ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠲᠥᠷᠥᠯ ᠵᠦᠢᠯ ᠢ ᠠᠳᠬᠤᠬᠤ᠂ ᠪᠠᠯᠠ ᠣᠷᠣᠭᠤᠯᠤᠯᠲᠠ ᠶᠢ | ᠲᠣᠭᠲᠠᠪᠤᠷᠢᠵᠢᠭᠤᠯᠬᠤ ᠶᠢ ᠨᠡᠮᠡᠭᠳᠡᠯ ᠢ ᠲᠣᠭᠲᠠᠪᠤᠷᠢᠵᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠵᠤ᠂ | ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠦᠴᠦᠲᠡᠶ ᠳᠥᠯᠭᠢᠨ ᠠᠬᠢᠭᠤᠯᠵᠤ᠂ | ᠪᠦᠲᠦᠮᠵᠢᠲᠡᠶ ᠪᠠᠯᠠ ᠣᠷᠣᠭᠤᠯᠤᠯᠲᠠ ᠶᠢ ᠢᠳᠡᠪᠬᠢᠲᠡᠶ ᠥᠷᠭᠡᠳᠬᠡᠨ᠂ ᠲᠦᠷᠦᠭᠦᠤ 5 ᠰᠠᠷ᠎ᠠ ᠳᠤ᠂ ᠮᠠᠨ ᠤ | ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠴᠥᠮ ᠬᠤᠶᠠᠷ | ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠪᠠ᠃ | 1 — 5 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 46.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ | ᠬᠤᠲᠠ ᠶᠢᠨ ᠲᠠᠪᠤᠨ ᠲᠣᠭᠤᠷᠢᠭ ᠤᠨ ᠨᠢᠭᠡᠳᠦᠭᠡᠷ ᠲᠤ ᠣᠷᠣᠪᠠ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ 500 | ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 44.1% ᠪᠠᠷ ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ | ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 64.8% ᠪᠠᠷ ᠨᠡᠮᠡᠭᠳᠡᠪᠡ᠃ ᠠᠵᠤ ᠦᠢᠯᠡᠰ ᠬᠤᠪᠢᠶᠠᠵᠤ | ᠦᠵᠡᠪᠡᠯ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠬᠦ ᠶᠢ ᠪᠠᠲᠤᠯᠠᠵᠤ᠂ | ᠠᠳᠠᠯᠢ ᠬᠤᠭᠤᠴᠠᠭᠠᠨ ᠤ ᠬᠢ ᠠᠴᠠ 23.1% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠤᠳᠠᠭᠠᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12. | 3% ᠪᠠᠷ ᠪᠠᠭᠤᠷᠠᠪᠠ᠃ | 1 — 5 ᠳ᠋ᠤᠭᠠᠷ ᠰᠠᠷ᠎ᠠ ᠳᠤ᠂ ᠬᠤᠩ ᠶᠤᠸᠠᠨ ᠬᠡᠷᠡᠯ ᠡᠨᠧᠷᠭᠢ ᠶᠢᠨ ᠵᠢᠯ ᠳᠤ 16GW ᠶᠢᠨ ᠥᠨᠳᠥᠷ | ᠪᠦᠲᠦᠮᠵᠢᠲᠡᠶ ᠨᠡᠷᠡᠨ ᠤ ᠡᠨᠧᠷᠭᠢ ᠶᠢᠨ ᠳ᠋ᠢᠶᠠᠨ ᡂᠢ ᠪᠠ ᠵᠢᠩ ᠤᠤ ᠭᠤᠷᠪᠠᠳᠤᠭᠠᠷ ᠬᠤᠭᠤᠴᠠᠭᠠᠨ ᠤ 20GW | ᠲᠡᠯᠡᠰᠲᠦ᠂ ᠬᠡᠷᠴᠢᠮᠡᠯ ᠬᠠᠪᠲᠠᠰᠤ ᠵᠡᠷᠭᠡ ᠶᠡᠷᠦᠩᠬᠡᠶ ᠪᠠᠯᠠ ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠵᠢᠴᠢ | ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢᠶᠠᠷ ᠢᠯᠡᠷᠬᠡᠶ᠂ | ᠴᠢᠬᠤᠯᠠ ᠶᠡᠭᠡ ᠲᠥᠷᠥᠯ ᠵᠦᠢᠯ ᠨᠢ ᠠᠳᠠᠯᠢ ᠬᠤᠭᠤᠴᠠᠭᠠᠨ ᠤ ᠬᠢ ᠠᠴᠠ 55.5% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠪᠥᠬᠦ ᠲᠣᠭᠲᠠᠮᠠᠯ ᠬᠥᠷᠥᠩᠭᠡ ᠠᠴᠠ 8.9 ᠵᠠᠭᠤᠨ ᠤ ᠨᠢᠭᠡᠴᠢ ᠥᠨᠳᠥᠷ ᠪᠤᠯᠪᠠ︔ ᠮᠠᠨ ᠤ | ᠲᠤᠭᠤᠷᠢᠭ ᠤᠨ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ | ᠬᠤᠪᠢ ᠨᠡᠮᠡᠷᠢ ᠶᠢᠨ ᠨᠣᠷᠮ᠎ᠠ ᠨᠢ 89.9 ᠵᠠᠭᠤᠨ ᠤ ᠨᠢᠭᠡᠴᠢ ᠪᠣᠯᠵᠠᠶ᠃ | | | | |