᠶᠡᠨ ᠠᠪᠬᠤ ︽ᠭᠤᠷᠪᠠ ᠶᠢ ᠵᠣᠯᠭᠠᠭᠤᠯᠬᠤ︾᠂ ᠳᠣᠷᠣᠭᠰᠢ ᠪᠠᠭᠤᠵᠤ ︽ᠲᠠᠪᠤᠨ ᠵᠠᠪᠠᠯ | ᠰᠤᠷᠪᠤᠯᠵᠢᠯᠠᠬᠤ︾᠂ ᠬᠡᠷᠡᠭ ᠢ ᠳᠠᠭᠠᠭᠠᠴᠢᠯᠠᠬᠤ ︽ᠭᠤᠷᠪᠠᠨ ᠡᠷᠬᠡᠪᠰᠢ︾ ᠪᠠ ︽ᠲᠠᠪᠤ ᠶᠢ ᠳᠠᠭᠠᠭᠠᠴᠢᠯᠠᠬᠤ︾ | ᠬᠠᠷᠢᠭᠤᠴᠠᠯᠭ᠎ᠠ ᠶᠢ ᠴᠢᠩᠭ᠎ᠠ ᠬᠡᠷᠡᠭᠵᠢᠭᠦᠯᠦᠨ᠎ᠡ᠃ ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ | ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠰᠤᠷᠪᠤᠯᠵᠢᠯᠠᠭ᠎ᠠ ᠶᠢ ᠭᠥᠯᠢᠶᠡᠨ ᠠᠪᠬᠤ | ᠤᠳᠤᠷᠢᠳᠤᠯᠭ᠎ᠠ ᠶᠢᠨ ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠵᠦ᠂ ᠰᠤᠷᠪᠤᠯᠵᠢᠯᠠᠬᠤ ᠪᠠᠷ ᠢᠷᠡᠭᠰᠡᠨ ᠣᠯᠠᠨ | ᠲᠦᠮᠡᠨ ᠰᠤᠷᠪᠤᠯᠵᠢᠯᠠᠬᠤ ᠡᠳᠦᠷ ᠬᠤᠭᠤᠴᠠᠭ᠎ᠠ ᠶᠢ ᠥᠪᠡᠰᠦᠪᠡᠨ ᠰᠤᠩᠭᠤᠨ᠎ᠠ᠃ ᠲᠤᠭᠤᠷᠢᠭ ᠤᠨ ᠵᠠᠬᠢᠳᠠᠯ | ᠰᠤᠷᠪᠤᠯᠵᠢᠯᠠᠭ᠎ᠠ ᠶᠢᠨ ᠲᠣᠪᠴᠢᠶ᠎ᠠ ᠬᠡᠷᠡᠭᠴᠡᠭᠡ ᠪᠠᠨ ᠦᠨᠳᠦᠰᠦᠯᠡᠨ᠂ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠶᠢᠨ | ᠬᠠᠷᠢᠭᠤᠴᠠᠯᠭᠠᠲᠠᠨ ᠳᠤ ᠮᠡᠳᠡᠭᠳᠡᠵᠦ ᠰᠤᠷᠪᠤᠯᠵᠢᠯᠠᠭ᠎ᠠ ᠶᠢ ᠭᠥᠯᠢᠶᠡᠨ ᠠᠪᠬᠤ ᠳᠤ ᠣᠷᠣᠯᠴᠠᠭᠤᠯᠤᠨ᠎ᠠ᠃ ᠲᠤᠬᠠᠶ ᠶᠢᠨ | ᠭᠠᠵᠠᠷ ᠲᠤᠨᠢ ᠰᠢᠢᠳᠪᠦᠷᠢᠯᠡᠵᠦ ᠳᠡᠶᠢᠯᠬᠦ ᠠᠰᠠᠭᠤᠳᠠᠯ ᠢ ᠲᠡᠷᠡ ᠳᠠᠷᠤᠶ ᠳᠤᠨᠢ ᠰᠢᠢᠳᠪᠦᠷᠢᠯᠡᠵᠦ᠂ ᠲᠤᠬᠠᠶ ᠶᠢᠨ | ᠭᠠᠵᠠᠷ ᠲᠤᠨᠢ ᠰᠢᠢᠳᠪᠦᠷᠢᠯᠡᠬᠦ ᠶᠢᠨ ᠠᠷᠭ᠎ᠠ ᠥᠬᠡᠶ ᠨᠢ ᠬᠠᠷᠢᠭᠤᠴᠠᠯᠭ᠎ᠠ ᠲᠠᠢ ᠨᠢᠭᠡᠴᠡ ᠳᠤ ᠲᠤᠰᠢᠶᠠᠨ ᠥᠭᠴᠦ | ᠰᠢᠢᠳᠪᠦᠷᠢᠯᠡᠭᠦᠯᠵᠦ᠂ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠠᠴᠠ ᠮᠥᠷᠳᠡᠨ ᠱᠠᠯᠠᠪᠳᠠᠭᠤᠯᠤᠨ | ᠰᠢᠢᠳᠪᠦᠷᠢᠯᠡᠭᠦᠯᠵᠦ᠂ ᠬᠤᠭᠤᠴᠠᠭ᠎ᠠ ᠬᠢᠵᠠᠭᠠᠷᠯᠠᠨ ᠵᠠᠬᠢᠳᠠᠯ ᠰᠤᠷᠪᠤᠯᠵᠢᠯᠠᠭ᠎ᠠ ᠶᠢᠨ ᠤᠯᠠᠨ ᠲᠦᠮᠡᠨ ᠳᠤ ᠬᠠᠷᠢᠭᠤ | ᠲᠤᠰᠬᠠᠨ᠎ᠠ᠃ ᠣᠲᠣ ᠪᠣᠯᠲᠠᠯ᠎ᠠ᠂ ᠲᠤᠭᠤᠷᠢᠭ ᠤᠨ ᠱᠠᠲᠤᠨ ᠤ ᠤᠳᠤᠷᠢᠳᠤᠯᠭ᠎ᠠ ᠵᠠᠬᠢᠳᠠᠯ ᠰᠤᠷᠪᠤᠯᠵᠢᠯᠠᠭ᠎ᠠ ᠶᠢᠨ ᠣᠯᠠᠨ | ᠲᠦᠮᠡᠨ ᠢ 37 ᠪᠦᠯᠦᠭ 189 ᠬᠥᠮᠦᠨ ᠤᠳᠠᠭ᠎ᠠ ᠭᠥᠯᠢᠶᠡᠨ ᠠᠪᠴᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ | 37 ᠬᠤᠪᠢ ᠰᠤᠳᠤᠯᠵᠤ᠂ ᠦᠷᠭᠦᠯᠵᠢᠯᠡᠨ 23 ᠬᠤᠪᠢ ᠶᠢ ᠨᠢ ᠮᠥᠷᠳᠡᠨ ᠱᠠᠯᠠᠪᠳᠠᠭᠤᠯᠤᠨ ᠰᠢᠢᠳᠪᠦᠷᠢᠯᠡᠵᠦ᠂ 11 | ᠬᠤᠪᠢ ᠶᠢ ᠨᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ᠂ 3 ᠬᠤᠪᠢ ᠶᠢ ᠨᠢ ᠰᠢᠢᠳᠪᠦᠷᠢᠯᠡᠪᠡ᠃ | ᠡᠭᠦᠨ ᠳᠤ ᠭᠤᠤᠯ ᠤᠳᠤᠷᠢᠳᠤᠯᠭ᠎ᠠ ᠵᠠᠬᠢᠳᠠᠯ ᠰᠤᠷᠪᠤᠯᠵᠢᠯᠠᠯ ᠤᠨ ᠣᠯᠠᠨ ᠲᠦᠮᠡᠨ ᠢ 5 ᠪᠦᠯᠦᠭ 9 ᠬᠥᠮᠦᠨ | ᠤᠳᠠᠭ᠎ᠠ ᠬᠦᠯᠢᠶᠡᠨ ᠠᠪᠴᠤ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ 5 ᠬᠤᠪᠢ ᠰᠤᠳᠤᠯᠵᠤ᠂ ᠨᠢᠭᠡ ᠪᠦᠯᠦᠭ | ᠭᠤᠤᠯᠳᠠᠯᠭ᠎ᠠ ᠲᠠᠢ ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠯ ᠤᠨ ᠵᠦᠢᠯᠡᠰ ᠢ ᠪᠦᠲᠦᠮᠵᠢᠲᠡᠶ ᠠᠬᠢᠭᠤᠯᠵᠤ | ᠠᠷᠢᠯᠭᠠᠪᠠ᠃ | ᠬᠤᠶᠠᠷ ᠲᠤ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢ ᠰᠢᠢᠳᠪᠦᠷᠢᠯᠡᠬᠦ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠴᠢᠩᠱᠠᠨ ᠲᠣᠭᠤᠷᠢᠭ ᠤᠨ ︽ᠢᠨᠲ᠋ᠧᠷ ᠰᠦᠯᠵᠢᠶᠡᠨ ᠤ | ᠵᠠᠬᠢᠳᠠᠯ ᠰᠤᠷᠪᠤᠯᠵᠢᠯᠠᠭ᠎ᠠ︾ ᠶᠢᠨ ᠭᠦᠨᠵᠡᠭᠡᠢ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠰᠦᠯᠵᠢᠶᠡᠨ ᠳᠡᠭᠡᠷᠡᠬᠢ | ᠵᠠᠬᠢᠳᠠᠯ ᠰᠤᠷᠪᠤᠯᠵᠢᠯᠠᠭ᠎ᠠ ᠶᠢᠨ ᠲᠠᠪᠴᠠᠩ ᠤᠨ ᠤᠶᠤᠨᠴᠢᠯᠠᠭᠰᠠᠨ᠂ ᠳᠥᠭᠦᠮᠴᠢᠯᠡᠭᠰᠡᠨ᠂ ᠥᠪᠡᠷᠮᠢᠴᠡᠵᠢᠭᠰᠡᠨ | ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ ᠤᠨ | ᠲᠣᠭᠲᠠᠴᠠ ᠶᠢ ᠪᠦᠷᠢᠨᠰᠢᠬᠦᠯᠵᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ ᠲᠣᠭᠠᠴᠢᠬᠤ | ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠪᠠ ᠵᠢᠷᠤᠮᠵᠢᠭᠤᠯᠵᠤ᠂ ᠰᠦᠯᠵᠢᠶᠡᠨ ᠳᠡᠭᠡᠷᠡᠬᠢ ᠵᠠᠬᠢᠳᠠᠯ | ᠰᠤᠷᠪᠤᠯᠵᠢᠯᠠᠭ᠎ᠠ ᠶᠢᠨ ᠭᠤᠮᠣᠳᠠᠯ ᠲᠣᠭᠠᠴᠢᠯᠲᠠ᠂ ᠰᠠᠯᠠᠭ᠎ᠠ ᠮᠥᠴᠢᠷ ᠤᠨ ᠰᠢᠢᠳᠪᠦᠷᠢᠯᠡᠬᠦ᠂ ᠤᠯᠠᠨ ᠲᠦᠮᠡᠨ ᠤ | ᠦᠨᠡᠯᠡᠯᠲᠡ᠂ ᠪᠦᠬᠦ ᠶᠠᠪᠤᠴᠠ ᠳᠤ ᠬᠢᠨᠠᠯᠲᠠ ᠲᠠᠯᠪᠢᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠶᠠᠪᠤᠴᠠ ᠶᠢᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ | ᠣᠳᠣᠬᠠᠨ ᠪᠣᠯᠲᠠᠯ᠎ᠠ᠂ ᠪᠥᠬᠦ ᠵᠢᠯ ᠳᠤ ᠣᠯᠠᠨ ᠲᠦᠮᠡᠨ ᠤ ᠰᠦᠯᠵᠢᠶᠡᠨ ᠳᠡᠭᠡᠷ᠎ᠡ ᠵᠠᠭᠠᠯᠳᠤᠭᠰᠠᠨ 195 ᠬᠡᠷᠡᠭ᠂ | ᠰᠦᠯᠵᠢᠶᠡᠨ ᠳᠡᠭᠡᠷ᠎ᠡ 23 ᠬᠠᠭᠤᠳᠠᠰᠦ ᠵᠠᠬᠢᠳᠠᠯ ᠢ ᠬᠦᠯᠢᠶᠡᠨ ᠠᠪᠴᠠᠢ᠃ ᠲᠤᠭᠤᠷᠢᠭ ᠤᠨ ᠬᠠᠷᠢᠭᠤᠴᠠᠯᠭᠠᠲᠤ | ᠰᠠᠯᠠᠭ᠎ᠠ ᠮᠥᠴᠢᠷ᠂ ᠨᠢᠭᠡᠴᠡ ᠶᠢᠨ ᠴᠠᠭ ᠲᠤᠬᠠᠶ ᠳᠤᠨᠢ ᠬᠦᠯᠢᠶᠡᠨ ᠠᠪᠴᠤ ᠰᠢᠢᠳᠪᠦᠷᠢᠯᠡᠬᠦ ᠨᠣᠷᠮ᠎ᠠ᠂ ᠬᠤᠭᠤᠴᠠᠭ᠎ᠠ | ᠶᠣᠰᠣᠭᠠᠷ ᠭᠦᠢᠴᠡᠳᠬᠡᠨ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ ᠴᠥᠮ 100% ᠪᠣᠯᠤᠨ᠎ᠠ᠃ | ᠬᠠᠷᠢᠭᠤᠴᠠᠯᠭᠠᠲᠤ ᠨᠢᠭᠡᠴᠡ ᠶᠢᠨ ᠣᠯᠠᠨ ᠲᠦᠮᠡᠨ ᠤ ᠬᠠᠨᠤᠮᠵᠢ ᠶᠢᠨ ᠨᠣᠷᠮ᠎ᠠ 100% ᠳᠤ ᠬᠦᠷᠪᠡ︔ ᠠᠩᠬ᠎ᠠ | ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢ ᠨᠢᠭᠡ ᠯᠡ ᠤᠳᠠᠭ᠎ᠠ ᠳᠤ ᠰᠢᠢᠳᠪᠦᠷᠢᠯᠡᠭᠰᠡᠨ ᠨᠣᠷᠮ᠎ᠠ 93.64% ᠪᠣᠯᠪᠠ᠃ | ᠬᠤᠶᠠᠷ᠂ ︽ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ + ᠵᠠᠬᠢᠳᠠᠯ ᠰᠤᠷᠪᠤᠯᠵᠢᠯᠠᠭ᠎ᠠ ᠶᠢ ᠣᠷᠣᠯᠠᠨ | ᠭᠦᠢᠴᠡᠳᠬᠡᠬᠦ ︾᠂ ᠵᠥᠷᠢᠴᠡᠯ ᠢ ᠨᠠᠮᠳᠠᠭᠤᠯᠵᠤ ᠠᠰᠠᠭᠤᠳᠠᠯ ᠢ ᠰᠢᠢᠳᠪᠦᠷᠢᠯᠡᠨ᠎ᠡ | ᠨᠢᠭᠡ ᠳᠤ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠶᠢ ᠴᠢᠩᠭᠠᠳᠬᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ | ᠠᠰᠢᠭ ᠲᠤᠰᠠ ᠶᠢ ᠬᠠᠮᠠᠭᠠᠯᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠭᠤᠷᠪᠠᠨ ᠱᠠᠲᠤᠨ ᠤ ︽ᠵᠦᠷᠢᠴᠡᠯ ᠢ ᠰᠢᠢᠳᠪᠦᠷᠢᠯᠡᠬᠦ ᠲᠦᠪ︾ | ᠤᠨ ᠨᠢᠭᠡ ᠥᠷᠲᠡᠭᠡ ᠮᠠᠶ᠋ᠢᠭ ᠤᠨ ᠡᠶᠡᠳᠡᠭᠦᠯᠦᠨ ᠰᠢᠢᠳᠪᠦᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠳᠠᠲᠤ | ᠴᠣᠭᠴᠠ ᠶᠢᠨ ᠠᠵᠢᠯᠯᠠᠭᠠᠨ ᠢ ᠭᠦᠨᠵᠡᠭᠡᠢ ᠠᠬᠢᠭᠤᠯᠵᠤ᠂ ᠨᠢᠭᠡ ᠥᠷᠲᠡᠭᠡ ᠮᠠᠶ᠋ᠢᠭ ᠤᠨ ᠬᠦᠯᠢᠶᠡᠨ ᠠᠪᠬᠤ᠂ ᠪᠦᠬᠦᠨ ᠢ | ᠵᠣᠬᠢᠴᠠᠭᠤᠯᠤᠨ ᠰᠢᠢᠳᠪᠦᠷᠢᠯᠡᠬᠦ᠂ ᠪᠦᠬᠦ ᠬᠡᠯᠬᠢᠶ᠎ᠡ ᠪᠠᠷ ᠰᠢᠢᠳᠪᠦᠷᠢᠯᠡᠬᠦ ᠶᠢ ᠪᠡᠶᠡᠯᠡᠭᠦᠯᠵᠦ᠂ ︽ᠪᠠᠭ᠎ᠠ ᠶᠠᠪᠤᠳᠠᠯ ᠢ ᠨᠡᠶᠢᠭᠡᠮ | ᠲᠣᠭᠤᠷᠢᠭ ︵ᠲᠣᠰᠬᠤᠨ︶ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠵᠡᠭᠡᠯᠢ ᠪᠠᠯᠭᠠᠰᠤ ᠠᠴᠠ ᠭᠠᠷᠭᠠᠬᠤ ᠦᠭᠡᠢ᠂ | ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃ | ᠬᠤᠶᠠᠷ ᠲᠤ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ︽ᠴᠢᠩᠱᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠦᠷᠢᠮ ᠤᠨ ᠬᠡᠷᠡᠭᠵᠢᠭᠦᠯᠬᠦ | ᠲᠥᠰᠦᠯ︾ ᠢ ᠵᠠᠰᠠᠨ ᠲᠡᠭᠦᠯᠳᠡᠷᠵᠢᠭᠦᠯᠵᠦ᠂ 10 ᠵᠡᠭᠡᠯᠢ ᠪᠠᠯᠭᠠᠰᠤᠨ ᠳᠤ ᠭᠦᠨᠵᠡᠭᠡᠢ ᠠᠬᠢᠭᠤᠯᠤᠨ ᠥᠷᠨᠢᠭᠦᠯᠦᠭᠰᠡᠨ | ᠰᠠᠭᠤᠷᠢᠨ ᠳᠡᠭᠡᠷ᠎ᠡ᠂ ᠰᠠᠯᠠᠭ᠎ᠠ ᠮᠥᠴᠢᠷ ᠨᠢᠭᠡᠴᠡ ᠶᠢᠨ ᠯᠠᠪᠳᠠᠭᠤᠨ ᠪᠠᠲᠤᠲᠠᠢ ᠥᠷᠨᠢᠬᠦ ᠶᠢ ᠪᠦᠬᠦ ᠲᠠᠯ᠎ᠠ ᠪᠠᠷ | ᠠᠬᠢᠭᠤᠯᠤᠨ᠎ᠠ᠃ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠲᠣᠬᠢᠷᠠᠭᠤᠯᠵᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ | ᠲᠦᠷᠦᠭᠦᠯᠡᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠨᠠᠷᠢᠨ ᠨᠢᠮᠪᠠᠢ ᠰᠠᠶᠢᠲᠤᠷ ᠪᠠᠶᠢᠷᠢᠯᠠᠭᠤᠯᠵᠤ᠂ ᠲᠣᠣᠷ ᠢ | ᠨᠢᠭᠲᠠ ᠰᠦᠯᠵᠢᠵᠦ᠂ ᠡᠬᠢ ᠡᠭᠦᠰᠦᠯ ᠠᠴᠠ ᠨᠢ ᠡᠵᠡᠮᠳᠡᠵᠦ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ | ︽ᠬᠤᠣᠰ ᠵᠠᠭᠤᠨ︾ ᠤ ᠢᠨᠵᠧᠨᠧᠷᠢᠩ ᠢ ᠢᠳᠡᠪᠬᠢᠲᠡᠢ ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ | ᠭᠦᠢᠴᠡᠳᠬᠡᠬᠦ ᠠᠵᠢᠯ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠬᠢᠯᠠᠰ ᠴᠡᠭ ᠭᠠᠷᠭᠠᠨ᠎ᠠ᠃ ᠴᠢᠩᠱᠠᠨ | ᠲᠣᠭᠤᠷᠢᠭ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠲᠣᠭᠤᠷᠢᠭ᠂ ᠵᠡᠭᠡᠯᠢ ᠪᠠᠯᠭᠠᠰᠤ᠂ ᠨᠡᠶᠢᠭᠡᠮ ᠲᠣᠭᠤᠷᠢᠭ ︵ᠲᠣᠰᠬᠤᠨ︶ ᠭᠤᠷᠪᠠᠨ ᠱᠠᠲᠤᠨ ᠤ ᠵᠠᠬᠢᠳᠠᠯ | ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠨᠡᠶᠢᠳᠡ 372 ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠣᠷᠣᠯᠠᠨ ᠭᠦᠢᠴᠡᠳᠬᠡᠵᠦ᠂ 317 ᠬᠡᠷᠡᠭ ᠢ ᠰᠢᠢᠳᠪᠦᠷᠢᠯᠡᠵᠦ᠂ ᠤᠳᠤ ᠪᠣᠯᠲᠠᠯ᠎ᠠ | 289 ᠬᠡᠷᠡᠭ ᠢ ᠰᠢᠢᠳᠪᠦᠷᠢᠯᠡᠵᠦ ᠳᠠᠭᠤᠰᠬᠠᠪᠠ᠃ | ᠭᠤᠷᠪᠠ᠂ ︽ᠡᠬᠢ ᠡᠭᠦᠰᠦᠯ ᠠᠴᠠ ᠨᠢ ᠵᠠᠰᠠᠬᠤ + ᠬᠠᠤᠯᠢ ᠪᠠᠷ ᠵᠠᠰᠠᠬᠤ ᠤᠬᠠᠭᠤᠯᠭ᠎ᠠ︾ ᠶᠢ ᠨᠡᠪᠲᠡᠷᠡᠭᠦᠯᠵᠦ᠂ | ᠲᠦᠭᠵᠢᠷᠡᠯ ᠢ ᠨᠡᠪᠲᠡᠷᠡᠭᠦᠯᠦᠨ᠎ᠡ | ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ᠂ ᠴᠢᠩᠱᠠᠨ | ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠢᠮᠠᠭᠲᠠ ᠵᠥᠷᠢᠴᠡᠯ ᠢ ᠠᠷᠢᠯᠭᠠᠬᠤ᠂ ᠡᠶ᠎ᠡ ᠵᠣᠬᠢᠴᠠᠯ ᠢ | ᠠᠬᠢᠭᠤᠯᠬᠤ ᠶᠢ ᠠᠵᠢᠯ ᠤᠨ ᠬᠠᠷᠠᠯᠲᠠ ᠪᠣᠯᠭᠠᠵᠤ᠂ ︽ᠬᠡᠷᠡᠭ ᠶᠠᠪᠤᠳᠠᠯ ᠤᠨ ᠰᠡᠳᠬᠢᠯ ᠤᠨ ᠬᠤᠶᠠᠷ ᠢ ᠰᠢᠢᠳᠪᠦᠷᠢᠯᠡᠬᠦ︾ | ᠶᠢ ᠬᠦᠴᠦᠯᠡᠨ ᠠᠬᠢᠭᠤᠯᠪᠠ᠃ | ᠨᠢᠭᠡ ᠳᠤ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠎ᠠ᠃ ᠶᠡᠬᠡᠪᠡᠷ ᠰᠤᠷᠪᠤᠯᠵᠢᠯᠠᠬᠤ᠂ ᠶᠡᠬᠡᠪᠡᠷ | ᠵᠢᠭᠰᠠᠭᠠᠨ ᠪᠠᠶᠢᠴᠠᠭᠠᠬᠤ᠂ ᠶᠡᠬᠡᠪᠡᠷ ᠠᠷᠢᠯᠭᠠᠬᠤ ᠪᠠ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ | ᠡᠭᠦᠰᠦᠯ ᠠᠴᠠ ᠨᠢ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ | ᠥᠷᠨᠢᠭᠦᠯᠦᠨ᠎ᠡ᠃ ᠵᠥᠷᠢᠴᠡᠯ ᠵᠢᠭᠤᠷᠠᠯᠳᠤᠭᠠᠨ ᠤ ᠳᠠᠯᠳᠠ ᠬᠡᠮ ᠢ ᠡᠬᠢ ᠡᠭᠦᠰᠦᠯ ᠠᠴᠠ ᠨᠢ ᠵᠢᠭᠰᠠᠭᠠᠨ ᠪᠠᠶᠢᠴᠠᠭᠠᠵᠤ | ᠠᠷᠢᠯᠭᠠᠬᠤ ᠶᠢ ᠪᠣᠳᠠᠲᠠᠶ ᠠᠳᠬᠤᠵᠤ᠂ ᠵᠡᠭᠡᠯᠢ ︵ᠪᠠᠯᠭᠠᠰᠤ︶ ᠭᠠᠷᠠᠭ ᠪᠦᠷᠢ ᠨᠢᠭᠡ ᠤᠳᠠᠭ᠎ᠠ ᠵᠢᠭᠰᠠᠭᠠᠨ ᠪᠠᠶᠢᠴᠠᠭᠠᠵᠤ᠂ | ᠨᠡᠶᠢᠭᠡᠮ ᠲᠣᠭᠤᠷᠢᠭ ︵ᠲᠣᠰᠬᠤᠨ︶ ᠵᠢᠴᠢ ᠠᠵᠢᠯᠲᠠᠨ ᠡᠳᠦᠷ ᠪᠦᠷᠢ ᠵᠢᠭᠰᠠᠭᠠᠨ ᠪᠠᠶᠢᠴᠠᠭᠠᠵᠤ᠂ ᠠᠷᠠᠳ ᠤᠨ ᠪᠠᠶᠢᠳᠠᠯ ᠢ | ᠲᠣᠳᠣᠷᠬᠠᠶ ᠣᠶᠢᠯᠠᠭᠠᠵᠤ᠂ ᠬᠡᠮ ᠰᠣᠭᠤᠭ ᠢ ᠵᠠᠳᠠᠯᠵᠤ᠂ ᠵᠥᠷᠢᠴᠡᠯ ᠢ ᠠᠷᠢᠯᠭᠠᠨ᠎ᠠ︔ ᠰᠤᠷᠪᠤᠯᠵᠢᠯᠠᠨ ᠪᠠᠶᠢᠴᠠᠭᠠᠵᠤ | ᠵᠢᠭᠰᠠᠭᠠᠨ ᠪᠠᠶᠢᠴᠠᠭᠠᠬᠤ ᠤᠳᠠᠭ᠎ᠠ ᠶᠢ ᠨᠢᠭᠲᠠᠯᠠᠵᠤ᠂ ᠰᠤᠷᠪᠤᠯᠵᠢᠯᠠᠭ᠎ᠠ ᠳᠤ ᠬᠤᠯᠪᠣᠭᠳᠠᠭᠰᠠᠨ ᠬᠥᠮᠥᠰ ᠤᠨ | ᠬᠠᠨᠳᠤᠰᠢ ᠶᠢ ᠲᠡᠷᠡ ᠳᠠᠷᠤᠢ ᠳᠤᠨᠢ ᠡᠵᠡᠮᠰᠢᠵᠦ᠂ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠵᠦ᠂ ᠵᠠᠷᠯᠠᠨ | ᠮᠡᠳᠡᠭᠳᠡᠵᠦ᠂ ᠰᠢᠢᠳᠪᠦᠷᠢᠯᠡᠵᠦ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠶᠤᠯ ᠲᠦᠭᠰᠢᠭᠦᠷᠢ ᠶᠢᠨ ᠬᠡᠮ ᠰᠣᠭᠤᠭ ᠢ | ︽ᠨᠡᠮᠡᠭᠳᠡᠯ ᠢ ᠡᠵᠡᠮᠳᠡᠬᠦ᠂ ᠬᠠᠰᠤᠯᠲᠠ ᠬᠤᠪᠢᠷᠠᠯᠲᠠ ᠶᠢ ᠰᠡᠷᠭᠡᠶᠢᠯᠡᠬᠦ︾ ᠨᠠᠷᠢᠨ ᠲᠠᠩᠰᠠ ᠶᠢᠨ ᠬᠥᠳᠡᠯᠦᠩᠭᠦᠢ | ᠬᠠᠮᠢᠶᠠᠷᠤᠯᠲᠠ ᠳᠤ ᠣᠷᠣᠭᠤᠯᠵᠤ᠂ ᠰᠢᠢᠳᠪᠦᠷᠢᠯᠡᠬᠦ ᠠᠵᠢᠯ ᠢ ᠲᠥᠷᠥᠯ ᠬᠤᠪᠢᠶᠠᠨ ᠰᠠᠶᠢᠲᠤᠷ ᠬᠢᠨ᠎ᠡ᠃ | ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠲᠤ᠂ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ | ᠲᠣᠪᠴᠢᠶ᠎ᠠ ᠲᠤᠰᠬᠠᠢ ᠬᠥᠮᠥᠨ ᠲᠣᠮᠢᠯᠠᠨ ᠬᠠᠷᠢᠭᠤᠴᠠᠭᠤᠯᠵᠤ᠂ ᠰᠢᠢᠳᠪᠦᠷᠢᠯᠡᠭᠰᠡᠨ ᠰᠠᠨᠠᠯ ᠢ ᠨᠠᠶᠢᠳᠠᠪᠤᠷᠢᠵᠢᠭᠤᠯᠤᠭᠰᠠᠨ | ᠠᠬᠢᠴᠠ᠂ ᠣᠷᠣᠰᠢᠵᠤ ᠪᠠᠶᠢᠭ᠎ᠠ ᠠᠰᠠᠭᠤᠳᠠᠯ᠂ ᠰᠤᠷᠪᠤᠯᠵᠢᠯᠠᠨ ᠪᠠᠶᠢᠴᠠᠭᠠᠭᠰᠠᠨ ᠪᠠᠶᠢᠳᠠᠯ ᠵᠡᠷᠭᠡ ᠬᠠᠮᠢᠶ᠎ᠠ ᠪᠦᠬᠦᠢ | ᠪᠠᠶᠢᠳᠠᠯ ᠢ ᠴᠠᠭ ᠲᠤᠬᠠᠢ ᠳᠤᠨᠢ ᠡᠵᠡᠮᠰᠢᠭᠦᠯᠵᠦ᠂ ᠲᠦᠭᠵᠢᠷᠡᠯ ᠢ ᠴᠠᠭ ᠲᠤᠬᠠᠢ ᠳᠤᠨᠢ ᠡᠷᠢᠨ ᠣᠯᠵᠤ᠂ ᠵᠠᠬᠢᠳᠠᠯ | ᠰᠣᠷᠪᠤᠯᠵᠢᠯᠠᠭ᠎ᠠ ᠶᠢᠨ ᠬᠥᠮᠥᠰ ᠤᠨ ᠣᠶᠢᠯᠠᠭᠠᠯᠲᠠ ᠪᠠ ᠳᠡᠮᠵᠢᠯᠭᠡ ᠶᠢ ᠣᠯᠵᠤ᠂ ᠵᠠᠬᠢᠳᠠᠯ ᠰᠣᠷᠪᠤᠯᠵᠢᠯᠠᠭ᠎ᠠ ᠶᠢᠨ | ᠵᠦᠢᠯᠡᠰ ᠤᠨ ︽ᠤᠴᠢᠷ ᠶᠠᠪᠤᠳᠠᠯ ᠤᠨ ᠰᠡᠳᠬᠢᠯ ᠢ ᠬᠤᠣᠰᠯᠠᠭᠤᠯᠬᠤ︾ ᠶᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠨ᠎ᠡ᠃ | ᠬᠤᠶᠠᠷ ᠲᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ︽ᠨᠠᠮ ᠤᠨ ᠪᠠᠶᠢᠭᠤᠯᠤᠯᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠱᠦᠵᠢ ᠶᠢᠨ ᠳᠠᠭᠠᠭᠤᠯᠤᠨ ᠡᠷᠭᠢᠯᠡᠭᠰᠡᠨ ᠲᠥᠷᠥᠯ ᠵᠦᠢᠯ︾ ᠢᠶᠠᠷ ᠭᠠᠷᠳᠠᠴᠠ ᠪᠣᠯᠭᠠᠵᠤ᠂ ᠵᠠᠬᠢᠳᠠᠯ | ᠰᠤᠷᠪᠤᠯᠵᠢᠯᠠᠭ᠎ᠠ ᠶᠢᠨ ᠰᠢᠭᠤᠳ ᠨᠡᠪᠲᠡᠷᠡᠭᠦᠯᠭᠡ ᠶᠢᠨ ᠲᠠᠪᠴᠠᠩ ᠢ ᠪᠠᠶᠢᠭᠤᠯᠵᠤ᠂ ᠰᠦᠯᠵᠢᠶᠡᠨ ᠤ ᠲᠠᠪᠴᠠᠩ ᠢ | ᠨᠠᠮ ᠤᠨ ᠭᠡᠰᠢᠭᠦᠨ ᠺᠠᠳ᠋ᠷ᠂ ᠣᠯᠠᠨ ᠲᠦᠮᠡᠨ ᠤ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾᠂ ᠵᠠᠬᠢᠳᠠᠯ | ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ︽ᠵᠠᠮ ᠱᠤᠭᠤᠮ ᠤᠨ ᠵᠢᠷᠤᠭ︾ ᠪᠠ ᠠᠵᠢᠯ ᠤᠨ ᠵᠦᠭᠯᠡᠭᠦᠷ ᠢ ᠰᠤᠷᠤᠯᠴᠠᠨ | ᠤᠬᠠᠭᠤᠯᠬᠤ ᠭᠤᠤᠯ ᠠᠷᠭ᠎ᠠ ᠵᠠᠮ ᠪᠣᠯᠭᠠᠬᠤ ᠶᠢ ᠠᠬᠢᠭᠤᠯᠤᠨ᠎ᠠ᠃ ︽ᠲᠠᠪᠤᠨ ᠬᠠᠤᠯᠢᠵᠢᠯ︾ ᠤᠨ ᠱᠠᠭᠠᠷᠳᠠᠯᠭ᠎ᠠ | ᠶᠣᠰᠣᠭᠠᠷ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠠᠤᠯᠢ ᠶᠣᠰᠣᠭᠠᠷ ᠨᠠᠷᠢᠯᠢᠭ ᠤᠨᠤᠪᠴᠢᠲᠠᠢ ᠢᠶᠠᠷ | ᠵᠢᠷᠤᠮᠵᠢᠭᠤᠯᠤᠨ ᠰᠢᠯᠵᠢᠭᠦᠯᠦᠨ ᠬᠦᠷᠭᠡᠵᠦ ᠱᠠᠯᠠᠪᠳᠠᠭᠤᠯᠤᠨ ᠰᠢᠢᠳᠪᠦᠷᠢᠯᠡᠭᠦᠯᠬᠦ ᠠᠵᠢᠯ ᠢ ᠬᠠᠤᠯᠢ ᠶᠣᠰᠣᠭᠠᠷ | ᠣᠨᠣᠪᠴᠢᠲᠠᠶ ᠵᠢᠷᠤᠮᠵᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠬᠤ ᠶᠢ ᠪᠥᠬᠦ | ᠵᠢᠯ ᠤᠨ ᠵᠠᠬᠢᠳᠠᠯ ᠰᠤᠷᠪᠤᠯᠵᠢᠯᠠᠭ᠎ᠠ ᠶᠢᠨ ᠬᠢᠨᠠᠨ ᠰᠢᠯᠭᠠᠬᠤ ᠭᠦᠢᠴᠡᠳᠬᠡᠯ ᠲᠤᠭ᠎ᠠ ᠳᠤ ᠣᠷᠣᠭᠤᠯᠵᠤ᠂ ᠲᠤᠭᠤᠷᠢᠭ ᠤᠨ | ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠠᠴᠠ ᠡᠯ᠎ᠡ ᠰᠠᠯᠠᠭ᠎ᠠ ᠮᠥᠴᠢᠷ ᠨᠢᠭᠡᠴᠢ ᠶᠢᠨ ᠵᠠᠬᠢᠳᠠᠯ | ᠰᠤᠷᠪᠤᠯᠵᠢᠯᠠᠯ ᠤᠨ ᠠᠵᠢᠯ ᠤᠨ ᠬᠠᠤᠯᠢᠵᠢᠯ ᠤᠨ ᠪᠠᠶᠢᠳᠠᠯ ᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠪᠠᠶᠢᠩᠭᠤ ᠶᠢᠨ | ᠴᠢᠨᠠᠷᠲᠠᠶ ᠲᠤᠰᠬᠠᠶ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠵᠦ᠂ ︽ᠭᠤᠷᠪᠠᠨ ᠵᠦᠢᠯ ᠤᠨ ᠪᠠᠶᠢᠭᠤᠯᠬᠤ ᠵᠥᠪᠯᠡᠬᠦ | ᠡᠷᠬᠡ︾ ᠶᠢ ᠰᠠᠶᠢᠲᠤᠷ ᠬᠡᠷᠡᠭᠯᠡᠨ ᠬᠢᠨᠠᠨ ᠵᠢᠯᠣᠭᠤᠳᠴᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠨ᠎ᠠ᠃ | ᠬᠠᠤᠯᠢ ᠴᠠᠭᠠᠵᠠ ᠶᠢᠨ ᠲᠣᠭᠲᠠᠭᠠᠯ ᠪᠠ ᠵᠢᠷᠤᠮ ᠢ ᠴᠢᠩᠭ᠎ᠠ ᠵᠢᠷᠤᠮᠯᠠᠨ ᠵᠥᠷᠢᠴᠡᠯ ᠢ ᠠᠷᠢᠯᠭᠠᠵᠤ᠂ ᠠᠰᠠᠭᠤᠳᠠᠯ ᠢ | ᠰᠢᠢᠳᠪᠦᠷᠢᠯᠡᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠨᠢᠭᠡᠪᠦᠷᠢ ᠶᠢ ᠴᠥᠮ ᠰᠢᠢᠳᠪᠦᠷᠢᠯᠡᠬᠦ ᠬᠥᠮᠦᠨ ᠲᠠᠢ᠂ | ᠭᠤᠮᠣᠳᠠᠯ ᠱᠠᠭᠠᠷᠳᠠᠯᠭ᠎ᠠ ᠨᠢᠭᠡᠪᠦᠷᠢ ᠶᠢ ᠴᠥᠮ ᠬᠠᠤᠯᠢ ᠶᠣᠰᠣᠭᠠᠷ ᠠᠬᠢᠭᠤᠯᠵᠤ᠂ ᠡᠷᠬᠡ ᠬᠠᠷᠢᠭᠤᠴᠠᠯᠭ᠎ᠠ ᠲᠣᠳᠣᠷᠬᠠᠢ᠂ | ᠰᠠᠭᠤᠷᠢ ᠲᠤᠭ᠎ᠠ ᠲᠣᠳᠣᠷᠬᠠᠢ᠂ ᠬᠠᠤᠯᠢ ᠶᠣᠰᠣᠭᠠᠷ ᠰᠢᠢᠳᠪᠦᠷᠢᠯᠡᠬᠦ᠂ ᠡᠮᠬᠢ ᠵᠢᠷᠤᠮ ᠰᠠᠶᠢᠨ᠂ ᠤᠯᠠᠨ ᠲᠦᠮᠡᠨ | ᠬᠠᠨᠤᠮᠵᠢᠲᠠᠢ ᠪᠠᠶᠢᠬᠤ ᠶᠢ ᠪᠡᠶᠡᠯᠡᠭᠦᠯᠦᠨ᠎ᠡ᠃ | | | | | | |