1—5 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠪᠠᠶᠢᠬᠤ ᠶᠢᠨ ᠵᠡᠷᠭᠡ ᠳᠤ ᠳᠡᠭᠡᠭᠰᠢᠯᠡᠯᠲᠡ ᠲᠠᠢ ᠪᠣᠯᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠬᠤᠷᠳᠤᠴᠠ ᠪᠦᠬᠦ ᠬᠤᠲᠠ ᠳᠤ ᠦᠷᠭᠦᠯᠵᠢᠯᠡᠨ ᠲᠡᠷᠢᠭᠦᠯᠡᠪᠡ
ᠨᠡᠶᠢᠲᠡᠯᠡᠭᠰᠡᠨ ᠴᠠᠭ᠄
2024/6/26
      ᠴᠢᠩᠱᠠᠨ ᠲᠣᠭᠤᠷᠢᠭ  ᠬᠤᠳᠠᠯᠳᠤᠭᠠᠨ ᠤ ᠬᠡᠲᠦ ᠳᠡᠯᠭᠡᠭᠦᠷ᠂ ᠭᠡᠷ ᠤᠨ ᠴᠠᠬᠢᠯᠭᠠᠨ ᠬᠡᠷᠡᠭᠰᠡᠯ᠂ ᠢᠳᠡᠭᠡᠨ ᠤᠮᠳᠠᠭᠠᠨ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠣᠯᠪᠠ᠃ 1—5 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 115.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6%᠎ ᠪᠠᠷ ᠨᠡᠮᠡᠭᠳᠡᠨ᠂ 1— 4 ᠳ᠋ᠦ᠋ᠭᠡᠷ ᠰᠠᠷ᠎ᠠ ᠶᠢᠨ ᠬᠢ ᠠᠴᠠ 0.2 ᠵᠠᠭᠤᠨ ᠤ ᠨᠢᠭᠡᠴᠢ ᠲᠦᠷᠭᠡᠳᠴᠦ᠂ ᠡᠨᠡ ᠵᠢᠯ ᠤᠨ ᠨᠡᠮᠡᠭᠳᠡᠯ ᠤᠨ ᠬᠤᠷᠳᠤᠴᠠ ᠦᠷᠭᠦᠯᠵᠢᠯᠡᠨ ᠨᠠᠮᠳᠠᠭᠰᠠᠨ ᠤ ᠳᠠᠷᠠᠭ᠎ᠠ ᠠᠩᠬ᠎ᠠ ᠤᠳᠠᠭ᠎ᠠ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠲᠡᠷᠢᠭᠦᠨ ᠳᠤ ᠣᠷᠣᠪᠠ᠃ ᠬᠡᠷᠡᠭᠯᠡᠭᠡᠨ ᠤ ᠲᠥᠷᠥᠯ ᠢᠶᠠᠷ ᠨᠢ ᠬᠤᠪᠢᠶᠠᠪᠠᠯ᠂ ᠲᠠᠸᠠᠷ ᠤᠨ ᠵᠢᠵᠢᠭᠯᠡᠨ ᠪᠣᠷᠣᠯᠠᠭᠤᠯᠤᠯᠲᠠ 102.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2%᠎ ᠢᠶᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 13.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3%᠎ ᠪᠠᠷ ᠨᠡᠮᠡᠭᠳᠡᠨ᠂ ᠢᠳᠡᠭᠡᠨ ᠤᠮᠳᠠᠭᠠᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠲᠠᠸᠠᠷ ᠵᠢᠵᠢᠭᠯᠡᠨ ᠬᠤᠳᠠᠯᠳᠤᠬᠤ ᠠᠴᠠ ᠲᠦᠷᠭᠡᠨ ᠪᠣᠯᠪᠠ᠃      ᠬᠢᠵᠠᠭᠠᠷᠯᠠᠭᠰᠠᠨ ᠲᠤᠭ᠎ᠠ ᠶᠢᠨ ᠲᠠᠯ᠎ᠠ ᠠᠴᠠ ᠦᠵᠡᠪᠡᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 8.7%᠎ ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢ 3.5 ᠵᠠᠭᠤᠨ ᠤ ᠨᠢᠭᠡᠴᠢ ᠨᠡᠮᠡᠭᠳᠡᠭᠦᠯᠬᠦ ᠪᠠᠷ ᠳᠠᠶᠢᠴᠢᠯᠠᠪᠠ᠃ ᠡᠭᠦᠨ ᠳᠤ 5 ᠳ᠋ᠤᠭᠠᠷ ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 6% ᠨᠡᠮᠡᠭᠳᠡᠵᠦ᠂ ᠲᠦᠷᠦᠭᠦᠤ ᠰᠠᠷ᠎ᠠ ᠶᠢᠨ ᠬᠢ ᠠᠴᠠ 16.5% ᠨᠡᠮᠡᠭᠳᠡᠪᠡ᠃ ᠲᠥᠷᠥᠯ ᠵᠦᠢᠯ ᠤᠨ ᠬᠡᠮᠵᠢᠭᠳᠡᠯ ᠠᠴᠠ ᠦᠵᠡᠪᠡᠯ᠂ ᠲᠠᠪᠤᠨ ᠬᠤᠪᠢ ᠶᠢᠨ ᠲᠠᠸᠠᠷ ᠤᠨ ᠵᠢᠵᠢᠭᠯᠡᠨ ᠬᠤᠳᠠᠯᠳᠤᠬᠤ ᠬᠡᠮᠵᠢᠶ᠎ᠡ ᠡᠶᠡᠷᠭᠦ ᠨᠡᠮᠡᠭᠳᠡᠯ ᠢ ᠪᠡᠶᠡᠯᠡᠭᠦᠯᠪᠡ᠃ 1—5 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠤᠮᠳᠠᠭᠠᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 216.1%᠎ ᠪᠠᠷ ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 23%᠎ ᠪᠠᠷ ᠨᠡᠮᠡᠭᠳᠡᠨ᠂ ᠠᠷᠢᠬᠢ ᠲᠠᠮᠠᠬᠢ 10.8%᠎ ᠪᠠᠷ ᠨᠡᠮᠡᠭᠳᠡᠵᠦ᠂ ᠠᠮᠤ ᠲᠣᠰᠣ ᠢᠳᠡᠭᠡᠨ ᠤ ᠵᠦᠢᠯ 10.1%᠎ ᠪᠠᠷ ᠨᠡᠮᠡᠭᠳᠡᠵᠦ᠂ ᠬᠢᠲᠠᠳ ᠧᠦ᠋ᠷᠣᠫᠠ ᠡᠮ ᠤᠨ ᠵᠦᠢᠯ 5.3%᠎ ᠪᠠᠷ ᠨᠡᠮᠡᠭᠳᠡᠵᠦ᠂ ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ 3.6%᠎ ᠪᠠᠷ ᠨᠡᠮᠡᠭᠳᠡᠵᠦ᠂ ᠮᠠᠰᠢᠨ ᠲᠡᠷᠭᠡᠨ ᠤ ᠲᠥᠷᠥᠯ 8.5%᠎ ᠪᠠᠷ ᠨᠡᠮᠡᠭᠳᠡᠵᠦ᠂ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ 16.3%᠎ ᠪᠠᠷ ᠨᠡᠮᠡᠭᠳᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号