ᠪᠤᠭᠤᠲᠤ ᠬᠤᠲᠠ ᠶᠢᠨ ᠨᠣᠭᠤᠭᠠᠷᠠᠭᠤᠯᠤᠯᠲᠠ ᠶᠢᠨ ᠵᠥᠪᠯᠡᠯ ᠤᠨ ᠬᠤᠲᠠ ᠶᠢᠨ ᠨᠣᠭᠤᠭᠠᠷᠠᠭᠤᠯᠤᠯᠲᠠ ᠶᠢᠨ | ᠠᠯᠪᠠᠨ ᠭᠡᠷ ᠤᠨ ᠵᠢᠭᠠᠪᠤᠷᠢ ᠶᠢᠨ ᠲᠣᠬᠢᠷᠠᠭᠤᠯᠤᠯᠲᠠ ᠶᠣᠰᠣᠭᠠᠷ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠬᠤᠲᠠ ᠶᠢᠨ ᠠᠷᠠᠳ ᠣᠯᠠᠨ ᠤ | ᠤᠷᠤᠰᠢᠨ ᠰᠠᠭᠤᠷᠢᠰᠢᠬᠤ ᠳᠤ ᠲᠣᠬᠢᠷᠠᠮᠵᠢᠲᠠᠢ ᠠᠮᠢ ᠠᠬᠤᠢ ᠶᠢᠨ ᠣᠷᠴᠢᠨ ᠲᠣᠭᠤᠷᠢᠨ ᠤ ᠲᠤᠬᠠᠢ ᠰᠠᠢᠨ ᠰᠠᠢᠬᠠᠨ | ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠣᠷᠣᠨ | ᠰᠠᠭᠤᠴᠠ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶᠠᠨ ᠤ ᠨᠣᠭᠤᠭᠠᠷᠠᠭᠤᠯᠤᠯᠲᠠ ᠶᠢᠨ ᠡᠯ᠎ᠡ ᠰᠠᠯᠠᠭ᠎ᠠ | ᠮᠥᠴᠢᠷ ᠤᠨ ᠠᠵᠢᠯᠲᠠᠳ ᠢᠦᠢ ᠾᠧ ᠲᠢᠶᠠᠨ ᠠᠷᠠᠴᠢᠯᠠᠨ ᠬᠠᠮᠠᠭᠠᠯᠠᠬᠤ ᠠᠵᠤ ᠠᠬᠤᠢᠯᠠᠯ ᠲᠠᠢ ᠬᠠᠮᠲᠤᠷᠠᠨ ᠸᠠᠨ ᠺᠧ | ᠲᠥᠪ ᠤᠨ ᠴᠡᠴᠡᠷᠯᠢᠭ ᠤᠨ ᠵᠡᠭᠦᠨ ᠬᠤᠶᠢᠳᠦ ᠪᠤᠯᠤᠩ ᠳᠤ ᠰᠢᠷᠠᠯᠵᠢ ᠡᠪᠡᠰᠦ ᠵᠠᠰᠠᠬᠤ ᠲᠤᠰᠬᠠᠢ ᠲᠥᠷᠥᠯ ᠤᠨ | ᠴᠡᠪᠡᠷᠯᠡᠨ ᠠᠷᠢᠯᠭᠠᠬᠤ ᠠᠵᠢᠯᠯᠠᠭ᠎ᠠ ᠥᠷᠨᠢᠭᠦᠯᠪᠡ᠃ ᠵᠢᠯ ᠪᠦᠷᠢ ᠶᠢᠨ 5 —9 ᠳ᠋ᠦ᠋ᠭᠡᠷ ᠰᠠᠷ᠎ᠠ ᠪᠣᠯ ᠰᠢᠷᠠᠯᠵᠢ | ᠡᠪᠡᠰᠦ ᠶᠢᠨ ᠤᠷᠭᠤᠯᠲᠠ ᠶᠢᠨ ᠬᠥᠭᠵᠢᠯ ᠪᠠᠳᠠᠷᠠᠯ ᠤᠨ ᠬᠤᠭᠤᠴᠠᠭ᠎ᠠ ᠪᠣᠯᠤᠨ᠎ᠠ᠂ ᠮᠥᠨ ᠴᠦ ᠨᠡᠯᠢᠶᠡᠳ ᠴᠢᠩᠭ᠎ᠠ | ᠬᠠᠷᠰᠢᠯ ᠡᠭᠦᠰᠭᠡᠬᠦ ᠰᠢᠷᠠᠯᠵᠢ ᠡᠪᠡᠰᠦ ᠶᠢ ᠴᠡᠪᠡᠷᠯᠡᠨ ᠠᠷᠢᠯᠭᠠᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ | ᠡᠪᠡᠰᠦᠨ ᠤ ᠦᠷ᠎ᠡ ᠪᠤᠲᠠᠷᠠᠵᠤ ᠰᠢᠷᠠᠯᠵᠢ ᠡᠪᠡᠰᠦ ᠶᠢ ᠲᠠᠬᠢᠨ ᠤᠷᠭᠤᠭᠤᠯᠬᠤ ᠠᠴᠠ ᠵᠠᠶᠢᠯᠠᠰᠬᠢᠬᠦ ᠶᠢᠨ ᠲᠥᠯᠥᠭᠡ᠂ | ᠤᠯᠠᠨ ᠢᠶᠠᠷ ᠢᠶᠠᠨ ᠰᠢᠷᠠᠯᠵᠢ ᠡᠪᠡᠰᠦ ᠶᠢ ᠦᠨᠳᠦᠰᠦ ᠪᠠᠨ ᠰᠤᠪᠢᠬᠤ ᠶᠢᠨ ᠬᠠᠮᠲᠤ ᠦᠭᠲᠡᠭᠡᠵᠦ ᠬᠠᠶᠠᠭᠰᠠᠨ ᠰᠢᠷᠠᠯᠵᠢ | ᠡᠪᠡᠰᠦ ᠶᠢ ᠴᠠᠭ ᠲᠤᠬᠠᠢ ᠳᠤᠨᠢ ᠲᠥᠪᠯᠡᠷᠡᠭᠦᠯᠦᠨ ᠴᠡᠪᠡᠷᠯᠡᠵᠦ᠂ ᠰᠢᠷᠠᠯᠵᠢ ᠡᠪᠡᠰᠦᠨ ᠤ ᠲᠣᠭᠤᠰᠣᠨ ᠤ | ᠲᠠᠷᠬᠠᠯᠲᠠ ᠠᠴᠠ ᠪᠣᠯᠤᠭᠰᠠᠨ ᠬᠠᠷᠰᠢᠯ ᠡᠬᠦᠰᠬᠦ ᠨᠤᠷᠮ᠎ᠠ ᠶᠢ ᠪᠦᠲᠦᠮᠵᠢᠲᠡᠢ ᠪᠠᠭᠤᠷᠠᠭᠤᠯᠵᠤ᠂ ᠲᠤᠰ ᠤᠳᠠᠭ᠎ᠠ ᠨᠡᠶᠢᠳᠡ | 9600 ᠲᠡᠭᠰᠢ ᠳᠥᠷᠪᠡᠯᠵᠢᠨ ᠮᠧᠲᠷ ᠰᠢᠷᠠᠯᠵᠢ ᠡᠪᠡᠰᠦ ᠶᠢ ᠴᠡᠪᠡᠷᠯᠡᠪᠡ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠲᠣᠭᠤᠷᠢᠭ ᠤᠨ ᠳᠣᠲᠣᠷᠠᠬᠢ ᠰᠢᠷᠠᠯᠵᠢ ᠡᠪᠡᠰᠦ ᠶᠢ ᠲᠣᠭᠤᠷᠢᠨ | ᠪᠠᠶᠢᠴᠠᠭᠠᠬᠤ᠂ ᠴᠡᠪᠡᠷᠯᠡᠬᠦ ᠠᠵᠢᠯ ᠢ ᠦᠷᠭᠦᠯᠵᠢᠯᠡᠨ ᠥᠷᠨᠢᠭᠦᠯᠵᠦ᠂ ᠬᠤᠲᠠ ᠶᠢᠨ ᠠᠷᠠᠳ ᠲᠤ ᠪᠣᠬᠢᠷᠲᠤᠯ ᠥᠬᠡᠶ᠂ | ᠡᠷᠡᠭᠦᠯ ᠴᠢᠭᠢᠷᠠᠭ᠂ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠨ᠎ᠠ᠃ |