ᠬᠤᠰᠢᠭᠤᠴᠢ ᠵᠠᠮ ᠤᠨ ᠵᠡᠭᠡᠯᠢ ᠭᠤᠳᠤᠮᠵᠢ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/6/18
      ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠠᠯᠠᠮᠰᠢᠯ ᠤᠲᠠᠰᠤ ᠶᠢᠨ ᠠᠵᠢᠯᠲᠠᠨ ᠤ ᠠᠵᠢᠯᠯᠠᠬᠤ ᠬᠢᠷᠢ ᠲᠦᠪᠰᠢᠨ ᠪᠠ ᠬᠠᠯᠠᠮᠰᠢᠯ ᠤᠲᠠᠰᠤ ᠶᠢᠨ ᠭᠦᠢᠴᠡᠳᠭᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠶᠡᠷᠦᠩᠬᠡᠶᠢᠯᠡᠨ ᠵᠠᠰᠠᠬᠤ ᠦᠢᠯᠡᠴᠢᠯᠡᠭᠡᠨ ᠤ ᠲᠥᠪ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃      ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠲᠣᠭᠤᠷᠢᠭ ᠤᠨ ᠬᠠᠯᠠᠮᠰᠢᠯ ᠤᠲᠠᠰᠤ ᠶᠢᠨ ᠠᠯᠪᠠᠨ ᠬᠡᠷ ᠤᠨ ᠠᠵᠢᠯᠲᠠᠳ ᠭᠥᠯᠢᠶᠡᠨ ᠠᠪᠴᠤ ᠭᠦᠢᠴᠡᠳᠬᠡᠬᠦ᠂ ᠮᠠᠳᠠᠭ ᠲᠠᠢ ᠠᠰᠠᠭᠤᠳᠠᠯ ᠢ ᠬᠠᠷᠢᠭᠤᠯᠬᠤ᠂ ᠬᠠᠷᠢᠭᠤ ᠦᠨᠡᠯᠡᠬᠦ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠲᠠᠯ᠎ᠠ ᠪᠠᠷ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠤᠨ ᠴᠤᠪᠤᠷᠠᠯ ᠵᠢᠴᠢ ᠪᠠᠷᠢᠮᠵᠢᠶ᠎ᠠ ᠵᠢᠷᠤᠮᠵᠢᠯ ᠢ ᠲᠠᠨᠢᠯᠴᠠᠭᠤᠯᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠦᠷᠢᠮ ᠤᠨ ᠪᠢᠴᠢᠭ ᠮᠠᠲ᠋ᠧᠷᠢᠶᠠᠯ ᠤᠨ ᠭᠤᠤᠯᠳᠠᠯᠭ᠎ᠠ ᠲᠠᠢ ᠠᠭᠤᠯᠭ᠎ᠠ ᠶᠢ ᠲᠠᠶᠢᠯᠪᠤᠷᠢᠯᠠᠭᠰᠠᠨ ᠤ ᠬᠠᠮᠲᠤ ᠠᠵᠢᠯ ᠤᠨ ᠬᠤᠪᠢᠶᠠᠷᠢᠯᠠᠯ ᠢ ᠪᠣᠳᠠᠲᠠᠶ ᠬᠡᠷᠡᠭ ᠤᠨ ᠵᠢᠱᠢᠶ᠎ᠡ ᠪᠣᠯᠭᠠᠵᠤ᠂ ᠬᠠᠯᠠᠮᠰᠢᠯ ᠤᠲᠠᠰᠤ ᠪᠠᠷ ᠭᠦᠢᠴᠡᠳᠬᠡᠬᠦ ᠰᠢᠨ᠎ᠡ ᠲᠣᠭᠲᠠᠭᠠᠯ ᠰᠢᠨ᠎ᠡ ᠱᠠᠭᠠᠷᠳᠠᠯᠭ᠎ᠠ᠂ ᠪᠣᠳᠠᠲᠠᠶ ᠠᠵᠢᠯ ᠤᠨ ᠬᠠᠭᠤᠳᠠᠰᠤ ᠶᠢ ᠰᠢᠢᠳᠪᠦᠷᠢᠯᠡᠭᠰᠡᠨ ᠪᠠᠶᠢᠳᠠᠯ᠂ ᠭᠥᠯᠢᠶᠡᠨ ᠠᠪᠴᠤ ᠭᠦᠢᠴᠡᠳᠬᠡᠬᠦ ᠬᠡᠪᠴᠢᠶ᠎ᠡ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠵᠢᠴᠢ ᠬᠠᠯᠠᠮᠰᠢᠯ ᠤᠲᠠᠰᠤ ᠶᠢᠨ ᠠᠩᠬᠠᠷᠤᠰᠢᠲᠠᠢ ᠠᠰᠠᠭᠤᠳᠠᠯ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠭᠰᠡᠨ ᠪᠥᠭᠡᠳ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠭᠦᠢᠴᠡᠳᠬᠡᠬᠦ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠤᠨ ᠲᠤᠬᠠᠶ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠪᠠ᠃      ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠢᠨ ᠣᠯᠠᠨ ᠲᠦᠮᠡᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠳᠠᠮᠵᠢᠨ ᠲᠤᠰᠬᠠᠭᠰᠠᠨ ᠠᠰᠠᠭᠤᠳᠠᠯ ᠢ ᠦᠢᠯᠡᠴᠢᠯᠡᠭᠡᠨ ᠤ ᠰᠡᠳᠬᠢᠯ ᠢ ᠬᠤᠯᠪᠣᠬᠤ ᠬᠥᠭᠦᠷᠭᠡ ᠪᠣᠯᠭᠠᠭᠰᠠᠭᠠᠷ ᠢᠷᠡᠵᠡᠶ᠃ ᠬᠠᠯᠠᠮᠰᠢᠯ ᠤᠲᠠᠰᠤ ᠪᠠᠷ ᠳᠠᠮᠵᠢᠭᠤᠯᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠵᠤ᠂ ᠬᠠᠯᠠᠮᠰᠢᠯ ᠤᠲᠠᠰᠤ ᠪᠠᠷ ᠳᠠᠮᠵᠢᠭᠤᠯᠤᠨ ᠠᠷᠠᠳ ᠤᠨ ᠠᠮᠢᠳᠤᠷᠠᠯ ᠢ ᠣᠶᠢᠯᠠᠭᠠᠵᠤ᠂ ᠬᠠᠯᠠᠮᠰᠢᠯ ᠤᠲᠠᠰᠤᠨ ᠳᠤ ᠲᠦᠰᠢᠭᠯᠡᠨ ᠠᠷᠠᠳ ᠤᠨ ᠰᠠᠨᠠᠭ᠎ᠠ ᠶᠢ ᠣᠶᠢᠯᠠᠭᠠᠵᠤ᠂ ᠤᠯᠠᠨ ᠲᠦᠮᠡᠨ ᠤ ᠬᠠᠯᠠᠮᠰᠢᠯ ᠤᠲᠠᠰᠤ ᠪᠠᠷ ᠳᠠᠮᠵᠢᠨ ᠳᠤᠷᠠᠳᠤᠭᠰᠠᠨ ᠬᠦᠰᠡᠯ  ᠢ ᠰᠡᠳᠬᠢᠯ ᠳᠡᠭᠡᠨ ᠪᠤᠳᠤᠵᠤ᠂ ᠪᠣᠳᠠᠲᠠᠢ ᠳᠤ ᠨᠠᠶᠢᠲᠠᠪᠦᠷᠢᠵᠢᠭᠤᠯᠤᠨ᠎ᠠ᠃       ᠳᠠᠷᠠᠭᠠᠴᠢ ᠶᠢᠨ ᠠᠯᠬᠤᠮ ᠳᠤ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠢᠨ ᠬᠠᠯᠠᠮᠰᠢᠯ ᠤᠲᠠᠰᠤ ᠶᠢᠨ ᠠᠵᠢᠯ ᠢ ᠰᠠᠭᠤᠭᠠᠯᠢ ᠠᠷᠠᠳ ᠲᠤ ᠦᠢᠯᠡᠴᠢᠯᠡᠬᠦ ᠴᠢᠬᠤᠯᠠ ᠠᠴᠢᠶᠠᠯᠠᠪᠤᠷᠢ ᠪᠣᠯᠭᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠦᠨᠡᠨᠬᠦ ︽ᠰᠡᠳᠬᠢᠯ ᠢᠶᠠᠨ ᠮᠡᠳᠡᠯᠴᠡᠬᠦ︾ ᠣᠪᠣᠷ᠂ ︽ᠳᠠᠷᠦ᠋ᠢᠬᠠᠨ ᠭᠦᠢᠴᠡᠳᠬᠡᠬᠦ︾ ᠬᠤᠷᠳᠤᠴᠠ᠂ ︽ᠰᠠᠶᠢᠲᠤᠷ ᠭᠦᠢᠴᠡᠳᠬᠡᠬᠦ︾ ᠡᠷᠴᠢᠮ ᠢᠶᠠᠷ᠂ ᠲᠤᠬᠢᠷᠠᠭᠤᠯᠭ᠎ᠠ ᠶᠢ ᠴᠢᠩᠭᠠᠳᠬᠠᠵᠤ᠂ ᠮᠥᠷᠳᠡᠨ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号