ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠴᠢᠩ ᠶᠤᠸᠠᠨ ᠨᠡᠶᠢᠭᠡᠮ ᠲᠣᠭᠤᠷᠢᠭ ᠰᠡᠳᠬᠢᠴᠡ ᠶᠢᠨ ᠡᠷᠡᠭᠦᠯ ᠮᠡᠨᠳᠦ ᠶᠢᠨ ᠵᠢᠯᠣᠭᠤᠳᠬᠤ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2024/6/24
      ᠠᠵᠢᠯᠲᠠᠨ ᠠᠵᠢᠯᠴᠢᠨ ᠤ ᠰᠡᠳᠬᠢᠴᠡ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠠᠮᠢᠳᠤᠷᠠᠯ ᠤᠨ ᠳᠠᠷᠤᠯᠲᠠ ᠶᠢ ᠨᠠᠮᠳᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠴᠢᠩ ᠶᠤᠸᠠᠨ ᠨᠡᠶᠢᠭᠡᠮ ᠲᠣᠭᠤᠷᠢᠭ ︽ᠳᠤᠮᠳᠠᠳᠤ ᠶᠢᠨ ᠦᠨᠳᠦᠰᠦᠲᠡᠨ ᠨᠢᠭᠡ ᠬᠡᠷ ᠪᠦᠯᠢ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾᠎ ᠪᠠᠷ ᠭᠤᠤᠯ ᠰᠡᠳᠦᠪ ᠪᠣᠯᠭᠠᠨ ᠨᠡᠶᠢᠭᠡᠮ ᠲᠣᠭᠤᠷᠢᠭ ᠤᠨ ᠪᠥᠬᠦ ᠠᠵᠢᠯᠲᠠᠳ ᠢ ᠵᠣᠬᠢᠶᠠᠨ ᠪᠠᠶᠢᠭᠤᠯᠵᠤ ᠰᠡᠳᠬᠢᠴᠡ ᠶᠢᠨ ᠡᠷᠡᠭᠦᠯ ᠮᠡᠨᠳᠦ ᠶᠢᠨ ᠵᠢᠯᠣᠭᠤᠳᠬᠤ ᠲᠠᠶᠢᠯᠤᠮᠵᠢ ᠬᠢᠪᠠ᠃      ᠲᠣᠰ ᠠᠵᠢᠯᠯᠠᠭ᠎ᠠ ᠳᠤ ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠶᠢᠨ ᠬᠢᠷᠢ ᠬᠡᠮ ᠤᠨ ᠯᠠᠪᠯᠠᠭᠴᠢ᠂ ᠬᠡᠷ ᠪᠦᠯᠢ ᠶᠢᠨ ᠬᠥᠮᠦᠵᠢᠯ ᠤᠨ ᠵᠢᠯᠣᠭᠤᠳᠣᠭᠴᠢ ᠪᠠᠭᠰᠢ᠂ ᠳᠤᠮᠳᠠᠳᠤ ᠤᠯᠤᠰ ᠤᠨ ᠠᠵᠢᠯᠲᠠᠨ ᠤ ᠶᠠᠪᠤᠳᠠᠯ ᠤᠨ ᠴᠢᠳᠠᠪᠤᠷᠢᠲᠠᠨ ᠤ ᠰᠦᠯᠵᠢᠶᠡᠨ ᠤ ᠳᠡᠭᠡᠳᠦ ᠵᠡᠷᠭᠡ ᠶᠢᠨ ᠯᠧᠺᠲ᠋ᠣᠷ ᠢ ᠤᠷᠢᠵᠤ ᠲᠤᠬᠠᠶ ᠶᠢᠨ ᠲᠠᠯᠠᠪᠠᠶ ᠳᠤ ᠬᠠᠪᠰᠤᠷᠤᠨ ᠵᠢᠯᠣᠭᠤᠳᠪᠠ᠃ ᠪᠠᠭᠰᠢ ᠠᠴᠠ ᠲᠣᠰ ᠪᠡᠶ᠎ᠡ ᠶᠢᠨ ᠠᠮᠢᠳᠤᠷᠠᠯ ᠤᠨ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠤᠨ᠂ ᠬᠡᠷᠬᠢᠨ ᠵᠢᠮ᠎ᠡ ᠶᠣᠰᠣ ᠪᠠᠷ ᠠᠵᠢᠯᠯᠠᠵᠤ ᠠᠮᠠᠷᠠᠬᠤ᠂ ᠤᠷᠮ᠎ᠠ ᠶᠢᠨ ᠬᠠᠮᠢᠶᠠᠷᠤᠯᠲᠠ᠂ ᠵᠦᠶ ᠵᠣᠬᠢᠰᠲᠠᠶ ᠬᠥᠳᠡᠯᠭᠡᠭᠡᠨ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠡᠳᠬᠢᠴᠡ ᠶᠢᠨ ᠳᠠᠷᠤᠯᠲᠠ ᠶᠢ ᠭᠦᠨᠵᠡᠭᠡᠶᠢᠷᠡᠭᠦᠯᠵᠦ᠂ ᠠᠭᠤᠯᠭ᠎ᠠ ᠨᠢ ᠨᠠᠷᠢᠨ ᠪᠣᠳᠠᠲᠠᠶ ᠣᠶᠢᠯᠠᠭᠠᠮᠵᠢᠲᠠᠶ ᠪᠥᠭᠡᠳ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ᠂ ᠠᠮᠢᠳᠤᠷᠠᠯ ᠲᠠᠢ ᠣᠶᠢᠷᠠᠲᠤᠭᠰᠠᠨ ᠪᠠᠶᠢᠨ᠎ᠠ᠃ ᠲᠠᠶᠢᠯᠤᠮᠵᠢ ᠪᠠᠷ ᠳᠠᠮᠵᠢᠭᠤᠯᠤᠨ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢ ᠡᠵᠡᠮᠰᠢᠵᠦ᠂ ᠬᠤᠶᠢᠰᠢᠳᠠ ᠠᠵᠢᠯ ᠠᠮᠢᠳᠤᠷᠠᠯ ᠤᠨ ᠳᠤᠮᠳᠠ ᠰᠡᠳᠬᠢᠴᠡ ᠶᠢᠨ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠪᠤᠢ ᠪᠣᠯᠭᠠᠨ᠎ᠠ ᠭᠡᠵᠦ ᠢᠯᠡᠳᠬᠡᠵᠡᠭᠡᠪᠡ᠃      ᠲᠣᠰ ᠤᠳᠠᠭᠠᠨ ᠤ ᠲᠠᠶᠢᠯᠤᠮᠵᠢ ᠪᠠᠷ ᠳᠡᠮᠵᠢᠨ᠂ ᠣᠯᠠᠨ ᠢᠶᠠᠷ ᠢᠶᠠᠨ ᠰᠡᠳᠬᠢᠴᠡ ᠶᠢᠨ ᠡᠷᠡᠭᠦᠯ ᠮᠡᠨᠳᠦ ᠶᠢᠨ ᠴᠢᠬᠤᠯᠠ ᠴᠢᠨᠠᠷ ᠢ ᠲᠠᠨᠢᠵᠤ᠂ ᠳᠠᠷᠤᠯᠲᠠ ᠪᠠ ᠤᠷᠮ᠎ᠠ ᠶᠢᠨ ᠬᠠᠮᠢᠶᠠᠷᠤᠯᠲᠠ ᠳᠤ ᠨᠠᠩ ᠲᠣᠳᠣᠷᠬᠠᠶ ᠲᠠᠨᠢᠯᠲᠠ ᠪᠠ ᠨᠠᠩ ᠪᠦᠲᠦᠮᠵᠢᠲᠡᠶ ᠰᠢᠢᠳᠪᠦᠷᠢᠯᠡᠬᠦ ᠠᠷᠭ᠎ᠠ ᠠᠪᠤᠭᠰᠠᠨ ᠠᠴᠠ ᠬᠤᠶᠢᠰᠢᠳᠠ ᠶᠢᠨ ᠠᠵᠢᠯ ᠠᠮᠢᠳᠤᠷᠠᠯ ᠳᠠᠭᠠᠨ ᠳᠠᠷᠤᠯᠲᠠ ᠳᠤ ᠵᠥᠪ ᠢᠶᠠᠷ ᠬᠠᠨᠳᠤᠵᠤ᠂ ᠳᠠᠷᠤᠯᠲᠠ ᠶᠢ ᠰᠢᠨᠵᠢᠯᠡᠬᠦ ᠤᠬᠠᠭᠠᠨᠴᠢ ᠪᠠᠷ ᠬᠥᠩᠭᠡᠷᠡᠭᠦᠯᠦᠨ᠂ ᠠᠵᠢᠯ ᠤᠨ ᠦᠷ᠎ᠡ ᠪᠦᠲᠦᠮᠵᠢ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠴᠢᠳᠠᠨ᠎ᠠ ᠭᠡᠳᠡᠭ ᠢ ᠲᠠᠨᠢᠵᠤ ᠤᠯᠪᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号