ᠨᠢᠭᠡ ᠰᠡᠳᠬᠢᠯ ᠢᠶᠠᠷ ᠠᠷᠠᠳ ᠲᠦᠮᠡᠨ ᠳᠤ ᠦᠢᠯᠡᠴᠢᠯᠡᠬᠦ ᠵᠤᠷᠢᠯᠳᠠ ᠶᠢ ᠪᠠᠷᠢᠮᠳᠠᠯᠠᠵᠤ᠂ ᠰᠢᠯᠢᠳᠡᠭ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠬᠠᠩᠭᠠᠨ᠎ᠠ
ᠨᠡᠶᠢᠲᠡᠯᠡᠭᠰᠡᠨ ᠴᠠᠭ᠄
2024/6/20
      ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠲᠤ ᠶᠢᠨ ᠴᠣᠭᠴᠠ ᠶᠢᠨ ᠨᠢᠭᠡ  ᠭᠡᠰᠢᠭᠦᠨ ᠪᠣᠯᠤᠭᠰᠠᠨ ᠤ ᠬᠤᠪᠢ ᠳᠤ᠂ ᠪᠤᠭᠤᠲᠤ ᠬᠤᠲᠠ ᠶᠢᠨ ᠬᠤᠩ ᠵᠢᠶᠠᠨ ᠠᠯᠪᠠᠨ ᠭᠡᠷᠡᠴᠢᠯᠡᠭᠡ ᠠᠷᠠᠳ ᠤᠨ ᠲᠥᠯᠥᠭᠡ ᠠᠯᠪᠠᠨ ᠭᠡᠷᠡᠴᠢᠯᠡᠭᠡ ᠬᠢᠬᠦ ᠵᠣᠷᠢᠯᠲᠠ ᠶᠢ ᠢᠮᠠᠭᠲᠠ ᠪᠠᠷᠢᠮᠲᠠᠯᠠᠵᠤ᠂ ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠶᠢ ᠠᠯᠪᠠᠨ ᠭᠡᠷᠡᠴᠢᠯᠡᠭᠡᠨ ᠤ ᠠᠵᠢᠯ ᠡᠷᠬᠢᠯᠡᠬᠦ ᠵᠠᠩᠭᠢᠯᠠᠭ᠎ᠠ ᠨᠢᠭᠡᠪᠦᠷᠢ ᠳᠤ ᠲᠤᠤᠱᠯᠠᠭᠤᠯᠵᠤ᠂ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠰᠠᠭᠤᠷᠢ ᠶᠢ ᠪᠠᠳᠤᠳᠬᠠᠵᠠᠢ᠃      ᠦᠢᠯᠡᠴᠢᠯᠡᠬᠦ ᠴᠠᠭ ᠢᠶᠠᠨ ᠤᠷᠳᠤᠳᠬᠠᠵᠦ ᠠᠷᠠᠳ ᠤᠨ ᠰᠡᠳᠭᠢᠯ ᠳᠤ ᠨᠡᠶᠢᠴᠡᠨ᠎ᠡ      ᠠᠯᠪᠠᠨ ᠭᠡᠷᠡᠴᠢᠯᠡᠭᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠨ᠂ ᠪᠥᠬᠦ ᠵᠢᠯ ᠳᠤ ᠠᠮᠠᠷᠠᠯᠲᠠ ᠶᠢᠨ ᠡᠳᠦᠷ ᠥᠬᠡᠶ ᠦᠨᠡᠮᠯᠡᠯ ᠭᠦᠢᠴᠡᠳᠬᠡᠬᠦ ᠦᠢᠯᠡᠴᠢᠯᠡᠭᠡ ᠬᠠᠩᠭᠠᠵᠤ᠂ ᠪᠠᠶᠠᠷ ᠳᠤᠷᠠᠰᠬᠠᠯ ᠤᠨ ᠡᠳᠦᠷ ᠠᠯᠪᠠᠨ ᠭᠡᠷᠡᠴᠢᠯᠡᠭᠴᠢ ᠡᠭᠡᠯᠵᠢᠯᠡᠨ ᠵᠢᠵᠢᠭᠦᠷᠯᠡᠵᠦ᠂ ᠲᠤᠬᠠᠶ ᠶᠢᠨ ᠬᠥᠮᠦᠨ ᠤ ᠠᠵᠢᠯ ᠤᠨ ᠡᠳᠦᠷ ᠲᠤ ᠴᠢᠯᠥᠭᠡ ᠭᠤᠶᠤᠵᠤ ᠦᠨᠡᠮᠯᠡᠯ ᠠᠪᠬᠤ ᠳᠤ ᠳᠥᠭᠦᠮ ᠦᠭᠡᠢ ᠪᠠᠶᠢᠬᠤ ᠬᠦᠴᠢᠷᠳᠡᠯ ᠢ ᠰᠢᠢᠳᠪᠦᠷᠢᠯᠡᠨ᠂ ᠲᠤᠬᠠᠶ ᠶᠢᠨ ᠬᠥᠮᠦᠨ ᠢ ᠦᠨᠡᠮᠯᠡᠯ ᠠᠪᠬᠤ ᠴᠠᠭ ᠤᠨ ᠲᠠᠯ᠎ᠠ ᠪᠠᠷ ᠠᠮᠢᠳᠤᠯᠢᠭ ᠰᠣᠩᠭᠤᠯᠲᠠ ᠲᠠᠢ ᠪᠣᠯᠭᠠᠵᠤ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠡᠭᠦᠨ ᠤ ᠬᠠᠮᠲᠤ᠂ ︽ᠬᠤᠩ ᠵᠢᠶᠠᠨ ᠠᠯᠪᠠᠨ ᠭᠡᠷᠡᠴᠢᠯᠡᠭᠡ︾ ᠰᠡᠳᠬᠦᠯ ᠳᠡᠭᠡᠷ᠎ᠡ ᠠᠯᠪᠠᠨ ᠭᠡᠷᠡᠴᠢᠯᠡᠭᠡ ᠬᠢᠭᠴᠢ ᠶᠢᠨ ᠬᠠᠷᠢᠯᠴᠠᠬᠤ ᠠᠷᠭ᠎ᠠ ᠮᠠᠶ᠋ᠢᠭ ᠢ ᠨᠡᠶᠢᠲᠡᠯᠡᠵᠦ᠂ ᠲᠤᠬᠠᠶ ᠶᠢᠨ ᠬᠥᠮᠦᠨ ᠤ ᠳ᠋ᠢᠶᠠᠩᠬᠤᠸᠠ ᠪᠠᠷ ᠠᠰᠠᠭᠤᠨ ᠯᠠᠪᠯᠠᠬᠤ ᠪᠠ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠤᠯᠠᠮ ᠨᠢᠭᠡ ᠠᠯᠬᠤᠮ ᠲᠥᠬᠦᠮ ᠦᠷᠨᠢᠭᠦᠯᠵᠡᠢ᠃      ᠠᠯᠪᠠᠨ ᠭᠡᠷᠡᠴᠢᠯᠡᠭᠡ ᠭᠡᠷ ᠲᠤ ᠬᠦᠷᠴᠦ ᠦᠢᠯᠡᠴᠢᠯᠡᠬᠦ  ᠨᠢ ᠠᠷᠠᠳ ᠤᠨ ᠰᠡᠳᠬᠢᠯ ᠢ  ᠳᠤᠯᠠᠭᠠᠴᠠᠭᠤᠯᠵᠠᠢ      ︽ᠬᠡᠷ ᠲᠤᠨᠢ ᠬᠦᠷᠬᠦ︾ ᠪᠠ ︽ᠥᠨᠳᠥᠷ ᠪᠦᠲᠦᠮᠵᠢᠲᠡᠶ ᠭᠦᠢᠴᠡᠳᠬᠡᠬᠦ︾ ᠶᠢ ᠠᠭᠤᠰᠤᠯᠴᠠᠭᠤᠯᠵᠤ᠂ ᠬᠡᠷ ᠲᠤᠨᠢ ᠬᠦᠷᠴᠦ ᠦᠢᠯᠡᠴᠢᠯᠡᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠲᠤᠬᠠᠶ ᠶᠢᠨ ᠬᠥᠮᠦᠨ ᠳᠤ ︽ᠬᠤᠪᠢ ᠬᠥᠮᠦᠨ ᠤ ᠲᠣᠭᠲᠠᠭᠠᠭᠰᠠᠨ︾ ᠦᠢᠯᠡᠴᠢᠯᠡᠭᠡ ᠬᠠᠩᠭᠠᠵᠤ᠂ ᠠᠯᠪᠠᠨ ᠭᠡᠷᠡᠴᠢᠯᠡᠭᠴᠢ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ ᠵᠡᠷᠭᠡ ᠦᠨᠡᠮᠯᠡᠯ ᠭᠦᠢᠴᠡᠳᠬᠡᠬᠦ ᠲᠥᠬᠦᠭᠡᠷᠦᠮᠵᠢ ᠪᠠᠨ ᠠᠪᠴᠤ᠂ ᠲᠤᠬᠠᠶ ᠶᠢᠨ ᠬᠥᠮᠦᠨ ᠢ ᠬᠡᠷ ᠲᠤ ᠨᠢ ᠳᠠᠷᠤᠶ ᠦᠨᠡᠮᠯᠡᠯ ᠭᠦᠢᠴᠡᠳᠬᠡᠬᠦ ᠪᠣᠶ ᠪᠥᠬᠦᠶ ᠲᠠᠰ ᠳᠠᠷᠠᠭᠠᠯᠠᠯ ᠢ ᠨᠢ ᠪᠡᠶᠡᠯᠡᠭᠦᠯᠵᠦ᠂ ᠣᠨᠴᠠᠭᠠᠶ ᠲᠤᠬᠠᠶ ᠶᠢᠨ ᠬᠥᠮᠦᠨ ᠤ ᠦᠨᠡᠮᠯᠡᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠨ᠂ ᠲᠤᠬᠠᠶ ᠶᠢᠨ ᠬᠥᠮᠦᠨ ᠨᠢ ᠥᠨᠳᠥᠷ ᠪᠦᠲᠦᠮᠵᠢᠲᠡᠶ ᠳᠥᠭᠦᠮ ᠳᠥᠲᠡ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠪᠠᠨ ᠦᠨᠡᠨ ᠬᠦ ᠮᠡᠳᠡᠷᠡᠭᠦᠯᠵᠦ᠂ ᠣᠯᠠᠨ ᠲᠦᠮᠡᠨ ᠤ ᠠᠯᠪᠠᠨ ᠭᠡᠷᠡᠴᠢᠯᠡᠭᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠦᠷᠲᠡᠮᠵᠢ ᠶᠢᠨ ᠲᠥᠷᠥᠭᠳᠡᠯ ᠢᠶᠠᠨ ᠳᠡᠭᠡᠭᠰᠢᠯᠡᠭᠦᠯᠵᠡᠢ᠃      ᠰᠦᠯᠵᠢᠶᠡᠨ ᠳᠡᠭᠡᠷ᠎ᠡ ᠭᠦᠢᠴᠡᠳᠭᠡᠬᠦ ᠨᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠎ᠡ      ︽ᠭᠠᠳᠠᠭᠠᠳᠤ ᠶᠢᠨ ᠠᠯᠤᠰ  ᠤᠨ ᠬᠠᠷᠠᠭᠠᠨ ᠳᠠᠪᠲᠠᠮᠵᠢ ᠪᠠᠷ ᠠᠯᠪᠠᠨ ᠭᠡᠷᠡᠴᠢᠯᠡᠭᠡ ᠬᠢᠬᠦ ᠲᠤᠷᠰᠢᠯᠲᠠ︾ ᠶᠢᠨ ᠳᠠᠪᠠᠭᠤᠯᠢᠭ ᠢ ᠠᠰᠢᠭᠯᠠᠨ᠂ ᠣᠯᠠᠨ ᠰᠠᠯᠠᠭ᠎ᠠ ᠮᠥᠴᠢᠷ᠂ ᠠᠵᠢᠯ ᠲᠥᠷᠥᠯ ᠠᠯᠤᠰᠯᠠᠭᠰᠠᠨ᠂ ᠣᠯᠠᠨ ᠤᠯᠤᠰ ᠠᠯᠤᠰᠯᠠᠭᠰᠠᠨ ᠵᠡᠷᠭᠡ ᠲᠠᠯ᠎ᠠ ᠶᠢᠨ ᠮᠡᠷᠭᠡᠵᠢᠯ ᠢ ᠠᠭᠤᠰᠤᠯᠴᠠᠭᠤᠯᠤᠨ᠂ ︽ᠢᠨᠲ᠋ᠧᠷ ᠰᠦᠯᠵᠢᠶᠡᠨ ᠤ ᠠᠯᠪᠠᠨ ᠭᠡᠷᠡᠴᠢᠯᠡᠭᠡ ᠬᠢᠬᠦ︾ ᠦᠢᠯᠡᠴᠢᠯᠡᠭᠡ ᠶᠢ ᠬᠡᠷᠡᠭᠵᠢᠭᠦᠯᠵᠦ᠂ ᠸᠢᠳᠢᠣ᠋ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠤᠶᠤᠴᠢᠯᠠᠬᠤ᠂ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠦᠨᠡᠮᠯᠡᠯ ᠭᠦᠢᠴᠡᠳᠬᠡᠬᠦ ᠵᠡᠷᠭᠡ ᠠᠯᠢ ᠣᠯᠠᠨ ᠠᠯᠪᠠᠨ ᠭᠡᠷᠡᠴᠢᠯᠡᠭᠡ ᠶᠢᠨ ᠲᠠᠰ ᠳᠠᠷᠠᠭᠠᠯᠠᠯ ᠢ ᠪᠡᠶᠡᠯᠡᠭᠦᠯᠦᠨ᠎ᠡ᠃ ᠡᠭᠦᠨ ᠤ ᠬᠠᠮᠲᠤ᠂ ︽ᠮᠥᠩᠬᠡ ᠰᠤᠪᠠᠭ︾ ᠦᠢᠯᠡᠴᠢᠯᠡᠭᠡᠨ ᠤ ᠵᠠᠮ ᠵᠢᠴᠢ ᠰᠦᠯᠵᠢᠶᠡᠨ ᠳᠡᠭᠡᠷ᠎ᠡ ᠦᠨᠡᠮᠯᠡᠯ ᠭᠦᠢᠴᠡᠳᠬᠡᠬᠦ ᠦᠢᠯᠡᠴᠢᠯᠡᠭᠡ ᠶᠢ ᠨᠡᠪᠲᠡᠷᠡᠭᠦᠯᠵᠦ᠂ ᠲᠤᠬᠠᠶ ᠶᠢᠨ ᠬᠥᠮᠦᠨ ᠤ ᠠᠯᠪᠠᠨ ᠭᠡᠷᠡᠴᠢᠯᠡᠭᠡ ᠶᠢᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠨ᠂ ᠲᠤᠬᠠᠶ ᠶᠢᠨ ᠬᠥᠮᠦᠨ ᠤ ᠬᠡᠰᠡᠭ ᠣᠨᠴᠠᠭᠠᠶ ᠰᠢᠯᠲᠠᠭᠠᠨ ᠠᠴᠠ ᠪᠣᠯᠵᠣ ᠪᠡᠶ᠎ᠡ ᠪᠠᠷ ᠢᠶᠠᠨ ᠠᠯᠪᠠᠨ ᠭᠡᠷᠡᠴᠢᠯᠡᠭᠡ ᠶᠢᠨ ᠭᠠᠵᠠᠷ ᠲᠤ ᠬᠦᠷᠴᠦ ᠦᠨᠡᠮᠯᠡᠯ ᠭᠦᠢᠴᠡᠳᠬᠡᠵᠦ ᠳᠡᠶᠢᠯᠬᠦ ᠥᠬᠡᠶ ᠪᠠᠶᠢᠬᠤ ᠪᠣᠳᠠᠲᠤ ᠬᠦᠴᠢᠷᠳᠡᠯ ᠢ ᠰᠢᠢᠳᠪᠦᠷᠢᠯᠡᠵᠦ᠂ ᠲᠤᠭ᠎ᠠ ᠪᠠᠷᠢᠮᠲᠠ ᠶᠢ ᠭᠦᠶᠦᠯᠭᠡᠬᠦ ᠪᠠᠷ ᠲᠤᠬᠠᠶ ᠶᠢᠨ ᠬᠥᠮᠦᠨ ᠢ ᠣᠷᠣᠯᠠᠭᠤᠯᠬᠤ ᠶᠢ ᠪᠡᠶᠡᠯᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号