ᠣᠲᠣ ᠪᠣᠯᠲᠠᠯ᠎ᠠ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠨᠢᠭᠡᠨᠲᠡ 14 ᠬᠤᠪᠢ ᠬᠥᠮᠦᠨ ᠳᠤ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ | ᠲᠠᠭᠠᠭᠠᠯᠲᠠᠲᠤ ᠵᠢᠭᠡᠯᠡᠯᠭᠡ ᠶᠢ ᠪᠡᠶᠡᠯᠡᠭᠦᠯᠵᠦ᠂ ᠡᠭᠦᠨ ᠳᠤ ᠯᠢᠦ ᠭᠤᠸᠠᠩ ᠮᠢᠩ ᠠᠳᠠᠯᠢ ᠬᠥᠳᠡᠭᠡ ᠲᠣᠰᠬᠤᠨ ᠤ | ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠲᠠᠷᠢᠶᠠᠴᠢᠨ 9 ᠪᠠᠶᠢᠵᠤ᠂ ᠵᠢᠵᠢᠭ ᠪᠢᠴᠢᠯ ᠠᠵᠤ | ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠵᠢᠭᠡᠯᠡᠯᠭᠡ ᠲᠠᠯᠪᠢᠭᠰᠠᠳ 4 ᠪᠠᠶᠢᠵᠤ᠂ ᠢᠳᠡᠭᠡᠨ ᠤᠮᠳᠠᠭᠠᠨ᠂ ᠡᠬᠡ | ᠨᠢᠯᠬᠠᠰ ᠤᠨ ᠳᠡᠯᠭᠡᠭᠦᠷ᠂ ᠲᠡᠵᠢᠭᠡᠨ ᠦᠷᠡᠵᠢᠭᠦᠯᠬᠦ ᠦᠢᠯᠡᠳᠪᠦᠷᠢ᠂ ᠲᠠᠢ ᠴᠢᠤᠸᠠᠨ ᠳ᠋ᠤᠤ ᠣᠷᠳᠣᠨ᠂ ᠠᠷᠢᠬᠢ ᠲᠠᠮᠠᠬᠢᠨ | ᠬᠡᠲᠦ ᠳᠡᠯᠭᠡᠭᠦᠷ᠂ ᠠᠮᠤ ᠲᠣᠰᠣ ᠬᠤᠳᠠᠯᠳᠤᠨ ᠠᠪᠬᠤ ᠵᠡᠷᠭᠡ ᠡᠯ᠎ᠡ ᠠᠵᠢᠯ ᠲᠥᠷᠥᠯ ᠳᠤ ᠬᠤᠯᠪᠣᠭᠳᠠᠵᠤ᠂ ᠨᠡᠶᠢᠲᠡ | 1535 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠪᠠ᠃ | ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ | ᠪᠠᠲᠤᠯᠠᠭ᠎ᠠ ᠶᠢᠨ ᠲᠣᠪᠴᠢᠶ᠎ᠠ ᠰᠢᠨ᠎ᠡ ᠪᠠᠢᠳᠠᠯ ᠳᠣᠣᠷᠠᠬᠢ ᠭᠤᠣᠯᠳᠠᠯᠭ᠎ᠠ ᠲᠠᠢ ᠬᠥᠮᠦᠰ ᠪᠠ ᠵᠢᠵᠢᠭ ᠪᠢᠴᠢᠯ ᠠᠵᠤ | ᠠᠬᠤᠢᠯᠠᠯ ᠤᠨ ᠠᠳᠠᠯ ᠦᠢᠯᠡᠰ ᠴᠣᠭᠴᠠᠯᠠᠬᠤ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠶᠢ ᠢᠳᠡᠪᠬᠢᠲᠡᠢ ᠬᠠᠶᠢᠨ | ᠰᠦᠪᠡᠭᠴᠢᠯᠡᠵᠦ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠪᠠᠷ ᠲᠡᠳᠭᠦᠬᠦ ᠲᠥᠷᠥ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ ︽ᠬᠤᠶᠠᠷ ᠬᠥᠯ ᠢᠶᠠᠷ ᠶᠠᠪᠤᠬᠤ︾ ᠪᠠᠷ ᠳᠠᠮᠵᠢᠭᠤᠯᠤᠨ ᠠᠳᠠᠯ | ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠠᠳᠠᠯ ᠦᠢᠯᠡᠰ ᠴᠣᠭᠴᠠᠯᠠᠬᠤ ᠳᠤ ᠲᠤᠰᠠᠯᠠᠬᠤ᠂ ᠠᠵᠢᠯ | ᠣᠯᠭᠤᠯᠲᠠ ᠶᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠠᠢ᠃ ᠨᠢᠭᠡ ᠲᠠᠯ᠎ᠠ ᠪᠠᠷ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠦᠢᠯᠡᠰ ᠴᠣᠭᠴᠠᠯᠠᠬᠤ | ᠲᠠᠭᠠᠭᠠᠯᠳᠠᠳᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠳᠠᠷᠤᠮᠠᠯᠯᠠᠨ | ᠲᠠᠷᠬᠠᠭᠠᠬᠤ᠂ ︽ᠤᠷᠢᠬᠠᠨ ᠰᠠᠯᠬᠢᠨ ᠤ ᠠᠵᠢᠯᠯᠠᠭ᠎ᠠ︾᠂ ︽ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾ ᠵᠡᠷᠭᠡ | ᠠᠵᠢᠯᠲᠠᠨ ᠡᠯᠰᠡᠬᠦ ᠠᠵᠢᠯᠯᠠᠭ᠎ᠠ ᠶᠢ ᠠᠰᠢᠭᠯᠠᠨ᠂ ᠠᠵᠢᠯᠲᠠᠳ ᠢᠶᠠᠨ ᠵᠣᠬᠢᠶᠠᠨ ᠪᠠᠶᠢᠭᠤᠯᠤᠨ ᠰᠢᠶᠠᠩ ᠪᠠᠯᠭᠠᠰᠤ᠂ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠡᠷᠦᠬᠡ ᠳᠤ ᠬᠦᠷᠴᠦ ᠤᠬᠠᠭᠤᠯᠵᠤ᠂ | ︽ᠴᠢᠩᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ︾ ᠤᠨ ᠸᠢᠴᠠᠲ ᠤᠨ ᠣᠯᠠᠨ | ᠨᠡᠶᠢᠲᠡ ᠶᠢᠨ ᠳ᠋ᠤᠭᠠᠷ᠂ ︽ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︾ ᠶᠢᠨ ᠲᠢᠭ᠋ ᠲᠤᠭ ᠰᠢᠭᠤᠳ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠠᠶᠢᠯ ᠡᠷᠦᠬᠡ ᠪᠣᠯᠭᠠᠨ ᠳᠤ | ᠤᠬᠠᠭᠤᠯᠪᠠ᠃ ᠨᠥᠭᠦᠭᠡ ᠲᠠᠯ᠎ᠠ ᠪᠠᠷ ᠠᠳᠠᠯ ᠦᠢᠯᠡᠰ ᠴᠣᠭᠴᠠᠯᠠᠭᠴᠢᠳ ᠲᠤ ᠲᠣᠭᠲᠠᠮᠠᠯ ᠬᠤᠭᠤᠴᠠᠭ᠎ᠠ ᠲᠠᠢ ᠪᠠᠷ | ᠬᠠᠷᠢᠭᠤ ᠰᠤᠷᠪᠤᠯᠵᠢᠯᠠᠵᠤ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠵᠢᠵᠢᠭ ᠪᠢᠴᠢᠯ ᠠᠵᠤ | ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠪᠠ ᠬᠦᠴᠢᠷ ᠲᠦᠪᠡᠭᠲᠡᠶ ᠠᠰᠠᠭᠤᠳᠠᠯ ᠢ ᠴᠠᠭ ᠲᠤᠬᠠᠶ ᠳᠤᠨᠢ ᠣᠶᠢᠯᠠᠭᠠᠨ | ᠡᠵᠡᠮᠰᠢᠵᠦ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠬᠢᠴᠢᠶᠡᠯ ᠪᠠ ᠲᠥᠷᠥ ᠶᠢᠨ ᠪᠣᠳᠣᠯᠭ᠎ᠠ ᠶᠢᠨ | ᠲᠠᠨᠢᠯᠴᠠᠭᠤᠯᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠢ ᠬᠠᠪᠰᠤᠷᠤᠨ ᠪᠡᠷᠬᠡ ᠪᠣᠭᠤᠮᠲᠠ ᠶᠢ | ᠳᠤᠭᠤᠯᠵᠤ᠂ ᠵᠢᠭᠡᠯᠡᠯᠭᠡ ᠶᠢᠨ ᠲᠦᠭᠰᠢᠭᠦᠷᠢ ᠶᠢ ᠴᠠᠭ ᠲᠤᠬᠠᠶ ᠳᠤᠨᠢ ᠠᠷᠢᠯᠭᠠᠨ᠂ ᠵᠢᠭᠡᠯᠡᠯᠭᠡ ᠶᠢᠨ ᠰᠠᠭᠤᠷᠢ | ᠮᠥᠩᠭᠦ ᠶᠢᠨ ᠰᠠᠶᠢᠨ ᠠᠵᠢᠯᠯᠠᠭᠠᠨ ᠢ ᠪᠠᠲᠤᠯᠠᠵᠤ᠂ ᠨᠥᠬᠦᠴᠡᠯ ᠳᠤ ᠨᠡᠶᠢᠴᠡᠬᠦ᠂ ᠵᠢᠭᠡᠯᠡᠯᠭᠡ ᠠᠪᠬᠤ ᠬᠦᠰᠡᠯ | ᠡᠷᠡᠮᠡᠯᠵᠡᠯ ᠲᠠᠢ ᠨᠠᠩ ᠣᠯᠠᠨ ᠠᠳᠠᠯ ᠦᠢᠯᠡᠰ ᠴᠣᠭᠴᠠᠯᠠᠭᠴᠢ ᠳᠤ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ | ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ | ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠠᠵᠢᠯ ᠤᠨ ᠠᠷᠭ᠎ᠠ | ᠬᠡᠮᠵᠢᠶ᠎ᠡ ᠶᠢᠨ ᠰᠢᠨ᠎ᠡ ᠶᠢ ᠡᠭᠦᠳᠴᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠡᠯ᠎ᠡ ᠵᠦᠢᠯ ᠤᠨ | ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠰᠢᠯᠢᠳᠡᠭᠵᠢᠭᠦᠯᠦᠨ ᠨᠠᠶᠢᠳᠠᠪᠤᠷᠢᠵᠢᠭᠤᠯᠵᠤ᠂ | ︽ᠵᠢᠭᠡᠯᠡᠯᠭᠡ︾ ᠪᠠᠷ ᠭᠠᠷᠳᠠᠴᠠ ᠪᠣᠯᠭᠠᠵᠤ᠂ ᠬᠠᠷᠢᠶ᠎ᠠ ᠣᠷᠣᠨ ᠤ ᠤᠯᠠᠨ ᠲᠦᠮᠡᠨ ᠤ ᠴᠢᠨᠠᠷ ᠰᠠᠶᠢᠲᠠᠢ ᠭᠦᠢᠴᠡᠳ ᠠᠵᠢᠯ | ᠣᠯᠭᠤᠯᠲᠠ ᠶᠢ ᠠᠬᠢᠭᠤᠯᠤᠨ᠎ᠠ᠃ | | | | |