ᠣᠯᠠᠨ ᠲᠦᠮᠡᠨ ᠤ ︽ᠣᠶᠢᠷ᠎ᠠ ᠬᠠᠪᠢ ᠳᠠᠭᠠᠨ ᠭᠦᠢᠴᠡᠳᠬᠡᠬᠦ︾᠂ ︽ᠣᠯᠠᠨ ᠭᠠᠵᠠᠷ ᠲᠤ ᠭᠦᠢᠴᠡᠳᠬᠡᠬᠦ︾ | ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ | ᠴᠤᠤᠷᠢᠶᠠᠲᠤᠨ ᠳᠠᠭᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ | ᠦᠢᠯᠡᠴᠢᠯᠡᠭᠡᠨ ᠤ ᠲᠥᠪ ᠨᠢ ᠪᠠᠩᠬᠢ ᠶᠢᠨ ᠲᠣᠣᠷ ᠴᠡᠭ ᠤᠨ ᠲᠠᠷᠬᠠᠯᠲᠠ ᠨᠢ ᠥᠷᠭᠡᠨ᠂ ᠨᠢᠭᠲᠠᠴᠠ ᠨᠢ ᠶᠡᠭᠡ᠂ | ᠲᠥᠬᠦᠭᠡᠷᠦᠮᠵᠢ ᠨᠢ ᠲᠡᠷᠢᠭᠦᠨ ᠤ ᠵᠡᠷᠭᠡ ᠳᠠᠪᠠᠭᠤᠯᠢᠭ ᠢᠶᠠᠨ ᠠᠰᠢᠭᠯᠠᠨ᠂ ᠬᠤᠷᠰᠢᠶ᠎ᠠ ᠪᠠ ᠪᠠᠩᠬᠢ ᠶᠢᠨ | ᠬᠠᠮᠲᠤᠷᠠᠯᠴᠠᠭᠠᠨ ᠤ ᠲᠦᠷᠦᠯ ᠵᠦᠢᠯ ᠢ ᠢᠳᠡᠪᠬᠢᠲᠡᠢ ᠬᠡᠷᠡᠭᠵᠢᠭᠦᠯᠪᠡ᠃ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ | ᠠᠵᠢᠯ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠭᠰᠡᠨ ᠢᠶᠠᠷ ᠪᠠᠷᠠᠬᠤ ᠦᠭᠡᠢ᠂ ᠪᠠᠰᠠ ᠤᠯᠠᠨ ᠲᠦᠮᠡᠨ ᠤ | ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠴᠠᠭ ᠪᠠ ᠵᠠᠢ ᠶᠢ ᠶᠡᠭᠡ ᠪᠠᠷ ᠪᠣᠭᠤᠨᠢᠰᠬᠠᠭᠰᠠᠨ ᠪᠠᠶᠢᠨ᠎ᠠ᠃ ᠳᠡᠯᠭᠡᠷᠡᠭᠦᠯᠬᠦ | ᠶᠠᠪᠤᠴᠠ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠠᠴᠠ | ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠠᠮᠲᠤᠷᠠᠯᠴᠠᠭᠠᠨ ᠤ ᠪᠠᠩᠬᠢ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ | ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠠᠯᠬᠤᠮ ᠠᠯᠬᠤᠮ ᠢᠶᠠᠷ ᠳᠣᠷᠣᠭᠰᠢ ᠪᠠᠭᠤᠯᠭᠠᠵᠤ᠂ ᠡᠮᠦᠨ᠎ᠡ | ᠲᠡᠭᠦᠷᠭᠡ ᠶᠢᠨ ᠬᠤᠯᠪᠣᠭᠠᠲᠤ ᠬᠤᠷᠰᠢᠶ᠎ᠠ ᠳᠤ ︽ᠬᠤᠷᠰᠢᠶ᠎ᠠ ᠪᠠᠩᠬᠢ ᠶᠢ ᠨᠢᠭᠡ ᠴᠤᠭᠴᠠᠵᠢᠭᠤᠯᠬᠤ︾ ᠠᠵᠢᠯ ᠢ | ᠥᠷᠨᠢᠭᠦᠯᠵᠦ᠂ 24 ᠴᠠᠭ ᠤᠨ ᠥᠪᠡᠰᠦᠪᠡᠨ ᠦᠢᠯᠡᠴᠢᠯᠡᠬᠦ ᠮᠠᠰᠢᠨ ᠢ ᠲᠠᠯᠪᠢᠪᠠ᠃ ᠪᠠᠩᠬᠢ ᠶᠢᠨ ᠲᠣᠤᠷ ᠴᠡᠭ ᠢ | ᠣᠷᠣᠯᠠᠨ ᠭᠦᠢᠴᠡᠳᠬᠡᠬᠦ ᠨᠠᠷᠢᠨ ᠬᠠᠭᠤᠳᠠᠰᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠᠷ ᠳᠠᠮᠵᠢᠭᠤᠯᠤᠨ᠂ | ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠪᠠᠩᠬᠢ ᠶᠢᠨ ᠲᠢᠩᠬᠢᠮ ᠳᠤ ᠨᠡᠭᠦᠯᠭᠡᠵᠡᠢ᠃ ᠣᠳᠣᠬᠠᠨ ᠳᠤ᠂ | ᠴᠢᠩᠱᠠᠨ ᠲᠣᠭᠤᠷᠢᠭ ᠤᠨ ᠠᠩᠬᠠᠳᠠᠭᠴᠢ ᠪᠦᠯᠦᠭ ᠪᠠᠩᠬᠢ ᠶᠢᠨ ᠦᠢᠯᠡᠴᠢᠯᠡᠭᠡᠨ ᠤ ᠲᠣᠤᠷ ᠴᠡᠭ ᠢ 15 ᠪᠠᠶᠢᠭᠤᠯᠵᠤ᠂ | ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ 65 ᠳᠤ ᠬᠦᠷᠦᠭᠦᠯᠵᠦ᠂ ᠲᠣᠤᠷ ᠴᠡᠭ ᠨᠢᠭᠡᠪᠦᠷᠢ ᠳᠤ ᠴᠥᠮ | ᠨᠠᠰᠤᠵᠢᠯ ᠤᠨ ᠠᠰᠠᠷᠠᠮᠵᠢ ᠶᠢᠨ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠶᠢ ᠳᠠᠷᠤᠮᠠᠯᠯᠠᠬᠤ᠂ ᠨᠡᠶᠢᠭᠡᠮ ᠤᠨ | ᠳᠠᠭᠠᠳᠬᠠᠯ ᠤᠨ ᠪᠠᠶᠢᠴᠠᠭᠠᠨ ᠯᠠᠪᠯᠠᠬᠤ᠂ ᠬᠠᠷᠠᠭᠠᠯᠵᠠᠯ ᠤᠨ ᠬᠢᠷᠢ ᠬᠡᠮ ᠢ ᠭᠡᠷᠡᠴᠢᠯᠡᠬᠦ᠂ ᠨᠡᠶᠢᠭᠡᠮ ᠤᠨ ᠪᠠᠲᠤᠯᠠᠭ᠎ᠠ ᠶᠢᠨ | ᠺᠠᠷᠲ ᠢ ᠰᠣᠯᠢᠬᠤ ᠵᠡᠷᠭᠡ ᠬᠤᠷᠢ ᠭᠠᠷᠤᠶ ᠵᠦᠢᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃ |