ᠤᠢᠢᠷ᠎ᠠ ᠶᠢᠨ ᠵᠢᠯ ᠠᠴᠠ᠂ ᠴᠢᠩᠱᠠᠨ ᠲᠣᠭᠤᠷᠢᠭ ᠰᠢᠨ᠎ᠡ ᠡᠨᠧᠷᠭᠢ ᠶᠢᠨ ᠬᠦᠷᠢᠶᠡᠨ ᠳᠤ ᠲᠦᠷᠭᠡᠨ | ᠪᠠᠶᠢᠷᠢᠰᠢᠭᠤᠯᠤᠯᠲᠠ ᠬᠢᠵᠦ᠂ ᠬᠠᠮᠢᠶ᠎ᠠ ᠪᠦᠬᠦᠢ ᠠᠵᠤ ᠦᠢᠯᠡᠰ ᠤᠨ ᠪᠡᠯᠡ ᠣᠷᠣᠭᠤᠯᠤᠯᠲᠠ ᠦᠳᠲᠡᠷ ᠲᠦᠷᠭᠡᠨ | ᠬᠥᠭᠵᠢᠬᠦ ᠪᠠᠶᠢᠳᠠᠯ ᠢᠶᠠᠨ ᠪᠠᠲᠤᠯᠠᠵᠤ᠂ ᠰᠢᠨ᠎ᠡ ᠡᠨᠧᠷᠭᠢ ᠪᠠᠷ ᠪᠦᠬᠦ ᠲᠤᠭᠤᠷᠢᠭ ᠤᠨ ᠠᠵᠤ ᠠᠬᠤᠢ ᠶᠢᠨ ᠨᠡᠮᠡᠭᠳᠡᠯ᠂ | ᠪᠦᠲᠦᠴᠡ ᠶᠢ ᠰᠢᠯᠢᠳᠡᠭᠵᠢᠭᠦᠯᠦᠨ ᠲᠤᠬᠢᠷᠠᠭᠤᠯᠬᠤ ᠭᠤᠣᠯ ᠠᠵᠤ ᠦᠢᠯᠡᠰ ᠤᠨ ᠲᠤᠯᠭᠠᠭᠤᠷᠢ ᠪᠤᠯᠭᠠᠪᠠ᠃ ᠴᠢᠩᠱᠠᠨ | ᠲᠣᠭᠤᠷᠢᠭ ᠨᠢ ᠠᠵᠤ ᠦᠢᠯᠡᠳᠪᠦᠷᠢ ᠶᠢᠨ ᠬᠦᠴᠦᠷᠬᠡᠭ ᠣᠷᠣᠨ ᠪᠣᠯᠤᠭᠰᠠᠨ ᠤ ᠬᠤᠪᠢ ᠳᠤ᠂ ᠠᠵᠤ ᠦᠢᠯᠡᠳᠪᠦᠷᠢ ᠶᠢᠨ | ᠠᠵᠤ ᠠᠬᠤᠢ ᠲᠠᠰᠤᠷᠠᠯᠲᠠ ᠦᠭᠡᠢ ᠥᠷᠭᠡᠳᠴᠦ ᠪᠠᠶᠢᠬᠤ ᠶᠢᠨ ᠬᠠᠮᠲᠤ ᠪᠠᠰᠠ ᠪᠣᠬᠢᠷᠲᠤᠯ ᠦᠭᠡᠢ ᠡᠨᠧᠷᠭᠢ᠂ | ᠰᠢᠨ᠎ᠡ ᠪᠠᠷ ᠮᠠᠨᠳᠤᠭᠰᠠᠨ ᠠᠵᠤ ᠦᠢᠯᠡᠰ᠂ ᠡᠨᠧᠷᠭᠢ ᠬᠠᠳᠠᠭᠠᠯᠠᠬᠤ ᠠᠵᠤ ᠦᠢᠯᠡᠰ ᠵᠡᠷᠭᠡ ᠲᠠᠯ᠎ᠠ ᠪᠠᠷ ᠨᠡᠯᠢᠶᠡᠳ ᠰᠠᠶᠢᠨ | ᠠᠮᠵᠢᠯᠲᠠ ᠣᠯᠵᠤ᠂ ᠪᠡᠯᠡ ᠣᠷᠣᠭᠤᠯᠤᠯᠲᠠ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠳᠴᠦ᠂ ᠠᠵᠤ ᠦᠢᠯᠡᠰ ᠤᠨ | ᠬᠡᠯᠬᠢᠶ᠎ᠡ ᠦᠷᠭᠦᠯᠵᠢᠯᠡᠨ ᠤᠷᠲᠤᠳᠬᠠᠵᠤ᠂ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠬᠤᠷᠳᠤᠴᠠ | ᠲᠦᠷᠭᠡᠳᠬᠦ ᠰᠠᠶᠢᠨ ᠰᠠᠶᠢᠬᠠᠨ ᠪᠠᠶᠢᠳᠠᠯ ᠢᠯᠡᠷᠡᠵᠡᠶ᠃ | 1 — 5 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ | ᠬᠤᠪᠢᠶᠠᠷᠢᠯᠠᠭᠰᠠᠨ ᠰᠢᠨ᠎ᠡ ᠡᠨᠧᠷᠭᠢ ᠶᠢᠨ ᠠᠵᠤ ᠦᠢᠯᠡᠰ ᠤᠨ ᠠᠵᠢᠯ ᠲᠥᠷᠥᠯ ᠤᠨ ᠲᠥᠷᠥᠯ ᠬᠤᠪᠢᠶᠠᠭᠰᠠᠨ | ᠶᠣᠰᠣᠭᠠᠷ᠂ ᠴᠢᠩᠱᠠᠨ ᠲᠣᠭᠤᠷᠢᠭ ᠤᠨ ᠰᠢᠨ᠎ᠡ ᠡᠨᠧᠷᠭᠢ ᠶᠢᠨ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ | 152.9% ᠪᠠᠷ ᠨᠡᠮᠡᠭᠳᠡᠵᠦ᠂ 1 — 4 ᠳ᠋ᠦ᠋ᠭᠡᠷ ᠰᠠᠷ᠎ᠠ ᠶᠢᠨ ᠬᠢ ᠠᠴᠠ 81.1 ᠵᠠᠭᠤᠨ ᠤ ᠴᠡᠭ ᠳᠡᠭᠡᠭᠰᠢᠯᠡᠵᠦ᠂ | ᠴᠢᠩᠱᠠᠨ ᠲᠣᠭᠤᠷᠢᠭ ᠤᠨ ᠪᠠᠯᠠ ᠣᠷᠣᠭᠤᠯᠤᠯᠲᠠ ᠶᠢ ᠳᠠᠶᠢᠴᠢᠯᠠᠨ 59.3 ᠵᠠᠭᠤᠨ ᠤ ᠴᠡᠭ ᠨᠡᠮᠡᠭᠳᠡᠭᠦᠯᠵᠦ᠂ ᠪᠥᠬᠦ | ᠪᠠᠯᠠ ᠣᠷᠣᠭᠤᠯᠤᠯᠲᠠ ᠶᠢᠨ 66.9% ᠶᠢ ᠡᠵᠡᠯᠡᠪᠡ᠃ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ ᠪᠠᠶᠢᠯᠳᠤᠬᠤ | ᠪᠣᠳᠣᠯᠭ᠎ᠠ ᠶᠢᠨ ᠳᠠᠭᠠᠭᠤᠯᠭ᠎ᠠ ᠳᠣᠤᠷ᠎ᠠ᠂ ᠬᠡᠷᠡᠯ ᠴᠡᠨᠡᠭ ᠤᠨ ᠲᠥᠬᠦᠭᠡᠷᠦᠮᠵᠢ ᠶᠢᠨ ᠲᠣᠨᠤᠭ ᠲᠥᠬᠦᠭᠡᠷᠦᠮᠵᠢ᠂ | ᠡᠯᠧᠺᠲᠷᠣᠨ ᠲᠤᠰᠬᠠᠶ ᠮᠠᠲ᠋ᠧᠷᠢᠶᠠᠯ᠂ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢ ᠶᠢᠨ ᠪᠦᠲᠦᠭᠡᠭᠳᠡᠬᠦᠨ ᠦᠢᠯᠡᠳᠬᠦ | ᠵᠡᠷᠭᠡ ᠨᠢ ᠲᠣᠰ ᠲᠣᠰ ᠠᠳᠠᠯᠢ ᠬᠤᠭᠤᠴᠠᠭᠠᠨ ᠤ ᠬᠢ ᠠᠴᠠ 77.7%᠂ 202.6%᠂ 317.2% ᠢᠶᠠᠷ | ᠨᠡᠮᠡᠭᠳᠡᠵᠦ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠰᠢᠨ᠎ᠡ ᠳᠠᠰᠢ ᠬᠥᠭᠵᠢᠬᠦ ᠶᠢ ᠤᠯᠠᠮ ᠨᠢᠭᠡ ᠠᠯᠬᠤᠮ | ᠠᠬᠢᠭᠤᠯᠵᠤ᠂ ᠪᠣᠬᠢᠷᠲᠤᠯ ᠥᠬᠡᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ | | |