ᠰᠠᠶᠢᠬᠠᠨ ᠲᠠᠯ᠎ᠠ ᠳᠤ ᠬᠠᠮᠤᠭ ᠤᠨ ᠲᠦᠷᠦᠭᠦᠦ ᠤᠷᠤᠵᠦ᠂ ᠦᠷᠭᠦᠯᠵᠢᠯᠡᠨ ᠥᠷᠨᠢᠭᠦᠯᠦᠨ᠎ᠡ︕
ᠨᠡᠶᠢᠲᠡᠯᠡᠭᠰᠡᠨ ᠴᠠᠭ᠄
2024/6/18
      ᠣᠳᠣᠬᠠᠨ ᠤ ᠨᠠᠰᠤᠵᠢᠯᠲᠠ ᠶᠢᠨ ᠬᠡᠮᠵᠢᠶᠡᠨ ᠤ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ᠂ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠪᠠ ᠡᠷᠡᠭᠦᠯ ᠮᠡᠨᠳᠦ ᠶᠢᠨ ᠪᠠᠶᠢᠳᠠᠯ ᠬᠥᠮᠦᠰ ᠤᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ ᠣᠯᠠᠨ ᠨᠡᠢᠲᠡ ᠶᠢᠨ ᠡᠷᠡᠭᠦᠯᠵᠢᠯ ᠤᠨ ᠲᠤᠰᠠᠯᠠᠬᠤ ᠪᠠᠭᠠᠵᠢ ᠪᠠ ᠨᠠᠰᠤᠲᠠᠢᠴᠤᠳ ᠲᠤ ᠲᠣᠬᠢᠷᠠᠬᠤ ᠦᠢᠯᠡᠳᠬᠦᠨ ᠢ ᠲᠠᠨᠢᠨ ᠮᠡᠳᠡᠬᠦ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠨᠠᠰᠤᠲᠠᠢᠴᠤᠳ ᠲᠤ ᠨᠠᠷᠢᠯᠢᠭ ᠣᠨᠣᠪᠴᠢᠲᠠᠢ ᠡᠷᠡᠭᠦᠯᠵᠢᠯ ᠤᠨ ᠲᠤᠰᠠᠯᠠᠬᠤ ᠪᠠᠭᠠᠵᠢ ᠶᠢ ᠲᠣᠬᠢᠷᠠᠭᠤᠯᠬᠤ ᠦᠢᠯᠡᠴᠢᠯᠡᠭᠡ ᠬᠠᠩᠭᠠᠵᠤ᠂ ᠨᠠᠰᠤᠲᠠᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠬᠦᠯᠬᠦ ᠶᠢᠨ ᠲᠤᠰᠠᠳᠠ᠂ 6 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠭᠤᠣᠯᠯᠠᠨ ᠡᠷᠬᠢᠯᠡᠭᠰᠡᠨ᠂ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠪᠠ ᠪᠤᠭᠤᠲᠤ ᠬᠤᠲᠠ ᠶᠢᠨ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠵᠢᠱᠢᠶ᠎ᠡ ᠦᠵᠡᠭᠦᠯᠬᠦ ᠦᠢᠯᠡᠴᠢᠯᠡᠭᠡᠨ ᠤ ᠲᠥᠪ ᠠᠴᠠ ᠳᠠᠭᠠᠭᠠᠨ ᠡᠷᠬᠢᠯᠡᠭᠰᠡᠨ᠂ ᠪᠤᠭᠤᠲᠤ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠦᠯᠦᠭᠯᠡᠯ ᠠᠴᠠ ᠬᠠᠪᠰᠤᠷᠤᠨ ᠡᠷᠬᠢᠯᠡᠭᠰᠡᠨ ᠪᠤᠭᠤᠲᠤ ᠬᠤᠲᠠ ᠶᠢᠨ ᠡᠷᠡᠭᠦᠯᠵᠢᠯ ᠤᠨ ᠲᠤᠰᠠᠯᠠᠬᠤ ᠪᠠᠭᠠᠵᠢ ᠵᠢᠴᠢ ᠨᠠᠰᠤᠲᠠᠢᠴᠤᠳ ᠲᠤ ᠲᠣᠬᠢᠷᠠᠬᠤ ᠪᠦᠲᠦᠭᠡᠭᠳᠡᠬᠦᠨ ᠤ ︽ᠲᠠᠪᠤ ᠶᠢ ᠣᠷᠣᠭᠤᠯᠬᠤ︾ ᠠᠵᠢᠯᠯᠠᠭ᠎ᠠ · ᠴᠢᠩᠱᠠᠨ ᠤ ᠥᠷᠲᠡᠭᠡ ᠳᠤ ᠠᠮᠵᠢᠯᠲᠠ ᠲᠠᠢ ᠶᠠᠪᠤᠭᠳᠠᠪᠠ᠃ ᠠᠵᠢᠯᠯᠠᠭ᠎ᠠ ᠶᠢᠨ ᠶᠣᠰᠣᠯᠠᠯ ᠳᠡᠭᠡᠷ᠎ᠡ᠂ ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠢ ᠸᠧᠨ ᠵᠢᠶᠧ ᠪᠤᠭᠤᠲᠤ ᠬᠤᠲᠠ ᠶᠢᠨ ᠡᠷᠡᠭᠦᠯᠵᠢᠯ ᠤᠨ ᠲᠤᠰᠠᠯᠠᠬᠤ ᠪᠠᠭᠠᠵᠢ ᠪᠠ ᠨᠠᠰᠤᠵᠢᠯ ᠳᠤ ᠳᠣᠭᠢᠷᠠᠬᠤ ᠦᠢᠯᠡᠴᠢᠯᠡᠭᠡᠨ ᠤ ᠠᠵᠢᠯ ᠤᠨ ᠶᠡᠷᠦᠩᠬᠡᠶ ᠪᠠᠶᠢᠳᠠᠯ ᠳᠤ ᠴᠢᠭᠯᠡᠭᠦᠯᠦᠨ ᠲᠠᠨᠢᠯᠴᠠᠭᠤᠯᠭ᠎ᠠ ᠬᠢᠵᠦ᠂ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠦᠢᠯᠡᠴᠢᠯᠡᠭᠡᠨ ᠤ ᠠᠭᠤᠯᠭ᠎ᠠ ᠶᠢ ᠤᠬᠠᠭᠤᠯᠤᠨ ᠳᠡᠯᠭᠡᠷᠡᠭᠦᠯᠵᠦ᠂ ᠥᠷᠭᠡᠨ ᠣᠯᠠᠨ ᠨᠠᠰᠤᠲᠠᠶᠢᠴᠤᠳ ᠲᠤ ᠮᠡᠳᠡᠭᠦᠯᠵᠦ᠂ ᠣᠶᠢᠯᠠᠭᠠᠭᠤᠯᠬᠤ ᠶᠢᠨ ᠲᠥᠯᠥᠭᠡ ᠶᠤᠮ᠃ ᠡᠭᠦᠨ ᠠᠴᠠ ᠭᠠᠳᠠᠨ᠎ᠠ᠂ ᠡᠨᠡ ᠵᠢᠯ ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ 500 ᠡᠷᠦᠬᠡ ᠣᠨᠴᠠ ᠬᠦᠴᠢᠷᠳᠡᠯᠲᠡᠶ ᠨᠠᠰᠤᠲᠠᠶᠢᠴᠤᠳ ᠤᠨ ᠬᠡᠷ ᠪᠦᠯᠢ ᠳᠤ ᠨᠠᠰᠤᠵᠢᠯᠳᠠ ᠶᠢᠨ ᠥᠭᠡᠷᠡᠴᠢᠯᠡᠯᠲᠡ ᠬᠢᠬᠦ ᠪᠠᠷ ᠲᠥᠯᠥᠪᠯᠡᠵᠦ᠂ ᠲᠡᠳᠡᠨᠤᠰ ᠢ ᠬᠠᠪᠰᠤᠷᠤᠨ ᠬᠡᠷ ᠪᠦᠯᠢ ᠶᠢᠨ ᠠᠮᠢᠳᠤᠷᠠᠯ ᠤᠨ ᠬᠠᠷᠠᠭᠠᠯᠵᠠᠨ ᠬᠠᠮᠠᠭᠠᠯᠠᠬᠤ ᠨᠥᠬᠦᠴᠡᠯ ᠢ ᠰᠠᠶᠢᠵᠢᠷᠠᠭᠤᠯᠵᠤ᠂ ᠬᠡᠷ ᠪᠦᠯᠢ ᠶᠢᠨ ᠠᠮᠢᠳᠤᠷᠠᠯ ᠤᠨ ᠪᠡᠯᠡᠳᠬᠡᠮᠵᠢ ᠲᠥᠬᠦᠭᠡᠷᠦᠮᠵᠢ ᠶᠢᠨ ᠠᠮᠤᠷ ᠲᠦᠪᠰᠢᠨ ᠴᠢᠨᠠᠷ᠂ ᠳᠥᠭᠦᠮ ᠳᠥᠲᠡ ᠴᠢᠨᠠᠷ ᠪᠠ ᠲᠠᠭᠠᠯᠠᠮᠵᠢᠲᠠᠶ ᠴᠢᠨᠠᠷ ᠢ ᠴᠢᠩᠭᠠᠷᠠᠭᠤᠯᠤᠨ᠂ ᠬᠡᠷ ᠪᠦᠯᠢ ᠶᠢᠨ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠪᠠᠷ ᠲᠥᠯᠥᠪᠯᠡᠵᠦ ᠪᠠᠶᠢᠨ᠎ᠠ ᠭᠡᠵᠦ ᠴᠢᠬᠤᠯᠠᠴᠢᠯᠠᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠤᠭᠤᠲᠤ ᠬᠤᠲᠠ ᠶᠢᠨ ᠡᠷᠡᠭᠦᠯᠵᠢᠯ ᠤᠨ ᠪᠠᠭᠠᠵᠢ ᠬᠡᠷᠡᠭᠰᠡᠯ ᠤᠨ ᠵᠢᠱᠢᠶ᠎ᠡ ᠦᠵᠡᠭᠦᠯᠬᠦ ᠦᠢᠯᠡᠴᠢᠯᠡᠭᠡᠨ ᠤ ᠲᠥᠪ ᠲᠤ ᠲᠥᠪᠯᠡᠷᠡᠭᠦᠯᠦᠨ ᠲᠠᠨᠢᠯᠴᠠᠭᠤᠯᠵᠤ᠂ ᠰᠠᠭᠤᠭᠠᠯᠢ ᠠᠷᠠᠳ ᠨᠠᠶᠢᠵᠠ ᠨᠠᠷ ᠢ ᠪᠤᠭᠤᠲᠤ ᠬᠤᠲᠠ ᠶᠢᠨ ᠡᠷᠡᠭᠦᠯᠵᠢᠯ ᠤᠨ ᠪᠠᠭᠠᠵᠢ ᠬᠡᠷᠡᠭᠰᠡᠯ ᠤᠨ ᠵᠢᠱᠢᠶ᠎ᠡ ᠦᠵᠡᠭᠦᠯᠬᠦ ᠦᠢᠯᠡᠴᠢᠯᠡᠭᠡᠨ ᠤ ᠲᠥᠪ ᠲᠤ ᠤᠷᠢᠵᠤ ᠲᠤᠬᠠᠶ ᠶᠢᠨ ᠭᠠᠵᠠᠷ ᠲᠤᠨᠢ ᠦᠢᠯᠡᠳᠬᠦᠨ ᠢ ᠪᠡᠶᠡᠴᠢᠯᠡᠨ ᠣᠶᠢᠯᠠᠭᠠᠬᠤ ᠪᠠ ᠬᠠᠷᠠᠭᠠᠯᠵᠠᠯ ᠦᠵᠡᠭᠦᠯᠦᠨ ᠬᠤᠳᠠᠯᠳᠤᠨ ᠠᠪᠤᠭᠤᠯᠬᠤ ᠶᠢᠨ ᠬᠠᠮᠲᠤ ᠴᠢᠩᠱᠠᠨ ᠲᠣᠭᠤᠷᠢᠭ ᠤᠨ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠪᠠ ᠨᠠᠰᠤᠲᠠᠨ ᠳᠤ ᠳᠣᠭᠢᠷᠠᠬᠤ ᠦᠢᠯᠡᠳᠬᠦᠨ ᠤ ︽ᠲᠠᠪᠤ ᠶᠢ ᠣᠷᠣᠭᠤᠯᠬᠤ︾ ᠠᠵᠢᠯᠯᠠᠭ᠎ᠠ ︵ᠴᠢᠩᠱᠠᠨ ᠥᠷᠲᠡᠭᠡ︶ ᠶᠢᠨ ᠲᠣᠬᠢᠷᠠᠭᠤᠯᠤᠯᠲᠠ ᠵᠢᠴᠢ ᠪᠣᠳᠠᠲᠠᠶ ᠠᠭᠤᠯᠭ᠎ᠠ ᠶᠢ ᠨᠡᠶᠢᠲᠡᠯᠡᠵᠦ᠂ 56 ᠨᠡᠶᠢᠭᠡᠮ ᠲᠣᠭᠤᠷᠢᠭ᠂ 10 ᠶᠡᠭᠡ ᠴᠡᠴᠡᠷᠯᠢᠭ ᠤᠨ ᠲᠠᠯᠠᠪᠠᠶ᠂ 5 ᠲᠣᠮᠣ ᠬᠤᠳᠠᠯᠳᠤᠭᠠᠨ ᠤ ᠲᠣᠭᠤᠷᠢᠭ᠂ 10 ᠲᠣᠮᠣ ᠠᠵᠤ ᠠᠬᠤᠶᠢᠯᠠᠯ᠂ 5 ᠶᠡᠭᠡ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠭᠠᠵᠠᠷ ᠲᠤ ᠭᠦᠨᠵᠡᠭᠡᠶᠢᠷᠡᠨ᠂ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠪᠠ ᠨᠠᠰᠤᠲᠠᠨ ᠳᠤ ᠳᠣᠭᠢᠷᠠᠬᠤ ᠦᠢᠯᠡᠳᠬᠦᠨ ᠢ ︽ᠲᠠᠪᠤ ᠶᠢ ᠣᠷᠣᠭᠤᠯᠬᠤ︾ ᠠᠵᠢᠯᠯᠠᠭ᠎ᠠ ᠥᠷᠨᠢᠭᠦᠯᠵᠦ᠂ ᠨᠡᠶᠢᠲᠡ ᠶᠢᠨ ᠮᠠᠰᠢᠨ ᠲᠡᠷᠭᠡ ᠶᠢ ᠠᠰᠢᠭᠯᠠᠨ ︽ᠨᠠᠰᠤᠲᠠᠨ ᠳᠤ ᠳᠣᠭᠢᠷᠠᠬᠤ ᠣᠷᠣᠨ ᠵᠠᠶ︾ ᠶᠢ ᠥᠭᠡᠷᠡᠴᠢᠯᠡᠨ ᠪᠠᠶᠢᠭᠤᠯᠵᠤ᠂ ᠠᠷᠠᠳ ᠣᠯᠠᠨ ᠤ ᠳᠡᠷᠭᠡᠳᠡᠬᠢ ᠰᠢᠯᠵᠢᠮᠡᠯ ᠦᠵᠡᠭᠦᠯᠦᠯᠭᠡ ᠶᠢᠨ ᠲᠢᠩᠬᠢᠮ ᠪᠣᠯᠭᠠᠬᠤ ᠶᠢᠨ ᠬᠠᠮᠲᠤ ᠪᠠᠰᠠ ᠤᠬᠠᠭᠤᠯᠭ᠎ᠠ ᠶᠢᠨ ᠭᠠᠷ ᠳᠡᠪᠲᠡᠷ ᠵᠢᠴᠢ ᠸᠢᠳᠢᠣ᠋᠂ ᠤᠬᠠᠭᠤᠯᠭ᠎ᠠ ᠶᠢᠨ ᠬᠠᠭᠤᠳᠠᠰᠤ ᠵᠡᠷᠭᠡ ᠶᠢ ᠠᠰᠢᠭᠯᠠᠨ ᠣᠯᠠᠨ ᠠᠴᠢᠶᠠᠯᠠᠪᠤᠷᠢ ᠶᠢᠨ ᠤᠬᠠᠭᠤᠯᠭ᠎ᠠ ᠬᠢᠵᠦ᠂ ᠨᠠᠩ ᠣᠯᠠᠨ ᠨᠠᠰᠤᠲᠠᠶᠢᠴᠤᠳ ᠲᠤ ᠲᠤᠰᠠᠯᠠᠬᠤ ᠪᠠᠭᠠᠵᠢ ᠬᠡᠷᠡᠭᠰᠡᠯ ᠤᠨ ᠳᠥᠭᠦᠮ ᠳᠥᠲᠡ ᠴᠢᠨᠠᠷ ᠵᠢᠴᠢ ᠬᠡᠷ ᠲᠡᠭᠡᠨ ᠨᠠᠰᠤᠲᠠᠨ ᠳᠤ ᠳᠣᠭᠢᠷᠠᠬᠤ ᠥᠭᠡᠷᠡᠴᠢᠯᠡᠯᠲᠡ ᠶᠢᠨ ᠴᠢᠬᠤᠯᠠ ᠴᠢᠨᠠᠷ ᠢ ᠣᠶᠢᠯᠠᠭᠠᠭᠤᠯᠵᠤ᠂ ᠡᠭᠦᠨ ᠤ ᠤᠯᠠᠮ ᠢᠶᠠᠷ ᠨᠠᠰᠤᠵᠢᠯ ᠤᠨ ᠦᠢᠯᠡᠴᠢᠯᠡᠭᠡ ᠶᠢ ︽ᠪᠠᠲᠤᠯᠠᠭ᠎ᠠ︾ ᠲᠠᠢ ᠪᠠᠶᠢᠭᠰᠠᠨ ᠠᠴᠠ ︽ᠶᠠᠰᠤ ᠴᠢᠨᠠᠷ ᠲᠠᠢ ᠪᠠᠶᠢᠬᠤ︾ ᠣᠨᠣᠯᠵᠢᠬᠤᠨ ᠢᠶᠠᠷ ᠨᠠᠩ ᠣᠯᠠᠨ ᠨᠠᠰᠤᠲᠠᠶᠢᠴᠤᠳ ᠤᠨ ᠬᠡᠷ ᠪᠦᠯᠢ ᠳᠤ ᠬᠦᠷᠭᠡᠨ᠎ᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠠ᠂ ᠲᠣᠭᠤᠷᠢᠭ ᠤᠨ ᠤᠳᠤᠷᠢᠳᠤᠯᠭ᠎ᠠ ᠬᠠᠮᠲᠤ ᠪᠠᠷ ᠠᠵᠢᠯᠯᠠᠭ᠎ᠠ ᠶᠢᠨ ᠡᠬᠢᠯᠡᠯᠲᠡ ᠶᠢᠨ ᠳᠠᠷᠤᠪᠴᠢ ᠶᠢ ᠳᠠᠷᠤᠵᠤ᠂ ᠪᠤᠭᠤᠲᠤ ᠬᠤᠲᠠ ᠶᠢᠨ ᠡᠷᠡᠭᠦᠯᠵᠢᠯ ᠤᠨ ᠲᠤᠰᠠᠯᠠᠬᠤ ᠪᠠᠭᠠᠵᠢ ᠪᠠ ᠨᠠᠰᠤᠲᠠᠨ ᠳᠤ ᠳᠣᠭᠢᠷᠠᠬᠤ ᠦᠢᠯᠡᠳᠭᠦᠨ ᠤ ︽ᠲᠠᠪᠤ ᠶᠢ ᠣᠷᠣᠭᠤᠯᠬᠤ︾ ᠠᠵᠢᠯᠯᠠᠭ᠎ᠠ ︵ᠴᠢᠩᠱᠠᠨ ᠥᠷᠲᠡᠭᠡ︶ ᠵᠢᠩᠬᠢᠨᠢ ᠪᠠᠷ ᠡᠬᠢᠯᠡᠭᠰᠡᠨ ᠢ ᠵᠠᠷᠯᠠᠭᠰᠠᠨ ᠪᠥᠭᠡᠳ ᠴᠢᠩᠱᠠᠨ ᠲᠣᠭᠤᠷᠢᠭ ᠤᠨ 10 ᠵᠡᠭᠡᠯᠢ ᠪᠠᠯᠭᠠᠰᠤ ᠶᠢᠨ ᠨᠠᠰᠤᠲᠠᠶᠢᠴᠤᠳ ᠤᠨ ᠲᠥᠯᠥᠭᠡᠯᠡᠭᠴᠢ ᠳᠤ ᠴᠢᠩᠱᠠᠨ ᠲᠣᠭᠤᠷᠢᠭ ᠤᠨ ᠡᠷᠡᠭᠦᠯᠵᠢᠯ ᠤᠨ ᠲᠤᠰᠠᠯᠠᠬᠤ ᠪᠠᠭᠠᠵᠢ ᠪᠠ ᠨᠠᠰᠤᠲᠠᠨ ᠳᠤ ᠳᠣᠭᠢᠷᠠᠬᠤ ᠦᠢᠯᠡᠳᠭᠦᠨ ᠤ ᠬᠠᠷᠠᠭᠠᠯᠵᠠᠯ ᠤᠨ ᠲᠡᠮᠳᠡᠭᠲᠦ ᠶᠢ ᠣᠯᠭᠤᠪᠠ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠡᠷᠡᠭᠦᠯᠵᠢᠯ ᠤᠨ ᠲᠤᠰᠠᠯᠠᠬᠤ ᠪᠠᠭᠠᠵᠢ  ᠪᠠ ᠨᠠᠰᠤᠲᠠᠨ ᠳᠤ ᠵᠣᠬᠢᠴᠠᠭᠰᠠᠨ ᠪᠦᠲᠦᠭᠡᠭᠳᠡᠬᠦᠨ ᠤ ︽ᠲᠠᠪᠤ ᠶᠢ ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠨᠡᠩ ᠤᠯᠠᠨ ᠨᠠᠰᠤᠲᠠᠶᠢᠴᠤᠳ ᠤᠨ ᠡᠷᠡᠭᠦᠯᠵᠢᠯ ᠤᠨ ᠪᠠᠭᠠᠵᠢ ᠬᠡᠷᠡᠭᠰᠡᠯ ᠤᠨ ᠠᠪᠴᠢᠷᠠᠭᠰᠠᠨ ᠳᠥᠭᠦᠮ ᠳᠥᠲᠡ ᠪᠣᠯᠤᠨ ᠠᠮᠤᠷ ᠲᠦᠪᠰᠢᠨ ᠢ ᠪᠡᠶ᠎ᠡ ᠪᠠᠷ ᠢᠶᠠᠨ ᠪᠡᠶᠡᠴᠢᠯᠡᠨ ᠣᠶᠢᠯᠠᠭᠠᠭᠤᠯᠵᠤ᠂ ︽ᠪᠠᠭ᠎ᠠ ᠬᠤᠪᠢᠷᠠᠯᠲᠠ︾ ᠠᠴᠠ ᠪᠣᠯᠤᠭᠰᠠᠨ ︽ᠶᠡᠬᠡᠪᠡᠷ ᠡᠳ᠋ᠯᠡᠬᠦ︾ ᠶᠢ ᠦᠨᠡᠨ ᠬᠦ ᠮᠡᠳᠡᠷᠡᠭᠦᠯᠵᠦ᠂ ᠪᠤᠭᠤᠲᠤ ᠬᠤᠳᠠ ᠶᠢᠨ ᠨᠠᠰᠤᠵᠢᠯ ᠤᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠤ ᠴᠢᠩᠱᠠᠨ ᠲᠣᠭᠤᠷᠢᠭ ᠤᠨ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号