6 ᠰᠠᠷ᠎ᠠ ᠶᠢᠨ 18 ᠤ ᠡᠳᠦᠷ᠂ ᠲᠤᠭᠤᠷᠢᠭ ᠤᠨ ᠱᠠᠲᠤᠨ ᠤ ᠤᠳᠤᠷᠢᠳᠬᠤ ᠨᠥᠬᠦᠳ ᠲᠦᠮᠡᠳ ᠪᠠᠷᠠᠭᠤᠨ | ᠬᠤᠰᠢᠭᠤᠨ ᠤ ᠠᠷᠢᠭᠤᠨ ᠴᠢᠬᠡᠴᠢ ᠰᠣᠶᠣᠯ ᠤᠨ ᠣᠷᠳᠣᠨ ᠳᠤ ᠬᠦᠷᠴᠦ ᠨᠠᠮ ᠤᠨᠰᠠᠬᠢᠯᠭᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠵᠤ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠵᠡᠭᠦᠯᠦᠯᠭᠡ ᠶᠢ ᠬᠠᠮᠲᠤ ᠪᠠᠷ ᠲᠣᠭᠤᠷᠢᠨ ᠦᠵᠡᠭᠰᠡᠨ | ᠪᠥᠭᠡᠳ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠪᠡ᠃ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ | ᠬᠤᠷᠢᠶᠠᠨ ᠤ ᠱᠦᠵᠢ ᠳ᠋ᠢᠩ ᠺᠠᠶ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ ᠪᠠᠶ ᠶᠦᠨ ᠰᠢ ᠣᠷᠣᠯᠴᠠᠵᠠᠶ᠃ | ᠲᠦᠮᠡᠳ ᠪᠠᠷᠠᠭᠤᠨ ᠬᠤᠰᠢᠭᠤᠨ ᠤ ᠠᠷᠢᠭᠤᠨ ᠴᠢᠬᠡᠴᠢ ᠰᠣᠶᠣᠯ ᠤᠨ ᠣᠷᠳᠣᠨ ᠪᠣᠯ ᠥᠪᠡᠷᠲᠡᠭᠡᠨ ᠵᠠᠰᠠᠬᠤ | ᠣᠷᠣᠨ ᠤ ᠠᠷᠢᠭᠤᠨ ᠴᠢᠬᠡᠴᠢ ᠶᠢᠨ ᠬᠥᠮᠦᠵᠢᠯ ᠤᠨ ᠰᠠᠭᠤᠷᠢᠨ ᠭᠠᠵᠠᠷ᠂ ᠪᠤᠭᠤᠲᠤ ᠬᠤᠲᠠ ᠶᠢᠨ ᠰᠡᠷᠡᠮᠵᠢᠯᠡᠭᠦᠯᠬᠦ | ᠬᠥᠮᠦᠵᠢᠯ ᠤᠨ ᠰᠠᠭᠤᠷᠢᠨ ᠭᠠᠵᠠᠷ ᠪᠣᠯᠤᠨ᠎ᠠ᠃ ᠳ᠋ᠢᠩ ᠺᠠᠶ ᠵᠡᠷᠭᠡ ᠲᠣᠭᠤᠷᠢᠭ ᠤᠨ ᠲᠠᠰ ᠤᠨ ᠤᠳᠤᠷᠢᠳᠤᠯᠭ᠎ᠠ | ᠦᠵᠡᠭᠦᠯᠦᠯᠭᠡ ᠶᠢᠨ ᠲᠢᠩᠬᠢᠮ ᠳᠤ ᠣᠷᠣᠵᠤ᠂ ᠲᠠᠶᠢᠯᠪᠤᠷᠢᠯᠠᠭᠴᠢ ᠶᠢᠨ ᠲᠤᠬᠠᠶ ᠶᠢᠨ ᠲᠠᠯᠠᠪᠠᠶ ᠶᠢᠨ ᠲᠠᠶᠢᠯᠪᠤᠷᠢᠯᠠᠨ | ᠰᠣᠨᠣᠰᠬᠤ᠂ ᠰᠡᠷᠡᠮᠵᠢᠯᠡᠭᠦᠯᠬᠦ ᠬᠥᠮᠦᠵᠢᠯ ᠤᠨ ᠬᠡᠷᠡᠭ ᠤᠨ ᠵᠢᠱᠢᠶ᠎ᠡ ᠶᠢ ᠦᠵᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ | ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠡᠷᠲᠡ | ᠡᠳᠦᠭᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠨᠡᠶᠢᠲᠡᠯᠢᠭ ᠦᠢᠯᠡ ᠠᠵᠢᠯᠯᠠᠭ᠎ᠠ᠂ ᠠᠷᠢᠭᠤᠨ ᠴᠢᠬᠡᠴᠢ ᠪᠠᠷ | ᠵᠠᠰᠠᠭ ᠪᠠᠷᠢᠬᠤ ᠰᠣᠶᠣᠯ ᠤᠨ ᠬᠥᠭᠵᠢᠯᠲᠡ ᠶᠢᠨ ᠥᠩᠭᠡᠷᠡᠯᠲᠡ᠂ ᠱᠠᠮᠰᠢᠨ ᠢᠯᠵᠠᠷᠠᠭᠰᠠᠨ ᠨᠡᠶᠢᠲᠡᠯᠢᠭ ᠵᠢᠱᠢᠶ᠎ᠡ ᠵᠡᠷᠭᠡ | ᠬᠡᠷᠡᠭ ᠤᠨ ᠵᠢᠱᠢᠶ᠎ᠡ ᠶᠢ ᠨᠠᠷᠢᠨ ᠣᠶᠢᠯᠠᠭᠠᠭᠰᠠᠨ ᠪᠥᠭᠡᠳ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ | ᠬᠥᠭᠵᠢᠯᠲᠡ ᠶᠢᠨ ᠶᠠᠪᠤᠴᠠ ᠶᠢ ᠭᠦᠨᠵᠡᠭᠡᠶ ᠰᠤᠷᠤᠯᠴᠠᠪᠠ᠃ | ᠲᠣᠭᠤᠷᠢᠨ ᠦᠵᠡᠬᠦ ᠳᠤᠮᠳᠠ᠂ ᠤᠯᠠᠨ ᠢᠶᠠᠷ ᠢᠶᠠᠨ ᠲᠠᠶᠢᠯᠪᠤᠷᠢᠯᠠᠯᠲᠠ ᠶᠢ ᠨᠠᠷᠢᠨ ᠬᠢᠨᠠᠮᠠᠭᠠᠢ ᠰᠣᠨᠣᠰᠴᠤ᠂ | ᠬᠡᠷᠡᠭ ᠤᠨ ᠵᠢᠱᠢᠶ᠎ᠡ ᠶᠢᠨ ᠵᠠᠳᠠᠯᠤᠯᠲᠠ ᠶᠢ ᠨᠠᠷᠢᠨ ᠬᠢᠨᠠᠮᠠᠭᠠᠢ ᠦᠵᠡᠵᠦ ᠪᠣᠳᠣᠯᠬᠢᠯᠠᠪᠠ᠃ ᠦᠨᠡᠨ ᠪᠣᠳᠠᠲᠠᠢ ᠬᠡᠷᠡᠭ ᠤᠨ | ᠵᠢᠱᠢᠶ᠎ᠡ᠂ ᠵᠢᠷᠤᠭ ᠪᠢᠴᠢᠭ ᠢ ᠬᠤᠣᠰᠯᠠᠭᠤᠯᠤᠭᠰᠠᠨ ᠦᠵᠡᠭᠦᠯᠦᠯᠭᠡ᠂ ᠭᠦᠨᠵᠡᠭᠡᠢ ᠰᠡᠳᠬᠢᠨ ᠣᠷᠣᠭᠤᠯᠤᠭᠰᠠᠨ ᠦᠰᠦᠭ | ᠪᠢᠴᠢᠭ ᠤᠳ ᠨᠢ ᠤᠯᠠᠨ ᠳᠤ ᠴᠢᠩᠭ᠎ᠠ ᠬᠠᠷᠠᠭᠠᠨ ᠤ ᠲᠠᠭᠠᠷᠢᠯᠳᠠ ᠪᠠ ᠤᠶᠤᠨ ᠰᠠᠨᠠᠭ᠎ᠠ ᠶᠢ ᠳᠣᠭᠳᠣᠯᠤᠭᠤᠯᠵᠤ᠂ | ᠨᠠᠮ ᠤᠨ ᠭᠡᠰᠢᠭᠦᠨ ᠺᠠᠳ᠋ᠷᠴᠤᠳ ᠲᠤ ᠠᠮᠢᠳᠤᠯᠢᠭ ᠰᠠᠶᠢᠬᠠᠨ ᠰᠡᠷᠡᠮᠵᠢᠯᠡᠭᠦᠯᠬᠦ ᠬᠥᠮᠦᠵᠢᠯ ᠤᠨ ᠬᠢᠴᠢᠶᠡᠯ ᠣᠷᠣᠵᠤ᠂ | ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢ ᠶᠢᠨ ᠬᠤᠩᠬᠤ ᠶᠢ ᠳᠤᠤᠭᠠᠷᠭᠠᠵᠠᠢ᠃ ᠤᠯᠠᠨ ᠢᠶᠠᠷ ᠢᠶᠠᠨ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ | ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ | ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠠᠷᠢᠬᠢ ᠲᠣᠯᠣᠭᠠᠶ ᠪᠠᠨ ᠴᠠᠭ | ᠢᠮᠠᠭᠲᠠ ᠰᠡᠷᠭᠡᠭ ᠪᠠᠶᠢᠯᠭᠠᠵᠤ᠂ ᠲᠤᠰ ᠪᠡᠶ᠎ᠡ ᠶᠢᠨ ᠦᠵᠡᠯ ᠰᠠᠨᠠᠭᠠᠨ ᠤ ᠪᠠᠶᠢᠭᠤᠯᠤᠯᠲᠠ ᠪᠠ ᠶᠣᠰᠣ ᠰᠤᠷᠲᠠᠬᠤᠨ ᠤ | ᠪᠣᠯᠪᠠᠰᠤᠷᠠᠯ ᠢᠶᠠᠨ ᠴᠢᠩᠭᠠᠳᠬᠠᠵᠤ᠂ ᠲᠤᠰ ᠪᠡᠶ᠎ᠡ ᠶᠢᠨ ᠰᠠᠬᠢᠯᠭ᠎ᠠ ᠪᠠᠲᠤ ᠶᠢᠨ ᠤᠬᠠᠮᠰᠠᠷ ᠪᠠ ᠠᠷᠢᠭᠤᠨ ᠴᠢᠬᠡᠴᠢ ᠶᠢᠨ | ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠦᠷᠭᠦᠯᠵᠢ ᠭᠡᠷᠡᠯᠳᠦᠬᠦᠯᠬᠦ ᠲᠣᠯᠢ ᠶᠢᠨ ᠡᠮᠦᠰᠭᠡᠯ ᠢᠶᠠᠨ ᠲᠥᠪ | ᠭᠤᠣᠯᠴᠢ᠂ ᠡᠩ ᠤᠨ ᠬᠠᠤᠯᠢ ᠰᠠᠬᠢᠯᠭ᠎ᠠ ᠳᠦᠷᠢᠮ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠵᠠᠯᠠᠷᠠᠭᠤᠯᠬᠤ ᠶᠢ | ᠪᠠᠷᠢᠮᠲᠠᠯᠠᠵᠤ᠂ ᠦᠷᠭᠦᠯᠵᠢ ᠰᠡᠷᠡᠮᠵᠢ ᠶᠢᠨ ᠬᠤᠩᠬᠤ ᠶᠢ ᠣᠨᠢᠯᠠᠵᠤ᠂ ᠢᠮᠠᠭᠲᠠ ᠰᠤᠷᠭᠠᠨ ᠬᠥᠮᠦᠵᠢᠯ ᠬᠦᠷᠲᠡᠵᠦ | ᠵᠣᠭᠰᠣᠯᠲᠠ ᠪᠠᠨ ᠲᠣᠭᠲᠠᠭᠠᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠦᠵᠡᠯ ᠰᠠᠨᠠᠭ᠎ᠠ ᠶᠣᠰᠣ | ᠰᠤᠷᠲᠠᠬᠤᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠪᠠ ᠡᠳᠦᠷ ᠲᠤᠳᠤᠮ ᠤᠨ ᠠᠵᠢᠯ ᠢ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ | ᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ | ᠭᠡᠵᠦ ᠢᠯᠡᠳᠭᠡᠵᠡᠭᠡᠪᠡ᠃ | ᠲᠣᠭᠤᠷᠢᠨ ᠦᠵᠡᠵᠦ ᠳᠠᠭᠤᠰᠤᠭᠰᠠᠨ ᠤ ᠲᠠᠷᠠᠭ᠎ᠠ᠂ ᠤᠯᠠᠨ ᠢᠶᠠᠷ ᠢᠶᠠᠨ ᠦᠵᠡᠰᠬᠦᠯᠡᠩ ᠤᠨ ᠣᠷᠳᠣᠨ ᠳᠤ | ᠲᠠᠩᠭᠠᠷᠢᠭᠯᠠᠬᠤ ᠲᠣᠭᠤᠷᠢᠭ ᠲᠤ ᠣᠷᠣᠵᠤ᠂ ᠳ᠋ᠢᠩ ᠺᠠᠢ ᠶᠢᠨ ᠳᠠᠭᠠᠭᠤᠯᠭ᠎ᠠ ᠳᠣᠣᠷ᠎ᠠ ᠨᠠᠮ ᠳᠤ ᠣᠷᠣᠬᠤ | ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠵᠤ᠂ ᠢᠳᠡᠷᠡᠭᠦᠨ ᠬᠦᠴᠦᠲᠡᠢ ᠲᠠᠩᠭᠠᠷᠢᠭ ᠨᠢ ᠨᠠᠮ ᠤᠨ ᠦᠢᠯᠡᠰ ᠤᠨ | ᠲᠥᠯᠥᠭᠡ ᠨᠠᠰᠤ ᠪᠠᠷ ᠢᠶᠠᠨ ᠲᠡᠮᠡᠴᠡᠬᠦ ᠡᠷᠡᠰ ᠪᠠᠲᠤ ᠢᠲᠡᠭᠡᠯ ᠵᠣᠷᠢᠭ ᠢᠶᠠᠨ ᠢᠯᠡᠳᠬᠡᠵᠡᠢ᠃ | ᠲᠣᠭᠤᠷᠢᠭ ᠤᠨ ᠳᠥᠷᠪᠡᠨ ᠢᠵᠢ ᠪᠠᠭ ᠤᠨ ᠪᠦᠷᠢᠯᠳᠦᠬᠦᠨ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ | ︽ᠬᠤᠶᠠᠷ ᠳᠠᠷᠤᠭ᠎ᠠ︾᠂ ᠲᠤᠨᠤᠭ ᠲᠦᠭᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠤᠨ ᠰᠢᠶᠠᠨ ᠤ ᠱᠠᠲᠤᠨ ᠤ | ᠨᠠᠮ ᠤᠨ ᠭᠡᠰᠢᠭᠦᠨ ᠺᠠᠳ᠋ᠷ ᠠᠵᠢᠯᠯᠠᠭ᠎ᠠ ᠳᠤ ᠣᠷᠣᠯᠴᠠᠪᠠ᠃ | | | | | | |