ᠴᠢᠩᠱᠠᠨ ᠵᠠᠰᠠᠭ ᠲᠠᠷᠬᠠᠭᠠᠭᠰᠠᠨ ︹2024︺ 19 ᠳ᠋ᠤᠬᠡᠷ ᠲᠣᠭᠠᠲᠤ | ᠴᠢᠩᠱᠠᠨ ᠲᠣᠭᠤᠷᠢᠭ ᠤᠨ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠶᠠᠪᠤᠭᠤᠯᠬᠤ ᠲᠤᠬᠠᠶ | ᠮᠡᠳᠡᠭᠳᠡᠯ | ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠤᠭᠤᠷᠢᠭ ᠤᠨ ᠬᠠᠷᠢᠶ᠎ᠠ ᠡᠯ᠎ᠡ ᠳᠤᠮᠳᠠᠳᠤ ᠪᠠᠭ᠎ᠠ | ᠰᠤᠷᠭᠠᠭᠤᠯᠢ ᠳᠤ᠄ | ᠲᠤᠭᠤᠷᠢᠭ ᠤᠨ ᠵᠠᠰᠠᠭ ᠤᠨ ᠣᠷᠳᠣᠨ ᠰᠤᠳᠤᠯᠤᠨ ᠵᠥᠪᠰᠢᠶᠡᠷᠡᠭᠡᠳ᠂ ᠡᠳᠦᠭᠡ ︽ᠴᠢᠩᠱᠠᠨ ᠲᠣᠭᠤᠷᠢᠭ ᠤᠨ | 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ | ᠠᠵᠢᠯ ᠤᠨ ᠬᠡᠷᠡᠭᠵᠢᠭᠦᠯᠬᠦ ᠰᠠᠨᠠᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | 2024 ᠣᠨ ᠤ 5 ᠰᠠᠷ᠎ᠠ ᠶᠢᠨ 27 ᠤ ᠡᠳᠦᠷ | | ᠴᠢᠩᠱᠠᠨ ᠲᠣᠭᠤᠷᠢᠭ ᠤᠨ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠬᠡᠷᠡᠭᠵᠢᠭᠦᠯᠬᠦ ᠰᠠᠨᠠᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ | ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠰᠤᠷᠭᠠᠨ ᠬᠥᠮᠦᠵᠢᠯ ᠤᠨ ᠶᠠᠮᠤᠨ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠤᠲᠠ ᠶᠢᠨ ᠰᠤᠷᠭᠠᠨ ᠬᠥᠮᠦᠵᠢᠯ ᠤᠨ | ᠲᠣᠪᠴᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠴᠢᠩᠱᠠᠨ | ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠤᠨᠴᠠᠭᠠᠶᠢᠯᠠᠨ ᠲᠤᠰ ᠬᠡᠷᠡᠭᠵᠢᠭᠦᠯᠬᠦ ᠰᠠᠨᠠᠯ ᠢ ᠲᠣᠭᠲᠠᠭᠠᠪᠠ᠃ | | | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ | ᠴᠢᠬᠤᠯᠠ ᠥᠭᠦᠯᠡᠯᠲᠡ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠬᠤᠭᠤᠴᠠᠭᠠᠨ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ | ᠲᠤᠤᠱᠯᠠᠭᠤᠯᠵᠦ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ | ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠡᠷᠬᠢᠯᠡᠬᠦ ᠪᠠᠷ ᠵᠣᠷᠢᠯᠲᠠ ᠪᠣᠯᠭᠠᠵᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠤᠷᠭᠠᠭᠤᠯᠢ | ᠨᠢᠭᠡᠪᠦᠷᠢ ᠶᠢ ᠰᠠᠶᠢᠲᠤᠷ ᠡᠷᠬᠢᠯᠡᠬᠦ ᠪᠠᠷ ᠬᠠᠷᠠᠯᠲᠠ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯᠯᠠᠭ᠎ᠠ ᠶᠢ ᠦᠨᠡᠨ ᠬᠦ ᠵᠢᠷᠤᠮᠵᠢᠭᠤᠯᠵᠤ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠰᠤᠷᠤᠭᠴᠢ ᠡᠯᠰᠡᠬᠦ ᠠᠵᠢᠯᠯᠠᠭ᠎ᠠ ᠶᠢ ᠬᠠᠤᠯᠢ ᠶᠣᠰᠣᠭᠠᠷ | ᠬᠡᠷᠡᠭᠵᠢᠭᠦᠯᠵᠦ᠂ ᠴᠢᠩᠱᠠᠨ ᠲᠣᠭᠤᠷᠢᠭ ᠤᠨ ᠡᠷᠦᠬᠡ ᠠᠮᠠ ᠶᠢᠨ ᠬᠠᠷᠢᠶ᠎ᠠ ᠶᠢᠨ ᠰᠤᠷᠭᠠᠭᠤᠯᠢ ᠳᠤ ᠣᠷᠣᠬᠤ ᠨᠠᠰᠤᠨ ᠤ | ᠬᠡᠦᠬᠡᠳ᠂ ᠪᠠᠭᠠᠴᠤᠳ ᠪᠠ ᠨᠥᠬᠦᠴᠡᠯ ᠳᠤ ᠨᠡᠶᠢᠴᠡᠬᠦ ᠳᠠᠭᠠᠯᠳᠤᠨ ᠨᠡᠭᠦᠭᠰᠡᠨ ᠦᠷ᠎ᠡ ᠬᠡᠦᠬᠡᠳ ᠨᠢᠭᠡᠪᠦᠷᠢ ᠳᠤ ᠠᠯᠪᠠᠨ | ᠵᠢᠷᠤᠮ ᠤᠨ ᠰᠤᠷᠭᠠᠨ ᠬᠥᠮᠦᠵᠢᠯ ᠬᠦᠷᠲᠡᠭᠡᠬᠦ ᠶᠢ ᠦᠨᠡᠨ ᠬᠦ ᠪᠠᠲᠤᠯᠠᠨ᠎ᠠ᠃ | | ᠬᠤᠶᠠᠷ᠂ ᠦᠨᠳᠦᠰᠦᠨ ᠵᠠᠷᠴᠢᠮ | ︵ᠨᠢᠭᠡ︶ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ | ᠵᠠᠷᠴᠢᠮ ᠢ ᠪᠠᠷᠢᠮᠲᠠᠯᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠰᠤᠷᠭᠠᠭᠤᠯᠢ ᠡᠷᠬᠢᠯᠡᠭᠰᠡᠨ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠤᠷᠤᠭᠴᠢ ᠡᠯᠰᠡᠬᠦ ᠲᠥᠯᠥᠪᠯᠡᠭᠡ ᠶᠢ ᠴᠢᠩᠭ᠎ᠠ ᠬᠡᠷᠡᠭᠵᠢᠭᠦᠯᠵᠦ᠂ | ᠠᠩᠭᠢ ᠶᠢᠨ ᠲᠤᠭ᠎ᠠ ᠶᠢ ᠴᠢᠩᠭ᠎ᠠ ᠬᠢᠵᠠᠭᠠᠷᠯᠠᠵᠤ᠂ ᠰᠤᠷᠤᠭᠴᠢ ᠶᠢᠨ ᠲᠤᠭ᠎ᠠ ᠬᠡᠲᠦᠷᠡᠭᠰᠡᠨ ᠠᠩᠭᠢ ᠶᠢ ᠡᠷᠡᠰ | ᠬᠤᠷᠢᠭᠯᠠᠨ᠎ᠠ᠃ | ︵ᠬᠤᠶᠠᠷ︶ ᠢᠯᠡ᠂ ᠡᠷᠬᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠨ᠎ᠠ᠃ ︽ᠢᠯᠡ ᠪᠠᠷ | ᠰᠣᠷᠣᠭᠴᠢ ᠡᠯᠰᠡᠬᠦ︾ ︽ᠢᠯᠡ ᠪᠠᠷ ᠠᠩᠭᠢ ᠬᠤᠪᠢᠶᠠᠬᠤ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠣᠷᠣᠭᠴᠢ | ᠡᠯᠰᠡᠬᠦ ᠳᠤ ᠬᠢᠨᠠᠯᠲᠠ ᠲᠠᠯᠪᠢᠬᠤ᠂ ᠤᠬᠠᠭᠤᠯᠵᠤ ᠬᠥᠲᠥᠯᠦᠨ ᠵᠢᠯᠣᠭᠤᠳᠬᠤ ᠪᠠ ᠮᠡᠳᠡᠭᠡ ᠵᠠᠩᠭᠢ ᠶᠢ ᠢᠯᠡ | ᠪᠣᠯᠭᠠᠬᠤ ᠶᠢ ᠴᠢᠩᠭᠠᠳᠬᠠᠨ᠂ ᠰᠣᠷᠣᠭᠴᠢ ᠡᠯᠰᠡᠬᠦ ᠠᠵᠢᠯᠯᠠᠭ᠎ᠠ ᠶᠢ ᠵᠢᠷᠤᠮᠵᠢᠭᠤᠯᠵᠤ᠂ ᠰᠣᠷᠣᠭᠴᠢ ᠡᠯᠰᠡᠬᠦ ᠲᠠᠰ | ᠳᠠᠷᠠᠭᠠᠯᠠᠯ ᠤᠨ ᠢᠯᠡ ᠲᠣᠳᠣ᠂ ᠠᠵᠠ ᠲᠣᠬᠢᠶᠠᠯ᠂ ᠲᠥᠪ ᠭᠤᠤᠯᠴᠢ ᠪᠠᠶᠢᠬᠤ ᠶᠢ ᠦᠨᠡᠨᠬᠦ ᠪᠠᠲᠤᠯᠠᠨ᠎ᠠ᠃ | ︵ᠭᠤᠷᠪᠠ︶ ︽ᠬᠠᠷᠢᠴᠠᠩᠭᠤᠶ ᠣᠶᠢᠷ᠎ᠠ ᠬᠠᠪᠢ ᠳᠤᠨᠢ᠂ ᠰᠢᠯᠭᠠᠬᠤ ᠦᠭᠡᠶ ᠪᠠᠷ ᠰᠤᠷᠭᠠᠭᠤᠯᠢ ᠳᠤ ᠣᠷᠣᠭᠤᠯᠬᠤ︾ | ᠪᠠ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠵᠠᠷᠴᠢᠮ ᠢ ᠪᠠᠷᠢᠮᠲᠠᠯᠠᠨ᠎ᠠ᠃ ︽ᠬᠡᠰᠡᠭ ᠬᠤᠪᠢᠶᠠᠨ ᠰᠤᠷᠤᠭᠴᠢ ᠡᠯᠰᠡᠬᠦ | ᠪᠠ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠮᠢᠯᠠᠬᠤ ᠶᠢ ᠬᠠᠷᠢᠯᠴᠠᠨ ᠤᠶᠠᠯᠳᠤᠭᠤᠯᠬᠤ︾ ᠰᠤᠷᠤᠭᠴᠢ ᠡᠯᠰᠡᠬᠦ ᠠᠷᠭ᠎ᠠ | ᠮᠠᠶ᠋ᠢᠭ ᠢ ᠠᠪᠴᠤ᠂ ᠬᠠᠷᠢᠶ᠎ᠠ ᠣᠷᠣᠨ ᠤ ᠪᠠᠨ ᠲᠣᠬᠢᠷᠠᠬᠤ ᠨᠠᠰᠤᠨ ᠤ ᠬᠡᠦᠬᠡᠳ᠂ ᠪᠠᠭᠠᠴᠤᠳ ᠤᠨ ᠬᠠᠷᠢᠴᠠᠩᠭᠤᠶ | ᠣᠶᠢᠷ᠎ᠠ ᠬᠠᠪᠢ ᠳᠤᠨᠢ ᠰᠤᠷᠭᠠᠭᠤᠯᠢ ᠳᠤ ᠣᠷᠣᠬᠤ ᠶᠢ ᠨᠢᠭᠡᠳᠦᠯᠲᠡᠶ ᠲᠥᠯᠥᠪᠯᠡᠨ ᠲᠤᠬᠢᠷᠠᠭᠤᠯᠤᠨ᠎ᠠ᠃ | ︵ᠲᠦᠷᠪᠡ︶ ᠬᠠᠷᠢᠴᠠᠩᠭᠤᠢ ᠪᠠᠷ ᠲᠣᠭᠲᠠᠭᠤᠨ ᠪᠠᠶᠢᠯᠭᠠᠬᠤ᠂ ᠵᠣᠬᠢᠰᠲᠠᠢ ᠪᠠᠷ ᠲᠣᠬᠢᠷᠠᠭᠤᠯᠤᠯᠲᠠ ᠬᠢᠬᠦ ᠵᠠᠷᠴᠢᠮ ᠢ | ᠪᠠᠷᠢᠮᠲᠠᠯᠠᠨ᠎ᠠ᠃ ᠰᠤᠷᠤᠭᠴᠢ ᠡᠯᠰᠡᠬᠦ ᠬᠡᠰᠡᠭ ᠲᠣᠭᠤᠷᠢᠭ ᠤᠨ ᠬᠠᠷᠢᠴᠠᠩᠭᠤᠶ ᠲᠣᠭᠲᠠᠭᠤᠨ ᠪᠠᠶᠢᠬᠤ ᠶᠢ ᠪᠠᠲᠤᠯᠠᠭᠰᠠᠨ | ᠰᠠᠭᠤᠷᠢᠨ ᠳᠡᠭᠡᠷ᠎ᠡ᠂ ᠣᠷᠣᠨ ᠪᠦᠰᠡ ᠶᠢᠨ ᠳᠣᠲᠣᠷᠠᠬᠢ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ | ᠪᠠᠭᠠᠴᠤᠳ ᠤᠨ ᠬᠥᠮᠦᠨ ᠤ ᠲᠤᠭ᠎ᠠ᠂ ᠰᠤᠷᠭᠠᠭᠤᠯᠢ ᠶᠢᠨ ᠲᠠᠷᠬᠠᠯᠲᠠ᠂ ᠰᠤᠷᠭᠠᠭᠤᠯᠢ ᠶᠢᠨ ᠬᠡᠪᠴᠢᠶ᠎ᠡ᠂ ᠵᠠᠮ | ᠬᠠᠷᠢᠯᠴᠠᠭᠠᠨ ᠤ ᠪᠠᠶᠢᠳᠠᠯ ᠵᠡᠷᠭᠡ ᠬᠦᠴᠦᠨ ᠵᠦᠢᠯ ᠢ ᠦᠨᠳᠦᠰᠦᠯᠡᠨ᠂ ᠬᠡᠰᠡᠭ ᠬᠤᠪᠢᠶᠠᠬᠤ ᠬᠡᠪᠴᠢᠶ᠎ᠡ ᠶᠢ ᠵᠣᠬᠢᠰᠲᠠᠶ | ᠲᠤᠬᠢᠷᠠᠭᠤᠯᠤᠨ᠎ᠠ᠃ | ︵ᠲᠠᠪᠤ︶ ᠰᠤᠷᠤᠭᠴᠢ ᠡᠯᠰᠡᠨ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠵᠠᠷᠴᠢᠮ ᠢ ᠪᠠᠷᠢᠮᠲᠠᠯᠠᠨ᠎ᠠ᠃ ᠰᠤᠷᠤᠭᠴᠢ ᠡᠯᠰᠡᠬᠦ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ᠪᠥᠬᠦ | ᠶᠠᠪᠤᠴᠠ ᠶᠢ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠨ᠂ ᠰᠦᠯᠵᠢᠶᠡᠨ ᠳᠡᠭᠡᠷ᠎ᠡ ᠬᠠᠷᠢᠭᠤ ᠲᠤᠰᠬᠠᠵᠤ᠂ | ︽ᠴᠤᠪᠤᠷᠠᠯ ᠢ ᠪᠠᠭᠠᠰᠬᠠᠵᠤ᠂ ᠭᠡᠷᠡᠴᠢ ᠶᠢ ᠪᠠᠭᠠᠰᠬᠠᠵᠤ᠂ ᠴᠠᠭ ᠢ ᠪᠠᠭᠠᠰᠬᠠᠬᠤ︾ ᠪᠣᠯᠭᠠᠵᠤ᠂ ᠲᠤᠭ᠎ᠠ ᠪᠠᠷᠢᠮᠲᠠ ᠶᠢ | ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠨ᠎ᠡ᠃ | | ᠭᠤᠷᠪᠠ᠂ ᠬᠠᠷᠠᠭᠠᠯᠵᠠᠯ ᠬᠦᠷᠲᠡᠭᠰᠡᠳ | ᠴᠢᠩᠱᠠᠨ ᠲᠣᠭᠤᠷᠢᠭ ᠲᠤ ᠰᠠᠭᠤᠵᠤ ᠪᠠᠶᠢᠭ᠎ᠠ ᠪᠤᠶᠤ ᠴᠢᠩᠱᠠᠨ ᠲᠣᠭᠤᠷᠢᠭ ᠤᠨ ᠡᠷᠦᠬᠡ ᠠᠮᠠ ᠶᠢᠨ | ᠳᠠᠩᠰᠠ ᠲᠠᠢ ᠳᠣᠣᠷ᠎ᠠ ᠵᠢᠭᠰᠠᠭᠠᠭᠰᠠᠨ ᠬᠥᠮᠥᠰ ᠤᠨ ᠦᠷ᠎ᠡ ᠬᠡᠦᠬᠡᠳ᠄ | ︵ᠨᠢᠭᠡ︶ ᠨᠥᠬᠦᠴᠡᠯ ᠳᠤ ᠨᠡᠶᠢᠴᠡᠬᠦ ᠴᠡᠷᠢᠭ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠭᠠᠯ | ᠤᠨᠲᠠᠷᠠᠭᠠᠵᠤ ᠠᠪᠤᠷᠠᠨ ᠲᠤᠰᠠᠯᠠᠬᠤ ᠬᠥᠮᠦᠰ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ ᠬᠥᠮᠦᠰ ᠤᠨ ᠦᠷ᠎ᠡ | ᠬᠡᠦᠬᠡᠳ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠬᠥᠮᠦᠨ ᠤ ᠦᠷ᠎ᠡ ᠬᠡᠦᠬᠡᠳ ᠤᠨ | ᠰᠤᠷᠭᠠᠨ ᠬᠥᠮᠦᠵᠢᠯ ᠤᠨ ᠬᠠᠷᠠᠭᠠᠯᠵᠠᠯ ᠤᠨ ᠨᠠᠷᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠦᠷ᠎ᠡ ᠬᠡᠦᠬᠡᠳ ᠤᠨ ᠰᠤᠷᠭᠠᠨ ᠬᠥᠮᠦᠵᠢᠯ ᠤᠨ | ᠬᠠᠷᠠᠭᠠᠯᠵᠠᠯ ᠤᠨ ᠠᠵᠢᠯ ᠤᠨ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠲᠠᠳ ᠤᠨ ᠦᠷ᠎ᠡ ᠬᠡᠦᠬᠡᠳ ᠤᠨ ᠰᠤᠷᠭᠠᠨ ᠬᠥᠮᠦᠵᠢᠯ ᠤᠨ | ᠬᠠᠷᠠᠭᠠᠯᠵᠠᠯ ᠤᠨ ᠨᠠᠷᠢᠨ ᠳᠦᠷᠢᠮ︾ ᠵᠡᠷᠭᠡ ᠰᠤᠷᠭᠠᠨ ᠬᠥᠮᠦᠵᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ | ᠶᠣᠰᠣᠭᠠᠷ ᠬᠡᠷᠡᠭᠵᠢᠭᠦᠯᠦᠨ᠎ᠡ᠃ | ︵ᠬᠤᠶᠠᠷ︶ ᠴᠢᠩᠱᠠᠨ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠬᠤᠪᠢ | ᠨᠡᠮᠡᠷᠢ ᠦᠵᠡᠭᠦᠯᠬᠦ ᠪᠤᠶᠤ ᠴᠢᠩᠱᠠᠨ ᠲᠣᠭᠤᠷᠢᠭ ᠲᠤ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ | ᠵᠦᠢᠯ ᠲᠠᠢ ᠳᠠᠭᠠᠵᠤ ᠨᠡᠭᠦᠭᠰᠡᠨ ᠦᠷ᠎ᠡ ᠬᠡᠦᠬᠡᠳ᠃ | ︵ᠭᠤᠷᠪᠠ︶ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠳᠡᠮᠵᠢᠵᠦ᠂ | ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠣᠨᠴᠠᠭᠠᠢ ᠬᠤᠪᠢ ᠨᠡᠮᠡᠷᠢ | ᠦᠵᠡᠭᠦᠯᠦᠭᠰᠡᠨ ᠬᠥᠮᠦᠰ ᠤᠨ ᠦᠷ᠎ᠡ ᠬᠡᠦᠬᠡᠳ ᠃ | ︵ᠲᠦᠷᠪᠡ︶ ᠬᠠᠷᠠᠭᠠᠯᠵᠠᠬᠤ ᠨᠥᠬᠦᠴᠡᠯ ᠳᠤ ᠨᠡᠶᠢᠴᠡᠬᠦ ᠪᠤᠰᠤᠳ ᠬᠥᠮᠦᠰ ᠤᠨ ᠦᠷ᠎ᠡ ᠬᠡᠦᠬᠡᠳ᠃ | | ᠳᠦᠷᠪᠡ᠂ ᠰᠤᠷᠤᠭᠴᠢ ᠡᠯᠰᠡᠬᠦ ᠳᠦᠰᠦᠯ | ︵ᠨᠢᠭᠡ︶ ᠰᠤᠷᠤᠭᠴᠢ ᠡᠯᠰᠡᠬᠦ ᠬᠡᠪᠴᠢᠶ᠎ᠡ ᠪᠠ ᠳ᠋ᠦᠢᠰᠢᠶᠠᠩ | ︽ᠬᠡᠰᠡᠭ ᠬᠤᠪᠢᠶᠠᠨ ᠰᠤᠷᠤᠭᠴᠢ ᠡᠯᠰᠡᠬᠦ᠂ ᠬᠠᠷᠢᠴᠠᠩᠭᠤᠶ ᠣᠶᠢᠷᠠᠯᠴᠠᠭ᠎ᠠ ᠪᠠᠶᠢᠬᠤ᠂ ᠰᠢᠯᠭᠠᠭᠤᠯᠬᠤ ᠦᠭᠡᠶ ᠪᠠᠷ | ᠰᠤᠷᠭᠠᠭᠤᠯᠢ ᠳᠤ ᠣᠷᠣᠬᠤ︾ ᠵᠠᠷᠴᠢᠮ ᠤᠨ ᠶᠣᠰᠣᠭᠠᠷ᠂ ᠰᠤᠷᠭᠠᠭᠤᠯᠢ ᠶᠢᠨ ᠪᠠᠶᠢᠷᠢᠯᠠᠭᠤᠯᠤᠯᠲᠠ᠂ ᠡᠯ᠎ᠡ ᠵᠡᠭᠡᠯᠢ | ᠭᠤᠳᠤᠮᠵᠢ ᠶᠢᠨ ᠰᠤᠷᠤᠭᠴᠢ ᠶᠢᠨ ᠲᠠᠷᠬᠠᠯᠲᠠ ᠶᠢᠨ ᠬᠥᠮᠦᠨ ᠤ ᠲᠤᠭ᠎ᠠ ᠪᠣᠯᠤᠨ ᠰᠤᠷᠭᠠᠭᠤᠯᠢ ᠶᠢᠨ ᠰᠤᠷᠤᠭᠴᠢ ᠡᠯᠰᠡᠬᠦ | ᠲᠥᠯᠥᠪᠯᠡᠭᠡ ᠵᠡᠷᠭᠡ ᠬᠦᠴᠦᠨ ᠵᠦᠢᠯ ᠲᠠᠢ ᠤᠶᠠᠯᠳᠤᠭᠤᠯᠵᠤ᠂ ᠰᠤᠷᠤᠭᠴᠢ ᠡᠯᠰᠡᠬᠦ ᠬᠡᠪᠴᠢᠶ᠎ᠡ ᠶᠢ ᠵᠦᠢ ᠵᠣᠬᠢᠰᠲᠠᠶ | ᠵᠠᠭᠠᠭᠯᠠᠨ ᠲᠤᠭᠲᠠᠭᠠᠨ᠎ᠠ᠃ | ᠪᠠᠭ᠎ᠠ ᠰᠤᠷᠭᠠᠭᠤᠯᠢ᠄ ᠴᠢᠩᠱᠠᠨ ᠲᠣᠭᠤᠷᠢᠭ ᠤᠨ ᠡᠷᠦᠬᠡ ᠠᠮᠠ ᠲᠠᠢ᠂ ᠪᠦᠬᠦᠯᠢ 6 ᠨᠠᠰᠤ ︵2018 ᠣᠨ ᠤ 8 | ᠰᠠᠷ᠎ᠠ ᠶᠢᠨ 31 ᠤ ᠡᠳᠦᠷ ᠠᠴᠠ ᠡᠮᠦᠨ᠎ᠡ ᠲᠥᠷᠥᠭᠰᠡᠨ︶ ᠨᠠᠰᠤᠨ ᠤ ᠬᠡᠤᠬᠡᠳ᠃ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠄ ᠴᠢᠩᠱᠠᠨ ᠲᠣᠭᠤᠷᠢᠭ ᠤᠨ ᠰᠤᠷᠭᠠᠭᠤᠯᠢ ᠳᠤ ᠪᠠᠶᠢᠭ᠎ᠠ ᠪᠦᠬᠦ | ᠪᠠᠭ᠎ᠠ ᠰᠤᠷᠭᠠᠭᠤᠯᠢ ᠲᠡᠭᠦᠰᠦᠭᠰᠡᠳ ᠪᠣᠯᠤᠨ ᠲᠤᠭᠤᠷᠢᠭ ᠤᠨ ᠭᠠᠳᠠᠨ᠎ᠠ ᠴᠢᠩᠱᠠᠨ ᠲᠣᠭᠤᠷᠢᠭ ᠤᠨ ᠡᠷᠦᠬᠡ ᠠᠮᠠ ᠲᠠᠢ | ᠪᠠᠭ᠎ᠠ ᠰᠤᠷᠭᠠᠭᠤᠯᠢ ᠲᠡᠭᠦᠰᠦᠭᠰᠡᠨ᠃ | ᠡᠭᠦᠨ ᠠᠴᠠ ᠭᠠᠳᠠᠨ᠎ᠠ᠂ ᠰᠤᠷᠭᠠᠭᠤᠯᠢ ᠳᠤ ᠣᠷᠣᠬᠤ ᠨᠥᠬᠦᠴᠡᠯ ᠳᠤ ᠨᠡᠶᠢᠴᠡᠬᠦ ᠭᠠᠳᠠᠨ᠎ᠠ ᠠᠴᠠ ᠢᠷᠡᠵᠦ ᠠᠵᠢᠯ | ᠬᠢᠵᠦ ᠪᠠᠶᠢᠭ᠎ᠠ ᠬᠥᠮᠥᠰ ᠤᠨ ᠳᠠᠭᠠᠵᠤ ᠨᠡᠭᠦᠭᠰᠡᠨ ᠦᠷ᠎ᠡ ᠬᠡᠦᠬᠡᠳ ᠪᠠ ᠬᠠᠮᠢᠶ᠎ᠠ ᠪᠦᠬᠦᠢ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠬᠥᠮᠥᠰ ᠤᠨ ᠦᠷ᠎ᠡ ᠬᠡᠦᠬᠡᠳ ᠨᠢ ᠴᠥᠮ ᠴᠢᠩᠱᠠᠨ ᠲᠣᠭᠤᠷᠢᠭ ᠤᠨ | ᠬᠠᠷᠢᠶᠠᠯᠠᠭᠳᠠᠬᠤ ᠳᠤᠮᠳᠠᠳᠤ ᠪᠠᠭ᠎ᠠ ᠰᠤᠷᠭᠠᠭᠤᠯᠢ ᠳᠤ ᠰᠤᠷᠤᠯᠴᠠᠵᠤ ᠪᠣᠯᠣᠨ᠎ᠠ᠃ | ︵ᠬᠤᠶᠠᠷ︶ ᠰᠤᠷᠤᠭᠴᠢ ᠡᠯᠰᠡᠬᠦ ᠠᠷᠭ᠎ᠠ | ᠴᠢᠩᠱᠠᠨ ᠲᠣᠭᠤᠷᠢᠭ ᠤᠨ ᠪᠣᠳᠠᠲᠤ ᠪᠠᠶᠢᠳᠠᠯ ᠢ ᠦᠨᠳᠦᠰᠦᠯᠡᠨ᠂ ᠬᠠᠷᠢᠴᠠᠩᠭᠤᠢ ᠣᠶᠢᠷᠠᠯᠴᠠᠭ᠎ᠠ ᠪᠠᠶᠢᠬᠤ | ᠵᠠᠷᠴᠢᠮ ᠶᠣᠰᠣᠭᠠᠷ᠂ ᠬᠡᠰᠡᠭ ᠬᠤᠪᠢᠶᠠᠷᠢᠯᠠᠬᠤ᠂ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠮᠢᠯᠠᠬᠤ᠂ ᠬᠡᠰᠡᠭ ᠬᠤᠪᠢᠶᠠᠬᠤ | ᠪᠠ ᠣᠷᠣᠨ ᠪᠠᠶᠢᠷᠢ ᠲᠣᠮᠢᠯᠠᠬᠤ ᠶᠢ ᠤᠶᠠᠯᠳᠤᠭᠤᠯᠬᠤ ᠵᠡᠷᠭᠡ ᠠᠷᠭ᠎ᠠ ᠪᠠᠷ ᠰᠤᠷᠤᠭᠴᠢ ᠡᠯᠰᠡᠨ᠎ᠡ᠃ | 1᠂ ᠲᠣᠰ ᠣᠷᠣᠨ ᠤ ᠡᠷᠦᠬᠡ ᠠᠮᠠ ᠶᠢᠨ ᠬᠠᠷᠢᠶ᠎ᠠ ᠶᠢᠨ ᠰᠤᠷᠤᠯᠭ᠎ᠠ ᠶᠢᠨ ᠹᠢᠯᠢᠮ ᠤᠨ ᠳᠣᠲᠣᠷᠠᠬᠢ ︽ᠬᠤᠶᠠᠷ | ᠨᠢᠭᠡᠳᠦᠯᠲᠡᠶ︾ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ᠂ ᠪᠠᠭᠠᠴᠤᠳ ᠢ ᠡᠩ ᠲᠡᠷᠢᠭᠦᠨ ᠳᠤ ᠡᠯᠰᠡᠨ᠎ᠡ᠂ | ᠲᠤᠬᠠᠶᠢᠯᠠᠪᠠᠯ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ᠂ ᠪᠠᠭᠠᠴᠤᠳ ᠤᠨ ᠡᠷᠦᠬᠡ ᠠᠮᠠ ᠶᠢᠨ ᠳᠠᠩᠰᠠ ᠬᠢᠭᠡᠳ | ᠲᠡᠭᠦᠨ ᠤ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ ᠶᠢᠨ ᠡᠷᠦᠬᠡ ᠠᠮᠠ ᠶᠢᠨ | ᠬᠠᠷᠢᠶ᠎ᠠ ᠨᠢ ᠨᠢᠭᠡᠳᠦᠯᠲᠡᠶ ︵ᠡᠷᠦᠬᠡ ᠶᠢᠨ ᠡᠵᠡᠨ ᠨᠢ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠪᠤᠰᠤᠳ | ᠬᠢᠨᠠᠨ ᠬᠠᠮᠠᠭᠠᠯᠠᠭᠴᠢ︶︔ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ᠂ ᠪᠠᠭᠠᠴᠤᠳ ᠤᠨ ᠡᠷᠦᠬᠡ ᠠᠮᠠ ᠶᠢᠨ | ᠬᠠᠷᠢᠶ᠎ᠠ ᠨᠢ ᠲᠡᠭᠦᠨ ᠤ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ ᠶᠢᠨ | ᠲᠤᠰᠠᠭᠠᠷ ᠬᠡᠷ ᠬᠥᠷᠥᠩᠭᠡ ᠶᠢᠨ ᠬᠠᠶ᠋ᠢᠭ ᠨᠢ ᠨᠢᠭᠡᠳᠦᠯᠲᠡᠶ ᠪᠥᠭᠡᠳ ᠡᠷᠦᠬᠡ ᠠᠮᠠ ᠶᠢᠨ ᠳᠠᠩᠰᠠᠯᠠᠯ ᠤᠨ ᠭᠠᠵᠠᠷ ᠲᠤ | ᠪᠦᠬᠦᠯᠢ ᠭᠤᠷᠪᠠᠨ ᠵᠢᠯ ᠠᠴᠠ ᠳᠡᠭᠡᠭᠰᠢ ᠰᠠᠭᠤᠨ᠎ᠠ ︵ᠡᠷᠦᠬᠡ ᠠᠮᠠ ᠶᠢᠨ ᠳᠠᠩᠰᠠᠯᠠᠯ ᠤᠨ ᠭᠠᠵᠠᠷ ᠲᠤ 2021 ᠣᠨ ᠤ | 8 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠨᠡᠭᠦᠵᠦ ᠢᠷᠡᠪᠡ︶᠃ ᠳᠠᠷᠠᠭᠠᠯᠠᠪᠠᠯ᠂ ᠭᠠᠳᠠᠨ᠎ᠠ ᠠᠴᠠ ᠢᠷᠡᠵᠦ | ᠠᠵᠢᠯ ᠬᠥᠳᠡᠯᠮᠦᠷᠢ ᠬᠢᠭᠰᠡᠳ ᠤᠨ ᠦᠷ᠎ᠡ ᠬᠡᠦᠬᠡᠳ ᠵᠢᠴᠢ ᠨᠥᠬᠦᠴᠡᠯ ᠳᠤ ᠨᠡᠶᠢᠴᠡᠬᠦ ᠪᠤᠰᠤᠳ ᠰᠤᠳᠤᠯᠤᠯ ᠤᠨ | ᠡᠷᠳᠡᠮᠲᠡᠳ ᠢ ᠵᠦᠢ ᠵᠣᠬᠢᠰᠲᠠᠶ ᠲᠣᠬᠢᠷᠠᠭᠤᠯᠵᠤ᠂ ᠡᠷᠦᠬᠡ ᠠᠮᠠ ᠶᠢᠨ ᠬᠠᠷᠢᠶ᠎ᠠ᠂ ᠪᠣᠳᠠᠲᠠᠶ ᠰᠠᠭᠤᠭ᠎ᠠ ᠭᠠᠵᠠᠷ᠂ | ᠰᠤᠷᠭᠠᠭᠤᠯᠢ ᠶᠢᠨ ᠰᠤᠷᠤᠭᠴᠢ ᠡᠯᠰᠡᠬᠦ ᠲᠥᠯᠥᠪᠯᠡᠭᠡ ᠶᠢᠨ ᠲᠤᠭ᠎ᠠ ᠪᠣᠯᠤᠨ ᠢᠯᠡᠭᠦᠴᠡ ᠡᠷᠳᠡᠮᠲᠡᠨ ᠤ ᠴᠣᠯᠠ | ᠬᠠᠮᠠᠭᠠᠯᠠᠬᠤ ᠪᠠᠷ ᠨᠢ ᠦᠨᠳᠦᠰᠦᠯᠡᠯ ᠪᠣᠯᠭᠠᠵᠤ᠂ ᠰᠤᠷᠤᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠠᠴᠠ | ᠨᠢᠭᠡᠳᠦᠯᠲᠡᠶ ᠲᠥᠯᠥᠪᠯᠡᠨ ᠲᠤᠬᠢᠷᠠᠭᠤᠯᠤᠨ᠎ᠠ᠃ | 2᠂ ᠴᠢᠩᠱᠠᠨ ᠲᠤᠭᠤᠷᠢᠭ ᠤᠨ ᠨᠢᠬᠡᠳᠦᠬᠡᠷ ᠳᠤᠮᠳᠠᠳᠤ ᠰᠤᠷᠭᠠᠭᠤᠯᠢ ᠨᠢ ᠬᠡᠰᠡᠭ ᠬᠤᠪᠢᠶᠠᠬᠤ ᠪᠠ | ᠺᠤᠮᠫᠢᠦ᠋ᠲ᠋ᠧᠷ ᠢᠶᠠᠷ ᠤᠷᠤᠨ ᠳᠤᠮᠢᠯᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠪᠠᠷ ᠰᠤᠷᠤᠭᠴᠢ ᠡᠯᠰᠡᠵᠦ᠂ ᠬᠡᠰᠡᠭ | ᠶᠤᠰᠤᠭᠠᠷ ᠰᠤᠷᠤᠭᠴᠢ ᠡᠯᠰᠡᠬᠦ ᠶᠢ ᠪᠡᠶᠡᠯᠡᠬᠦᠯᠦᠭᠰᠡᠨ ᠰᠠᠭᠤᠷᠢᠨ ᠳᠡᠬᠡᠷ᠎ᠡ ᠦᠯᠡᠳᠡᠭᠰᠡᠨ ᠰᠤᠷᠤᠭᠴᠢ ᠡᠯᠰᠡᠬᠦ | ᠳᠦᠯᠦᠪᠯᠡᠭᠡ ᠶᠢ ᠰᠤᠷᠤᠭᠴᠢ ᠶᠢᠨ ᠬᠦᠰᠡᠯ ᠰᠠᠨᠠᠭ᠎ᠠ ᠶᠢ ᠦᠨᠳᠤᠰᠤᠯᠡᠵᠦ᠂ ᠺᠤᠮᠫᠢᠦ᠋ᠲ᠋ᠧᠷ ᠢᠶᠠᠷ ᠳᠠᠮᠵᠢᠨ ᠰᠤᠷᠤᠭᠴᠢ | ᠡᠯᠰᠡᠬᠦ ᠳᠦᠯᠦᠪᠯᠡᠭᠡ ᠶᠢ ᠪᠡᠶᠡᠯᠡᠬᠦᠯᠦᠨ᠎ᠠ᠃ ᠴᠢᠩᠱᠠᠨ ᠲᠣᠭᠤᠷᠢᠭ ᠲᠤ ᠰᠤᠷᠤᠯᠴᠠᠵᠤ ᠪᠠᠶᠢᠭ᠎ᠠ ᠪᠠᠭ᠎ᠠ | ᠰᠤᠷᠭᠠᠭᠤᠯᠢ ᠶᠢᠨ ᠲᠤᠰ ᠬᠤᠭᠤᠴᠠᠭᠠᠨ ᠤ ᠲᠡᠭᠦᠰᠦᠭᠰᠡᠳ ᠪᠠ ᠲᠤᠭᠤᠷᠢᠭ ᠤᠨ ᠭᠠᠳᠠᠨ᠎ᠠ ᠰᠤᠷᠤᠯᠴᠠᠵᠤ ᠪᠠᠶᠢᠭ᠎ᠠ | ᠴᠢᠩᠱᠠᠨ ᠲᠣᠭᠤᠷᠢᠭ ᠤᠨ ᠡᠷᠦᠬᠡ ᠠᠮᠠ ᠶᠢᠨ ᠳᠠᠩᠰᠠ ᠲᠠᠢ ᠪᠠᠭ᠎ᠠ ᠰᠤᠷᠭᠠᠭᠤᠯᠢ ᠠᠴᠠ ᠲᠡᠭᠦᠰᠦᠭᠰᠡᠳ ᠴᠥᠮ | ᠴᠢᠩᠱᠠᠨ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠺᠣᠮᠫᠢᠦ᠋ᠲ᠋ᠧᠷ ᠢᠶᠠᠷ ᠤᠷᠤᠨ ᠲᠤᠮᠢᠯᠠᠬᠤ ᠳᠤ | ᠣᠷᠣᠯᠴᠠᠵᠤ ᠪᠣᠯᠤᠨ᠎ᠠ᠃ ᠴᠢᠩᠱᠠᠨ ᠲᠣᠭᠤᠷᠢᠭ ᠤᠨ ᠡᠷᠦᠬᠡ ᠠᠮᠠ ᠶᠢᠨ ᠳᠠᠩᠰᠠ᠂ ᠭᠡᠷ ᠬᠥᠷᠥᠩᠭᠡ ᠶᠢᠨ ᠦᠨᠡᠮᠯᠡᠯ ᠲᠠᠢ | ᠮᠥᠷᠲᠡᠭᠡᠨ ︽ᠬᠤᠶᠠᠷ ᠨᠢᠭᠡᠳᠦᠯᠲᠡᠶ︾ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠂ ᠣᠷᠣᠨ ᠪᠠᠶᠢᠷᠢ ᠨᠢ | ᠬᠤᠭᠤᠰᠣᠷᠠᠭᠰᠠᠳ ᠢ ᠡᠷᠦᠬᠡ ᠠᠮᠠ ᠶᠢᠨ ᠳᠠᠩᠰᠠ ᠲᠠᠢ ᠲᠣᠭᠤᠷᠢᠭ ᠤᠨ ᠬᠠᠷᠠᠭᠠᠯᠵᠠᠭᠰᠠᠨ ᠰᠤᠷᠭᠠᠭᠤᠯᠢ ᠳᠤ ᠪᠠᠨ | ᠪᠤᠴᠠᠭᠠᠨ ᠰᠤᠷᠤᠯᠴᠠᠭᠤᠯᠤᠨ᠎ᠠ᠃ ᠭᠠᠳᠠᠨ᠎ᠠ ᠠᠴᠠ ᠢᠷᠡᠵᠦ ᠬᠦᠴᠦ ᠶᠠᠪᠤᠭᠰᠠᠳ ᠤᠨ ᠦᠷ᠎ᠡ ᠬᠡᠦᠬᠡᠳ ᠪᠤᠶᠤ ᠪᠤᠰᠤᠳ | ᠪᠠᠶᠢᠳᠠᠯ ᠤᠨ ᠪᠠᠭ᠎ᠠ ᠰᠤᠷᠭᠠᠭᠤᠯᠢ ᠲᠡᠭᠦᠰᠦᠭᠰᠡᠳ ᠤᠨ ᠣᠷᠣᠨ ᠪᠠᠶᠢᠷᠢ ᠠᠴᠠ ᠨᠢ ᠬᠤᠭᠤᠰᠣᠷᠠᠭᠰᠠᠳ ᠢ ᠰᠤᠷᠤᠭᠴᠢ | ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠠᠴᠠ ᠬᠠᠷᠢᠴᠠᠩᠭᠤᠶ ᠣᠶᠢᠷ᠎ᠠ ᠪᠠᠶᠢᠭ᠎ᠠ ᠰᠤᠷᠭᠠᠭᠤᠯᠢ ᠳᠤ | ᠨᠢᠭᠡᠳᠦᠯᠲᠡᠶ ᠲᠣᠬᠢᠷᠠᠭᠤᠯᠤᠨ ᠰᠤᠷᠤᠯᠴᠠᠭᠤᠯᠤᠨ᠎ᠠ᠃ | 3᠂ ᠴᠤᠤᠶᠠᠩ ᠵᠠᠮ ᠤᠨ ᠪᠠᠭ᠎ᠠ ᠰᠤᠷᠭᠠᠭᠤᠯᠢ᠂ ᠪᠤᠭᠤᠲᠦ ᠶᠢᠨ ᠲᠠᠪᠢᠨ ᠬᠤᠶᠠᠳᠤᠭᠠᠷ ᠳᠤᠮᠳᠠᠳᠤ ᠰᠤᠷᠭᠠᠭᠤᠯᠢ | ︵ᠪᠠᠭ᠎ᠠ ᠰᠤᠷᠭᠠᠭᠤᠯᠢ ᠶᠢᠨ ᠬᠡᠯᠲᠡᠰ︶᠂ ᠰᠠᠨ ᠰᠢᠩ ᠪᠠᠭ᠎ᠠ ᠰᠤᠷᠭᠠᠭᠤᠯᠢ ᠶᠢ ᠰᠤᠷᠭᠠᠭᠤᠯᠢ ᠠᠴᠠ ᠵᠣᠬᠢᠶᠠᠨ ᠪᠠᠶᠢᠭᠤᠯᠵᠤ | ᠰᠣᠷᠣᠭᠴᠢ ᠡᠯᠰᠡᠬᠦ ᠶᠢᠨ ᠬᠠᠮᠲᠤ ᠰᠣᠷᠣᠭᠴᠢ ᠡᠯᠰᠡᠬᠦ ᠨᠡᠷᠡᠰ ᠢ ᠲᠣᠭᠤᠷᠢᠭ ᠤᠨ ᠰᠣᠷᠣᠭᠴᠢ ᠡᠯᠰᠡᠬᠦ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠵᠦ ᠳᠠᠩᠰᠠᠯᠠᠭᠤᠯᠤᠨ᠎ᠠ᠃ | 4᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠨᠦᠯᠦᠬᠡᠯᠡᠯ᠂ ᠵᠢᠱᠢᠶ᠎ᠡ ᠦᠵᠡᠭᠦᠯᠬᠦ ᠪᠠ | ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠰᠤᠷᠭᠠᠨ ᠬᠥᠮᠦᠵᠢᠯ ᠤᠨ | ᠲᠡᠩᠴᠡᠭᠦᠷᠢᠲᠡᠶ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠴᠢᠩᠱᠠᠨ ᠲᠣᠭᠤᠷᠢᠭ ᠤᠨ ᠹᠦ᠋ | ᠰᠢᠩ ᠳᠤᠮᠳᠠᠳᠤ ᠰᠤᠷᠭᠠᠭᠤᠯᠢ ︵ᠾᠧᠩ ᠳ᠋ᠠ ᠪᠠᠭ᠎ᠠ ᠲᠣᠭᠤᠷᠢᠭ ᠤᠨ ᠵᠡᠭᠦᠨ ᠲᠠᠯ᠎ᠠ ᠳᠤ ᠪᠠᠶᠢᠷᠢᠯᠠᠵᠤ︶᠂ ᠰᠠᠨ ᠰᠢᠩ | ᠪᠠᠭ᠎ᠠ ᠰᠤᠷᠭᠠᠭᠤᠯᠢ ᠶᠢ ᠴᠢᠩᠱᠠᠨ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ | ᠪᠦᠯᠦᠭᠯᠡᠯ ᠳᠤ ᠣᠷᠣᠭᠤᠯᠵᠤ᠂ ᠨᠢᠭᠡᠨᠲᠡ ᠪᠦᠯᠦᠭᠯᠡᠯ ᠳᠤ ᠣᠷᠣᠭᠤᠯᠤᠭᠰᠠᠨ ᠬᠤᠷᠢᠨ ᠨᠢᠭᠡᠳᠦᠭᠡᠷ ᠳᠤᠮᠳᠠᠳᠤ | ᠰᠤᠷᠭᠠᠭᠤᠯᠢ᠂ ᠲᠠᠪᠤᠳᠤᠭᠠᠷ ᠳᠤᠮᠳᠠᠳᠤ ᠰᠤᠷᠭᠠᠭᠤᠯᠢ᠂ ᠴᠤᠤᠶᠠᠩ ᠵᠠᠮ ᠤᠨ ᠪᠠᠭ᠎ᠠ ᠰᠤᠷᠭᠠᠭᠤᠯᠢ ᠶᠢᠨ ᠬᠤᠪᠢᠶᠠᠷᠢ | ᠰᠤᠷᠭᠠᠭᠤᠯᠢ ᠶᠢᠨ ᠲᠣᠭᠤᠷᠢᠭ ᠲᠠᠢ ᠬᠡᠰᠡᠭ ᠬᠤᠪᠢᠶᠠᠨ ᠰᠤᠷᠤᠭᠴᠢ ᠡᠯᠰᠡᠨ᠎ᠡ᠃ | ︵ᠭᠤᠷᠪᠠ︶ ᠨᠡᠷ᠎ᠡ ᠮᠡᠳᠡᠭᠦᠯᠬᠦ ᠳᠠᠷᠠᠭᠠᠯᠠᠯ | 1᠂ ᠪᠠᠭ᠎ᠠ ᠰᠤᠷᠭᠠᠭᠤᠯᠢ ᠶᠢᠨ ᠨᠡᠷ᠎ᠡ ᠮᠡᠳᠡᠭᠦᠯᠬᠦ | 2024 ᠣᠨ ᠳᠤ᠂ ᠴᠢᠩᠱᠠᠨ ᠲᠣᠭᠤᠷᠢᠭ ᠤᠨ ᠪᠠᠭ᠎ᠠ ᠰᠤᠷᠭᠠᠭᠤᠯᠢ ᠰᠤᠷᠭᠠᠭᠤᠯᠢ ᠳᠤ ᠣᠷᠣᠬᠤ ᠨᠠᠰᠤᠨ ᠤ | ᠬᠡᠤᠬᠡᠳ ᠢ ᠰᠦᠯᠵᠢᠶᠡᠨ ᠳᠡᠭᠡᠷ᠎ᠡ ᠮᠡᠳᠡᠭᠡ ᠵᠠᠩᠭᠢ ᠴᠤᠭᠯᠠᠭᠤᠯᠬᠤ ᠶᠢ ᠦᠷᠭᠦᠯᠵᠢᠯᠡᠨ ᠨᠢᠭᠡᠳᠦᠯᠲᠡᠶ ᠬᠡᠷᠡᠭᠵᠢᠭᠦᠯᠵᠦ᠂ | ᠴᠤᠭᠯᠠᠭᠤᠯᠬᠤ ᠴᠠᠭ ᠨᠢ 5 ᠰᠠᠷ᠎ᠠ ᠶᠢᠨ 31 ᠤ ᠡᠳᠦᠷ ᠠᠴᠠ 6 ᠰᠠᠷ᠎ᠠ ᠶᠢᠨ 14 ᠤ ᠡᠳᠦᠷ ᠪᠣᠯᠲᠠᠯ᠎ᠠ᠃ ᠲᠤᠬᠠᠶ ᠶᠢᠨ | ᠦᠶ᠎ᠡ ᠳᠤ ᠨᠥᠬᠦᠴᠡᠯ ᠳᠤ ᠨᠡᠶᠢᠴᠡᠬᠦ ᠰᠤᠷᠬᠤ ᠨᠠᠰᠤᠨ ᠤ ᠰᠤᠷᠤᠭᠴᠢ ︵ᠴᠢᠩᠱᠠᠨ ᠲᠣᠭᠤᠷᠢᠭ ᠤᠨ ᠡᠷᠦᠬᠡ ᠠᠮᠠ ᠵᠢᠴᠢ | ᠴᠢᠩᠱᠠᠨ ᠲᠣᠭᠤᠷᠢᠭ ᠤᠨ ᠣᠷᠣᠰᠢᠨ ᠰᠠᠭᠤᠬᠤ ᠦᠨᠡᠮᠯᠡᠯ ᠲᠠᠢ ᠪᠥᠭᠡᠳ ᠬᠦᠴᠦᠨ ᠲᠠᠢ ᠬᠤᠭᠤᠴᠠᠭᠠᠨ ᠳᠤ ᠪᠠᠶᠢᠭ᠎ᠠ | ᠴᠢᠩᠱᠠᠨ ᠲᠣᠭᠤᠷᠢᠭ ᠤᠨ ᠡᠷᠦᠬᠡ ᠠᠮᠠ ᠶᠢᠨ ᠳᠠᠩᠰᠠ ᠲᠠᠢ︶ ᠶᠢᠨ ᠬᠡᠷ ᠤᠨ ᠠᠬᠠᠮᠠᠳ ︽ᠮᠥᠩᠬᠡ ᠰᠤᠪᠠᠭ APP· | ᠪᠤᠭᠤᠲᠤ ᠶᠢᠨ ᠰᠤᠷᠭᠠᠨ ᠬᠥᠮᠦᠵᠢᠯ︾᠂ ︽ᠪᠤᠭᠤᠲᠤ ᠶᠢᠨ ᠰᠤᠷᠭᠠᠨ ᠬᠥᠮᠦᠵᠢᠯ ᠤᠨ ᠡᠭᠦᠯᠡᠨ ︵www.btjy.net︶︾ | ᠳᠤ ᠳᠠᠩᠰᠠᠯᠠᠬᠤ ᠪᠠᠷ ᠳᠠᠮᠵᠢᠭᠤᠯᠤᠨ᠂ ︽ᠴᠢᠩᠱᠠᠨ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ᠲᠠᠪᠴᠠᠩ︾ ᠤᠨ ᠵᠢᠷᠤᠭ ᠢ ᠳᠠᠷᠤᠵᠦ᠂ ᠪᠠᠰᠠ | ᠰᠢᠭᠤᠳ ᠰᠦᠯᠵᠢᠶᠡᠨ ᠤ ᠬᠠᠶ᠋ᠢᠭ ︵http᠄ //bm.btjy.net/btqs︶ ᠢ ᠣᠷᠣᠭᠤᠯᠵᠤ ᠪᠣᠯᠤᠨ᠎ᠠ᠂ ᠬᠠᠮᠢᠶ᠎ᠠ | ᠪᠥᠬᠦᠶ ᠲᠣᠳᠣᠷᠬᠠᠶᠢᠯᠠᠯᠲᠠ ᠪᠠ ᠰᠠᠨᠠᠭᠤᠯᠤᠮᠵᠢ ᠶᠣᠰᠣᠭᠠᠷ᠂ ᠰᠤᠷᠤᠭᠴᠢᠳ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ | ᠦᠨᠡᠨ ᠪᠣᠳᠠᠲᠠᠶ ᠪᠠᠷ ᠲᠠᠭᠯᠠᠨ ᠪᠢᠴᠢᠬᠦ ᠶᠢᠨ ᠬᠠᠮᠲᠤ ︽ᠮᠡᠳᠡᠭᠡ ᠵᠠᠩᠭᠢ ᠴᠤᠭᠯᠠᠭᠤᠯᠬᠤ ᠬᠦᠰᠦᠨᠦᠭᠲᠦ︾ ︵︽ᠨᠡᠷ᠎ᠡ | ᠮᠡᠳᠡᠭᠦᠯᠬᠦ ᠮᠡᠳᠡᠭᠳᠡᠯ ᠤᠨ ᠬᠠᠭᠤᠳᠠᠰᠤ︾ ᠶᠢ ᠳᠠᠷᠤᠮᠠᠯᠯᠠᠭᠰᠠᠨ ᠤ ᠳᠠᠷᠠᠭ᠎ᠠ᠂ ᠲᠣᠭᠲᠠᠭᠰᠠᠨ ᠴᠠᠭ ᠬᠤᠭᠤᠴᠠᠭ᠎ᠠ | ᠶᠣᠰᠣᠭᠠᠷ ᠵᠠᠭᠠᠭᠯᠠᠨ ᠲᠣᠭᠲᠠᠭᠠᠭᠰᠠᠨ ᠰᠤᠷᠭᠠᠭᠤᠯᠢ ᠪᠤᠶᠤ ᠵᠢᠭᠠᠨ ᠲᠣᠭᠲᠠᠭᠠᠭᠰᠠᠨ ᠬᠢᠨᠠᠨ ᠬᠠᠷᠭᠤᠭᠤᠯᠬᠤ | ᠭᠠᠵᠠᠷ ᠲᠤ ᠬᠦᠷᠴᠦ ᠨᠡᠷ᠎ᠡ ᠮᠡᠳᠡᠭᠦᠯᠵᠦ ᠳᠠᠩᠰᠠᠯᠠᠭᠤᠯᠤᠨ᠎ᠠ᠃ ᠳᠡᠭᠡᠷ᠎ᠡ ᠳᠤᠷᠠᠳᠤᠭᠰᠠᠨ ᠠᠵᠢᠯᠯᠠᠭ᠎ᠠ ᠨᠡᠷ᠎ᠡ ᠮᠡᠳᠡᠭᠦᠯᠵᠦ | ᠳᠠᠩᠰᠠᠯᠠᠭᠤᠯᠬᠤ ᠬᠤᠭᠤᠴᠠᠭ᠎ᠠ ᠦᠩᠭᠡᠷᠡᠭᠰᠡᠨ ᠠᠴᠠ ᠪᠣᠯᠤᠭᠰᠠᠨ ᠦᠷ᠎ᠡ ᠳ᠋ᠦᠩ ᠢ ᠭᠡᠷ ᠤᠨ ᠠᠬᠠᠮᠠᠳ ︵ᠬᠢᠨᠠᠨ | ᠬᠠᠮᠠᠭᠠᠯᠠᠭᠴᠢ︶ ᠡᠭᠦᠷᠭᠡᠯᠡᠨ᠎ᠡ᠃ | (1)ᠴᠢᠩᠱᠠᠨ ᠲᠣᠭᠤᠷᠢᠭ ᠤᠨ ᠡᠷᠦᠬᠡ ᠠᠮᠠ ᠲᠠᠢ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠢ | ᠨᠡᠷ᠎ᠡ ᠮᠡᠳᠡᠭᠦᠯᠬᠦ ᠠᠷᠭ᠎ᠠ | ᠴᠢᠩᠱᠠᠨ ᠲᠣᠭᠤᠷᠢᠭ ᠤᠨ ᠡᠷᠦᠬᠡ ᠠᠮᠠ ᠲᠠᠢ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠢ ᠡᠴᠢᠭᠡ | ᠡᠬᠡ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ ᠠᠴᠠ ᠳᠠᠭᠠᠭᠤᠯᠵᠤ᠂ 6 ᠳ᠋ᠤᠭᠠᠷ ᠰᠠᠷ᠎ᠠ ᠶᠢᠨ | 17 ᠤ ᠡᠳᠦᠷ ᠠᠴᠠ 6 ᠳ᠋ᠤᠭᠠᠷ ᠰᠠᠷ᠎ᠠ ᠶᠢᠨ 19 ᠤ ᠡᠳᠦᠷ ᠪᠣᠯᠲᠠᠯ᠎ᠠ ᠬᠤᠪᠢᠶᠠᠷᠢᠯᠠᠨ ᠲᠣᠭᠲᠠᠭᠠᠭᠰᠠᠨ | ᠰᠤᠷᠭᠠᠭᠤᠯᠢ ᠳᠤ ᠨᠡᠷ᠎ᠡ ᠮᠡᠳᠡᠭᠦᠯᠵᠦ ᠳᠠᠩᠰᠠᠯᠠᠭᠤᠯᠤᠨ᠎ᠠ᠃ ᠨᠡᠷ᠎ᠡ ᠮᠡᠳᠡᠭᠦᠯᠬᠦ ᠳᠤ ᠡᠷᠬᠡᠪᠰᠢ ︽ᠮᠡᠳᠡᠭᠡ ᠵᠠᠩᠭᠢ | ᠴᠤᠭᠯᠠᠭᠤᠯᠬᠤ ᠬᠦᠰᠦᠨᠦᠭᠲᠦ︾ ︵︽ᠨᠡᠷ᠎ᠡ ᠮᠡᠳᠡᠭᠦᠯᠬᠦ ᠮᠡᠳᠡᠭᠳᠡᠯ ᠤᠨ ᠬᠠᠭᠤᠳᠠᠰᠤ︾ ᠪᠠᠭᠲᠠᠨ᠎ᠠ︶᠂ ᠡᠷᠦᠬᠡ ᠠᠮᠠ ᠶᠢᠨ | ᠳᠡᠪᠲᠡᠷ᠂ ᠬᠡᠷ ᠬᠥᠷᠥᠩᠭᠡ ᠶᠢᠨ ᠦᠨᠡᠮᠯᠡᠯ᠂ ᠲᠥᠷᠥᠭᠰᠡᠨ ᠪᠡᠶ᠎ᠡ ᠶᠢᠨ ᠦᠨᠡᠮᠯᠡᠯ ᠵᠢᠴᠢ ᠪᠤᠰᠤᠳ ᠬᠤᠯᠪᠣᠭᠳᠠᠯ ᠪᠥᠬᠦᠶ | ᠦᠨᠡᠮᠯᠡᠯ ᠢᠶᠠᠨ ᠠᠪᠴᠤ ᠬᠤᠪᠢᠶᠠᠷᠢᠯᠠᠨ ᠲᠣᠭᠲᠠᠭᠠᠭᠰᠠᠨ ᠰᠤᠷᠭᠠᠭᠤᠯᠢ ᠳᠤ ᠬᠦᠷᠴᠦ ᠳᠡᠩᠰᠡᠯᠡᠵᠦ ᠨᠡᠷ᠎ᠡ ᠮᠡᠳᠡᠭᠦᠯᠦᠨ᠎ᠡ᠃ | ᠴᠢᠩᠱᠠᠨ ᠲᠣᠭᠤᠷᠢᠭ ᠤᠨ ᠡᠷᠦᠬᠡ ᠠᠮᠠ ᠶᠢᠨ ᠲᠠᠩᠰᠠ ᠲᠠᠢ ᠰᠤᠷᠭᠠᠭᠤᠯᠢ ᠳᠤ ᠣᠷᠣᠬᠤ ᠮᠠᠲ᠋ᠧᠷᠢᠶᠠᠯ ᠢ | ᠰᠤᠷᠭᠠᠭᠤᠯᠢ ᠠᠩᠬ᠎ᠠ ᠬᠢᠨᠠᠭᠰᠠᠨ ᠤ ᠳᠠᠷᠠᠭ᠎ᠠ᠂ 6 ᠳ᠋ᠤᠭᠠᠷ ᠰᠠᠷ᠎ᠠ ᠶᠢᠨ 26 ᠤ ᠡᠳᠦᠷ ᠠᠴᠠ 7 ᠳ᠋ᠤᠭᠠᠷ ᠰᠠᠷ᠎ᠠ ᠶᠢᠨ | 4 ᠤ ᠡᠳᠦᠷ ᠪᠣᠯᠲᠠᠯ᠎ᠠ ᠪᠡᠯᠡᠳᠬᠡᠭᠰᠡᠨ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠪᠠ ᠰᠤᠷᠭᠠᠭᠤᠯᠢ ᠳᠤ ᠤᠷᠤᠭᠰᠠᠨ | ᠪᠠᠶᠢᠳᠠᠯ ᠤᠨ ᠲᠡᠮᠳᠡᠭᠯᠡᠯ ᠤᠨ ᠬᠦᠰᠦᠨᠦᠭᠲᠦ ᠪᠠᠨ ᠠᠪᠴᠤ ᠰᠤᠷᠭᠠᠨ ᠬᠥᠮᠦᠵᠢᠯ ᠤᠨ ᠲᠣᠪᠴᠢᠶ᠎ᠠ ᠳᠤ ᠬᠦᠷᠴᠦ ᠳᠠᠬᠢᠨ | ᠬᠢᠨᠠᠨ᠎ᠠ ︵ᠪᠣᠳᠠᠲᠠᠶ ᠠᠵᠢᠯ ᠤᠨ ᠲᠣᠬᠢᠷᠠᠭᠤᠯᠤᠯᠲᠠ ᠶᠢ ᠠᠰ ᠲᠤᠨᠢ ᠮᠡᠳᠡᠭᠳᠡᠨ᠎ᠡ︶᠃ | ︵2︶ ᠭᠠᠳᠠᠨ᠎ᠠ ᠠᠴᠠ ᠢᠷᠡᠭᠰᠡᠨ ᠬᠥᠯᠥᠰᠥᠨ ᠠᠵᠢᠯᠴᠢᠨ ᠤ ᠳᠠᠭᠠᠵᠤ ᠨᠡᠭᠦᠭᠰᠡᠨ ᠰᠤᠷᠭᠠᠭᠤᠯᠢ ᠳᠤ | ᠣᠷᠣᠬᠤ ᠨᠠᠰᠤᠨ ᠤ ᠦᠷ᠎ᠡ ᠬᠡᠦᠬᠡᠳ ᠤᠨ ᠤᠷᠢᠳᠴᠢᠯᠠᠨ ᠨᠡᠷ᠎ᠡ ᠮᠡᠳᠡᠭᠦᠯᠬᠦ ᠠᠷᠭ᠎ᠠ | ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨᠲ᠋ᠠᠭᠠᠵᠤ ᠨᠡᠭᠦᠭᠰᠡᠨ ᠵᠣᠬᠢᠬᠤ | ᠨᠠᠰᠤᠨ ᠤ ᠦᠷ᠎ᠡ ᠬᠡᠤᠬᠡᠳ ᠨᠢ 6 ᠳ᠋ᠤᠭᠠᠷ ᠰᠠᠷ᠎ᠠ ᠶᠢᠨ 24 ᠤ ᠡᠳᠦᠷ ᠠᠴᠠ 6 ᠳ᠋ᠤᠭᠠᠷ ᠰᠠᠷ᠎ᠠ ᠶᠢᠨ 25 ᠤ ᠡᠳᠦᠷ | ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ ᠠᠴᠠ ᠰᠤᠷᠭᠠᠭᠤᠯᠢ ᠳᠤ | ᠤᠷᠤᠭᠰᠠᠨ ᠢ ᠳᠠᠭᠠᠭᠤᠯᠤᠨ ︽ᠨᠡᠷ᠎ᠡ ᠮᠡᠳᠡᠭᠦᠯᠬᠦ ᠮᠡᠳᠡᠭᠳᠡᠯ ᠤᠨ ᠬᠠᠭᠤᠳᠠᠰᠤ︾ ᠳᠡᠭᠡᠷᠡᠬᠢ ᠡᠳᠦᠷ ᠬᠤᠭᠤᠴᠠᠭ᠎ᠠ᠂ | ︽ᠮᠡᠳᠡᠭᠡ ᠵᠠᠩᠭᠢ ᠴᠤᠭᠯᠠᠭᠤᠯᠬᠤ ᠬᠦᠰᠦᠨᠦᠭᠲᠦ︾ ︵︽ᠨᠡᠷ᠎ᠡ ᠮᠡᠳᠡᠭᠦᠯᠬᠦ ᠮᠡᠳᠡᠭᠳᠡᠯ ᠤᠨ ᠬᠠᠭᠤᠳᠠᠰᠤ︾ ᠪᠠᠭᠲᠠᠨ᠎ᠠ︶ | ᠵᠢᠴᠢ ᠳᠣᠤᠷᠠᠬᠢ ︽ᠭᠤᠷᠪᠠᠨ ᠦᠨᠡᠮᠯᠡᠯ︾ ᠢᠶᠠᠨ ᠠᠪᠴᠤ ᠲᠣᠭᠲᠠᠭᠰᠠᠨ ᠬᠢᠨᠠᠨ ᠬᠠᠷᠭᠤᠭᠤᠯᠬᠤ ᠭᠠᠵᠠᠷ ᠲᠤ ᠬᠦᠷᠴᠦ | ᠤᠷᠢᠳᠴᠢᠯᠠᠨ ᠮᠡᠳᠡᠭᠡᠯᠡᠬᠦ ᠨᠡᠷ᠎ᠡ ᠪᠠᠨ ᠮᠡᠳᠡᠭᠦᠯᠦᠨ᠎ᠡ᠃ | ᠣᠷᠣᠰᠢᠨ ᠰᠠᠭᠤᠬᠤ ᠦᠨᠡᠮᠯᠡᠯ᠄ ᠡᠷᠬᠡᠪᠰᠢ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠪᠤᠰᠤᠳ | ᠬᠠᠷᠠᠭᠠᠯᠵᠠᠨ ᠬᠠᠮᠠᠭᠠᠯᠠᠭᠴᠢ ᠪᠣᠯᠣᠨ ᠰᠤᠷᠭᠠᠭᠤᠯᠢ ᠳᠤ ᠣᠷᠣᠬᠤ ᠬᠡᠦᠬᠡᠳ ᠤᠨ ᠣᠷᠣᠰᠢᠨ ᠰᠠᠭᠤᠬᠤ ᠦᠨᠡᠮᠯᠡᠯ ᠤᠨ | ᠤᠭ ᠪᠢᠴᠢᠭ ᠵᠢᠴᠢ ᠪᠠᠭᠤᠯᠭᠠᠪᠤᠷᠢ︔ ᠡᠷᠦᠬᠡ ᠠᠮᠠ ᠶᠢᠨ ᠭᠡᠷᠡᠴᠢ᠄ ᠳᠠᠭᠠᠵᠤ ᠨᠡᠭᠦᠭᠰᠡᠨ ᠦᠷ᠎ᠡ ᠬᠡᠦᠬᠡᠳ ᠨᠢ ᠡᠴᠢᠭᠡ | ᠡᠬᠡ ᠲᠠᠢ ᠪᠠᠨ ᠨᠢᠭᠡ ᠡᠷᠦᠬᠡ ᠠᠮᠠ ᠶᠢᠨ ᠳᠠᠩᠰᠠ ᠶᠢᠨ ᠳᠡᠪᠲᠡᠷ ᠤᠨ ᠤᠭ ᠪᠢᠴᠢᠭ ᠵᠢᠴᠢ ᠪᠠᠭᠤᠯᠭᠠᠪᠤᠷᠢ | ︵ᠡᠷᠦᠬᠡ ᠶᠢᠨ ᠡᠵᠡᠨ ᠪᠣᠯᠣᠨ ᠡᠷᠳᠡᠮᠲᠡᠳ ᠤᠨ ᠬᠠᠭᠤᠳᠠᠰᠤ︶ ᠵᠢᠴᠢ ᠡᠴᠢᠬᠡ ᠡᠬᠡ ᠶᠢᠨ ᠪᠡᠶ᠎ᠡ ᠶᠢᠨ ᠦᠨᠡᠮᠯᠡᠯ ᠤᠨ ᠤᠭ | ᠪᠢᠴᠢᠭ ᠪᠣᠯᠣᠨ ᠪᠠᠭᠤᠯᠭᠠᠪᠤᠷᠢ︔ ᠲᠥᠷᠥᠭᠰᠡᠨ ᠦᠨᠡᠮᠯᠡᠯ ᠤᠨ ᠤᠭ ᠵᠦᠢᠯ ᠢ ᠬᠠᠩᠭᠠᠨ᠎ᠠ᠃ | ᠳᠠᠭᠠᠵᠤ ᠨᠡᠭᠦᠭᠰᠡᠨ ᠲᠣᠬᠢᠷᠠᠬᠤ ᠨᠠᠰᠤᠨ ᠤ ᠦᠷ᠎ᠡ ᠬᠡᠦᠬᠡᠳ ᠤᠨ ᠪᠣᠳᠠᠲᠠᠶ ᠰᠠᠭᠤᠭ᠎ᠠ ᠭᠠᠵᠠᠷ ᠤᠨ ᠶᠣᠰᠣᠭᠠᠷ | ᠪᠣᠯ ᠳᠣᠤᠷᠠᠬᠢ ᠬᠢᠨᠠᠨ ᠬᠠᠷᠭᠤᠭᠤᠯᠬᠤ ᠭᠠᠵᠠᠷ ᠢ ᠬᠤᠪᠢᠶᠠᠷᠢᠯᠠᠨ ᠲᠣᠭᠲᠠᠭᠠᠬᠤ ᠳᠤ᠂ ᠲᠤᠰ ᠭᠠᠵᠠᠷ ᠢ ᠡᠯᠰᠡᠬᠦ | ᠦᠨᠳᠦᠰᠦ ᠪᠠᠷᠢᠮᠲᠠ ᠪᠣᠯᠭᠠᠬᠤ ᠦᠭᠡᠶ᠃ | ᠳᠤᠮᠳᠠᠳᠤ ᠡᠮᠦᠨᠡᠲᠦ ᠣᠷᠣᠨ ᠪᠦᠰᠡ᠄ ᠪᠣᠯᠣᠳ ᠲᠡᠮᠦᠷ ᠶᠡᠭᠡ ᠵᠡᠭᠡᠯᠢ᠂ ᠪᠦᠲᠦᠭᠡᠨ ᠪᠠᠶᠢᠭᠤᠯᠤᠯᠲᠠ ᠶᠢᠨ | ᠵᠠᠮ ᠠᠴᠠ ᠡᠮᠦᠨᠡᠰᠢ᠂ ᠬᠢᠨᠠᠨ ᠬᠠᠷᠭᠤᠭᠤᠯᠬᠤ ᠭᠠᠵᠠᠷ ᠣᠷᠣᠨ᠄ ᠵᠤᠯ ᠵᠢᠷᠭᠠᠯ ᠡᠮᠦᠨ᠎ᠡ ᠵᠠᠮ ᠤᠨ ᠪᠠᠭ᠎ᠠ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠤᠯᠪᠣᠭᠠᠨ ᠤ ᠭᠤᠷᠪᠠᠳᠤᠭᠠᠷ ᠰᠤᠷᠭᠠᠭᠤᠯᠢ ᠶᠢᠨ ᠲᠣᠭᠤᠷᠢᠭ᠃ | ᠵᠡᠭᠦᠨ ᠡᠮᠦᠨᠡᠲᠦ ᠣᠷᠣᠨ᠄ ᠪᠦᠲᠦᠭᠡᠨ ᠪᠠᠶᠢᠭᠤᠯᠤᠯᠲᠠ ᠵᠠᠮ ᠠᠴᠠ ᠬᠤᠶᠢᠰᠢ᠂ ᠬᠦᠳᠡᠯᠮᠦᠷᠢ ᠶᠡᠭᠡ ᠵᠡᠭᠡᠯᠢ ᠠᠴᠠ | ᠵᠡᠭᠦᠨᠰᠢ᠂ ᠰᠣᠶᠣᠯ ᠵᠠᠮ ᠠᠴᠠ ᠡᠮᠦᠨᠡᠰᠢ᠂ ᠬᠢᠨᠠᠨ ᠬᠠᠷᠭᠤᠭᠤᠯᠬᠤ ᠭᠠᠵᠠᠷ᠄ ᠪᠤᠭᠤᠲᠤ ᠶᠢᠨ ᠭᠤᠴᠢᠨ ᠵᠢᠷᠭᠤᠳᠤᠭᠠᠷ | ᠳᠤᠮᠳᠠᠳᠤ ᠰᠤᠷᠭᠠᠭᠤᠯᠢ ︵ᠪᠠᠭ᠎ᠠ ᠰᠤᠷᠭᠠᠭᠤᠯᠢ ᠶᠢᠨ ᠬᠡᠯᠲᠡᠰ︶᠃ | ᠪᠠᠷᠠᠭᠤᠨ ᠡᠮᠦᠨᠡᠲᠦ ᠣᠷᠣᠨ᠄ ᠪᠤᠯᠤᠳ ᠲᠡᠮᠦᠷ ᠶᠡᠭᠡ ᠵᠡᠭᠡᠯᠢ ᠠᠴᠠ ᠬᠤᠶᠢᠰᠢ᠂ ᠬᠦᠳᠡᠯᠮᠦᠷᠢ ᠶᠡᠭᠡ ᠵᠡᠭᠡᠯᠢ ᠠᠴᠠ | ᠪᠠᠷᠠᠭᠤᠨᠰᠢ᠂ ᠰᠣᠶᠣᠯ ᠵᠠᠮ ᠠᠴᠠ ᠡᠮᠦᠨᠡᠰᠢ᠂ ᠬᠢᠨᠠᠨ ᠬᠠᠷᠭᠤᠭᠤᠯᠬᠤ ᠭᠠᠵᠠᠷ᠄ ᠬᠦᠴᠦᠷᠬᠡᠭᠵᠢᠯ ᠵᠠᠮ ᠤᠨ ᠪᠠᠭ᠎ᠠ | ᠰᠤᠷᠭᠠᠭᠤᠯᠢ᠃ | ᠵᠡᠬᠦᠨ ᠬᠤᠶᠢᠳᠦ ᠤᠷᠤᠨ ᠪᠦᠰᠡ᠄ ᠰᠣᠶᠣᠯ ᠵᠠᠮ ᠠᠴᠠ ᠬᠤᠶᠢᠰᠢ᠂ ᠬᠦᠳᠡᠯᠮᠦᠷᠢ ᠶᠡᠭᠡ ᠵᠡᠭᠡᠯᠢ ᠠᠴᠠ ᠵᠡᠭᠦᠨᠰᠢ᠂ | ᠬᠢᠨᠠᠨ ᠬᠠᠷᠭᠤᠭᠤᠯᠬᠤ ᠭᠠᠵᠠᠷ ᠨᠢ ᠴᠢᠩᠱᠠᠨ ᠵᠠᠮ ᠤᠨ ᠲᠠᠪᠣᠳᠣᠭᠠᠷ ᠪᠠᠭ᠎ᠠ ᠰᠣᠷᠭᠠᠭᠤᠯᠢ᠃ | ᠪᠠᠷᠠᠭᠤᠨ ᠬᠤᠶᠢᠨ᠎ᠡ ᠤᠷᠤᠨ᠄ ᠰᠤᠶᠤᠯ ᠵᠠᠮ ᠠᠴᠠ ᠬᠤᠶᠢᠰᠢ᠂ ᠬᠦᠳᠡᠯᠮᠦᠷᠢ ᠶᠡᠭᠡ ᠵᠡᠭᠡᠯᠢ ᠠᠴᠠ ᠪᠠᠷᠠᠭᠤᠨᠰᠢ᠂ | ᠴᠡᠷᠢᠭ ᠤᠨ ᠪᠠᠷᠢᠯᠭ᠎ᠠ ᠶᠢᠨ ᠵᠠᠮ ᠠᠴᠠ ᠡᠮᠦᠨᠡᠰᠢ᠂ ᠬᠢᠨᠠᠨ ᠬᠠᠷᠭᠤᠭᠤᠯᠬᠤ ᠭᠠᠵᠠᠷ ᠨᠢ ᠬᠤᠰᠢᠭᠤᠴᠢ ᠵᠠᠮ ᠤᠨ ᠪᠠᠭ᠎ᠠ | ᠰᠤᠷᠭᠠᠭᠤᠯᠢ᠃ | ᠴᠤᠤᠶᠠᠩ ᠵᠠᠮ ᠤᠨ ᠪᠠᠭ᠎ᠠ ᠰᠤᠷᠭᠠᠭᠤᠯᠢ᠂ ᠪᠤᠭᠤᠲᠦ ᠶᠢᠨ ᠲᠠᠪᠢᠨ ᠬᠤᠶᠠᠳᠤᠭᠠᠷ ᠳᠤᠮᠳᠠᠳᠤ ᠰᠤᠷᠭᠠᠭᠤᠯᠢ | ︵ᠪᠠᠭ᠎ᠠ ᠰᠤᠷᠭᠠᠭᠤᠯᠢ ᠶᠢᠨ ᠬᠡᠯᠲᠡᠰ︶᠂ ᠰᠠᠨ ᠰᠢᠩ ᠪᠠᠭ᠎ᠠ ᠰᠤᠷᠭᠠᠭᠤᠯᠢ ᠶᠢᠨ ᠦᠢᠯᠡᠴᠢᠯᠡᠭᠡᠨ ᠤ ᠣᠷᠣᠨ ᠪᠦᠰᠡ ᠶᠢᠨ | ᠳᠣᠲᠣᠷᠠᠬᠢ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠭᠰᠡᠳ ᠤᠨ ᠦᠷ᠎ᠡ ᠬᠡᠦᠬᠡᠳ ᠲᠤ ᠬᠠᠮᠢᠶ᠎ᠠ ᠪᠥᠬᠦᠶ | ᠦᠨᠡᠮᠯᠡᠯ ᠪᠠ ᠮᠠᠲ᠋ᠧᠷᠢᠶᠠᠯ ᠢᠶᠠᠷ ᠢᠶᠠᠨ ᠬᠠᠷᠠᠭᠠᠯᠵᠠᠭᠰᠠᠨ ᠰᠤᠷᠭᠠᠭᠤᠯᠢ ᠳᠤ ᠬᠦᠷᠴᠦ ᠬᠢᠨᠠᠨ ᠬᠠᠷᠭᠤᠭᠤᠯᠤᠨ᠎ᠠ᠃ | ︵3︶ 8 ᠳ᠋ᠤᠭᠠᠷ ᠰᠠᠷ᠎ᠠ ᠶᠢᠨ 26 ᠤ ᠡᠳᠦᠷ ᠠᠴᠠ ᠰᠡᠭᠦᠯᠡᠷ ᠰᠢᠨ᠎ᠡ ᠰᠤᠷᠤᠭᠴᠢ ᠶᠢᠨ ᠰᠤᠷᠭᠠᠭᠤᠯᠢ ᠳᠤ | ᠣᠷᠣᠬᠤ ᠬᠤᠪᠢᠶᠠᠷᠢᠯᠠᠯᠲᠠ ᠶᠢᠨ ᠦᠷ᠎ᠡ ᠳ᠋ᠦᠩ ᠢ ᠨᠡᠶᠢᠲᠡᠯᠡᠨ᠎ᠡ᠃ ᠲᠤᠬᠠᠢ ᠶᠢᠨ ᠦᠶ᠎ᠡ ᠳᠤ ᠭᠡᠷ ᠤᠨ ᠠᠬᠠᠮᠠᠳ ᠤᠨ | ᠲᠡᠮᠳᠡᠭᠯᠡᠯ ︵http://bm.btjy.net/btqs︶ ᠣᠪᠤᠭ ᠨᠡᠷ᠎ᠡ ᠪᠠ ᠪᠡᠶ᠎ᠡ ᠶᠢᠨ ᠦᠨᠡᠮᠯᠡᠬᠦ ᠪᠠᠷ ᠡᠯᠰᠡᠭᠰᠡᠨ ᠦᠷ᠎ᠡ | ᠳ᠋ᠦᠩ ᠢ ᠪᠠᠶᠢᠴᠠᠭᠠᠨ ᠯᠠᠪᠯᠠᠵᠤ ᠪᠤᠯᠤᠨ᠎ᠠ᠃ | 2᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠨᠡᠷ᠎ᠡ ᠮᠡᠳᠡᠭᠦᠯᠬᠦ | 2024 ᠣᠨ ᠳᠤ ᠴᠢᠩᠱᠠᠨ ᠲᠣᠭᠤᠷᠢᠭ ᠪᠠᠭ᠎ᠠ ᠰᠤᠷᠭᠠᠭᠤᠯᠢ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠳᠤ ᠳᠡᠪᠰᠢᠬᠦ ᠨᠡᠷ᠎ᠡ ᠮᠡᠳᠡᠭᠦᠯᠬᠦ ᠳᠤ ᠨᠢᠭᠡᠳᠦᠯᠲᠡᠢ ᠰᠦᠯᠵᠢᠶᠡᠨ ᠳᠡᠭᠡᠷ᠎ᠡ ᠮᠡᠳᠡᠭᠡ ᠵᠠᠩᠭᠢ | ᠴᠤᠭᠯᠠᠭᠤᠯᠬᠤ ᠶᠢ ᠬᠡᠷᠡᠭᠵᠢᠭᠦᠯᠦᠨ᠎ᠡ᠃ ᠴᠢᠩᠱᠠᠨ ᠲᠣᠭᠤᠷᠢᠭ ᠤᠨ ᠰᠤᠷᠭᠠᠭᠤᠯᠢ ᠳᠤ ᠪᠠᠶᠢᠭ᠎ᠠ ᠪᠠᠭ᠎ᠠ ᠰᠤᠷᠭᠠᠭᠤᠯᠢ | ᠲᠡᠭᠦᠰᠦᠭᠰᠡᠳ ᠤᠨ ᠰᠤᠷᠭᠠᠭᠤᠯᠢ ᠱᠠᠭᠠᠷᠳᠠᠯᠭ᠎ᠠ ᠶᠣᠰᠣᠭᠠᠷ ᠰᠤᠷᠤᠭᠴᠢᠳ ᠢ ᠵᠣᠬᠢᠶᠠᠨ ᠪᠠᠶᠢᠭᠤᠯᠤᠨ ᠪᠦᠬᠦ | ᠬᠤᠲᠠ ᠶᠢᠨ ᠨᠢᠭᠡᠳᠦᠯᠲᠡᠶ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ | ᠰᠤᠷᠭᠠᠭᠤᠯᠢ ᠳᠤ ᠣᠷᠣᠬᠤ ᠮᠡᠳᠡᠭᠡ ᠵᠠᠩᠭᠢ ᠴᠤᠭᠯᠠᠭᠤᠯᠬᠤ ᠰᠢᠰᠲ᠋ᠧᠮ︾ ᠢᠶᠠᠷ ᠳᠠᠮᠵᠢᠭᠤᠯᠤᠨ ᠮᠡᠳᠡᠭᠡ ᠵᠠᠩᠭᠢ | ᠴᠤᠭᠯᠠᠭᠤᠯᠬᠤ ᠶᠢ ᠪᠡᠶᠡᠯᠡᠭᠦᠯᠦᠨ᠎ᠡ᠃ ᠲᠤᠭᠤᠷᠢᠭ ᠤᠨ ᠭᠠᠳᠠᠨ᠎ᠠ ᠴᠢᠩᠱᠠᠨ ᠲᠣᠭᠤᠷᠢᠭ ᠤᠨ ᠡᠷᠦᠬᠡ ᠠᠮᠠ ᠲᠠᠢ ᠪᠠᠭ᠎ᠠ | ᠰᠤᠷᠭᠠᠭᠤᠯᠢ ᠲᠡᠭᠦᠰᠦᠭᠰᠡᠳ ᠪᠣᠯᠤᠨ ᠨᠥᠬᠦᠴᠡᠯ ᠳᠤ ᠨᠡᠶᠢᠴᠡᠭᠰᠡᠨ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ | ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠦᠷ᠎ᠡ ᠬᠡᠤᠬᠡᠳ ᠨᠢ 5 ᠰᠠᠷ᠎ᠠ ᠶᠢᠨ 31 ᠤ ᠡᠳᠦᠷ ᠠᠴᠠ 6 | ᠰᠠᠷ᠎ᠠ ᠶᠢᠨ 6 ᠤ ᠡᠳᠦᠷ ᠪᠣᠯᠲᠠᠯ᠎ᠠ ᠮᠡᠳᠡᠭᠡ ᠵᠠᠩᠭᠢ ᠴᠤᠭᠯᠠᠭᠤᠯᠬᠤ ᠶᠢ ᠪᠡᠶᠡᠯᠡᠭᠦᠯᠦᠨ᠎ᠡ᠃ ᠲᠤᠬᠠᠶ ᠶᠢᠨ ᠦᠶ᠎ᠡ ᠳᠤ | ᠰᠣᠷᠣᠭᠴᠢ ᠶᠢᠨ ᠬᠡᠷ ᠤᠨ ᠠᠬᠠᠮᠠᠳ ︽ᠮᠥᠩᠬᠡ ᠰᠤᠪᠠᠭ APP᠂ ᠪᠤᠭᠤᠲᠤ ᠶᠢᠨ ᠰᠤᠷᠭᠠᠨ ᠬᠥᠮᠦᠵᠢᠯ︾᠂ | ︽ᠪᠤᠭᠤᠲᠤ ᠶᠢᠨ ᠰᠤᠷᠭᠠᠨ ᠬᠥᠮᠦᠵᠢᠯ ᠤᠨ ᠡᠭᠦᠯᠡᠨ ︵www.btjy.net︶︾ ᠳᠤ ᠳᠠᠩᠰᠠᠯᠠᠭᠤᠯᠬᠤ ᠪᠠᠷ | ᠳᠠᠮᠵᠢᠭᠤᠯᠤᠨ᠂ ︽ᠴᠢᠩᠱᠠᠨ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠨᠡᠷ᠎ᠡ ᠮᠡᠳᠡᠭᠦᠯᠬᠦ ᠦᠢᠯᠡᠴᠢᠯᠡᠭᠡᠨ ᠤ ᠲᠠᠪᠴᠠᠩ︾ ᠤᠨ ᠬᠡᠷᠡᠯ | ᠵᠢᠷᠤᠭ ᠢ ᠳᠠᠷᠤᠨ᠎ᠠ︔ ᠪᠠᠰᠠ ᠰᠦᠯᠵᠢᠶᠡᠨ ᠤ ᠬᠠᠶ᠋ᠢᠭ ︵http://bm.btjy.net/btqs︶ ᠢ ᠣᠷᠣᠭᠤᠯᠵᠤ | ᠪᠣᠯᠤᠨ᠎ᠠ᠂ ᠬᠠᠮᠢᠶ᠎ᠠ ᠪᠥᠬᠦᠶ ᠲᠣᠳᠣᠷᠬᠠᠶᠢᠯᠠᠯᠲᠠ ᠪᠠ ᠰᠠᠨᠠᠭᠤᠯᠤᠮᠵᠢ ᠶᠣᠰᠣᠭᠠᠷ᠂ ᠰᠤᠷᠤᠭᠴᠢᠳ ᠤᠨ ᠬᠠᠮᠢᠶ᠎ᠠ ᠪᠥᠬᠦᠶ | ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠲᠠᠭᠯᠠᠨ ᠪᠢᠴᠢᠬᠦ ᠶᠢᠨ ᠬᠠᠮᠲᠤ ︽ᠮᠡᠳᠡᠭᠡ ᠵᠠᠩᠭᠢ ᠴᠤᠭᠯᠠᠭᠤᠯᠬᠤ | ᠬᠦᠰᠦᠨᠦᠭᠲᠦ︾ ᠶᠢ ᠳᠠᠷᠤᠮᠠᠯᠯᠠᠵᠤ᠂ ᠬᠡᠷ ᠤᠨ ᠠᠬᠠᠮᠠᠳ ᠭᠠᠷ ᠤᠨ ᠥᠰᠥᠭ ᠵᠢᠷᠤᠭᠰᠠᠨ ᠤ ᠳᠠᠷᠠᠭ᠎ᠠ᠂ ᠲᠣᠭᠲᠠᠭᠰᠠᠨ | ᠴᠠᠭ ᠲᠤ ᠵᠢᠭᠠᠨ ᠲᠣᠭᠲᠠᠭᠠᠭᠰᠠᠨ ᠬᠢᠨᠠᠨ ᠬᠠᠷᠭᠤᠭᠤᠯᠬᠤ ᠭᠠᠵᠠᠷ ᠲᠤ ᠬᠦᠷᠴᠦ ᠨᠡᠷ᠎ᠡ ᠮᠡᠳᠡᠭᠦᠯᠵᠦ ᠳᠡᠩᠰᠡᠯᠡᠵᠦ | ᠪᠣᠯᠤᠨ᠎ᠠ᠃ ᠳᠡᠭᠡᠷ᠎ᠡ ᠳᠤᠷᠠᠳᠤᠭᠰᠠᠨ ᠠᠵᠢᠯᠯᠠᠭ᠎ᠠ ᠶᠢ ᠬᠤᠭᠤᠴᠠᠭ᠎ᠠ ᠥᠩᠭᠡᠷᠡᠲᠡᠯ᠎ᠡ ᠪᠡᠶᠡᠯᠡᠭᠦᠯᠦᠭᠰᠡᠨ ᠦᠭᠡᠶ ᠪᠠ ᠨᠡᠷ᠎ᠡ | ᠮᠡᠳᠡᠭᠦᠯᠵᠦ ᠳᠠᠩᠰᠠᠯᠠᠭᠤᠯᠤᠭᠰᠠᠨ ᠦᠭᠡᠢ ᠠᠴᠠ ᠪᠣᠯᠤᠭᠰᠠᠨ ᠦᠷ᠎ᠡ ᠳ᠋ᠦᠩ ᠢ ᠭᠡᠷ ᠤᠨ ᠠᠬᠠᠮᠠᠳ ︵ᠬᠢᠨᠠᠨ | ᠬᠠᠮᠠᠭᠠᠯᠠᠭᠴᠢ︶ ᠡᠭᠦᠷᠭᠡᠯᠡᠨ᠎ᠡ᠃ | ︵1︶ ᠴᠢᠩᠱᠠᠨ ᠲᠣᠭᠤᠷᠢᠭ ᠤᠨ ᠰᠤᠷᠭᠠᠭᠤᠯᠢ ᠳᠤ ᠪᠠᠶᠢᠭ᠎ᠠ ᠪᠠᠭ᠎ᠠ ᠰᠤᠷᠭᠠᠭᠤᠯᠢ ᠲᠡᠭᠦᠰᠦᠭᠰᠡᠳ ᠤᠨ | ᠰᠤᠷᠭᠠᠭᠤᠯᠢ ᠶᠢᠨ ᠱᠠᠭᠠᠷᠳᠠᠯᠭ᠎ᠠ ᠶᠣᠰᠣᠭᠠᠷ ︽ᠮᠡᠳᠡᠭᠡ ᠵᠠᠩᠭᠢ ᠴᠤᠭᠯᠠᠭᠤᠯᠬᠤ ᠬᠦᠰᠦᠨᠦᠭᠲᠦ︾᠂ ᠰᠤᠷᠤᠭᠴᠢ ᠶᠢᠨ | ᠡᠷᠦᠬᠡ ᠠᠮᠠ ᠶᠢᠨ ᠳᠡᠪᠲᠡᠷ᠂ ᠭᠡᠷ ᠬᠥᠷᠥᠩᠭᠡ ᠶᠢᠨ ᠦᠨᠡᠮᠯᠡᠯ ᠵᠡᠷᠭᠡ ᠮᠠᠲ᠋ᠧᠷᠢᠶᠠᠯ ᠢᠶᠠᠨ ᠰᠤᠷᠭᠠᠭᠤᠯᠢ ᠶᠢᠨ ᠨᠡᠷ᠎ᠡ | ᠮᠡᠳᠡᠭᠦᠯᠬᠦ ᠳᠠᠩᠰᠠᠯᠠᠯ ᠳᠤ ᠲᠤᠰᠢᠶᠠᠵᠤ᠂ ᠡᠯ᠎ᠡ ᠰᠤᠷᠭᠠᠭᠤᠯᠢ ᠶᠢᠨ ᠬᠢᠨ ᠪᠡᠯᠡᠳᠬᠡᠭᠰᠡᠨ ︽ᠲᠣᠪᠴᠢ ᠲᠡᠮᠳᠡᠭ︾ ᠵᠢᠴᠢ | ᠰᠤᠷᠤᠭᠴᠢᠳ ᠤᠨ ᠡᠷᠦᠬᠡ ᠠᠮᠠ ᠶᠢᠨ ᠳᠡᠪᠲᠡᠷ᠂ ᠭᠡᠷ ᠬᠥᠷᠥᠩᠭᠡ ᠶᠢᠨ ᠦᠨᠡᠮᠯᠡᠯ᠂ ︽ᠮᠡᠳᠡᠭᠡ ᠵᠠᠩᠭᠢ ᠴᠤᠭᠯᠠᠭᠤᠯᠬᠤ | ᠬᠦᠰᠦᠨᠦᠭᠲᠦ︾ ︵ᠨᠢᠭᠡ ᠰᠤᠷᠤᠭᠴᠢ ᠨᠢᠭᠡ ᠤᠭᠤᠲᠠ᠂ ᠰᠢᠯᠭᠠᠯᠲᠠ ᠶᠢᠨ ᠳ᠋ᠤᠭᠠᠷ᠂ ᠣᠪᠣᠭ ᠨᠡᠷ᠎ᠡ ᠶᠢᠨ ᠲᠡᠮᠳᠡᠭ ᠨᠠᠭᠠᠨ᠎ᠠ︶ | ᠵᠡᠷᠭᠡ ᠬᠦᠰᠦᠨᠦᠭᠲᠦ ᠶᠢᠨ ᠳᠡᠪᠲᠡᠷ ᠪᠠ ᠦᠨᠡᠮᠯᠡᠯ ᠢ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ | ᠬᠦᠷᠴᠦ ᠬᠢᠨᠠᠨ ᠬᠠᠷᠭᠤᠭᠤᠯᠤᠨ᠎ᠠ᠃ ︽2024 ᠣᠨ ᠤ ᠴᠢᠩᠱᠠᠨ ᠲᠣᠭᠤᠷᠢᠭ ᠤᠨ ᠪᠠᠭ᠎ᠠ ᠰᠤᠷᠭᠠᠭᠤᠯᠢ ᠶᠢᠨ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠡᠷ᠎ᠡ ᠮᠡᠳᠡᠭᠦᠯᠬᠦ ᠮᠠᠲ᠋ᠧᠷᠢᠶᠠᠯ ᠢ ᠬᠢᠨᠠᠨ ᠬᠠᠷᠭᠤᠭᠤᠯᠵᠤ ᠳᠣᠭᠢᠷᠠᠭᠤᠯᠬᠤ | ᠬᠦᠰᠦᠨᠦᠭᠲᠦ︾ ᠳᠤ ᠪᠣᠳᠠᠲᠠᠶ ᠲᠣᠬᠢᠷᠠᠭᠤᠯᠤᠨ᠎ᠠ᠃ | ︵2︶ ᠴᠢᠩᠱᠠᠨ ᠲᠣᠭᠤᠷᠢᠭ ᠤᠨ ᠡᠷᠦᠬᠡ ᠠᠮᠠ ᠲᠠᠢ ᠲᠤᠭᠤᠷᠢᠭ ᠤᠨ ᠭᠠᠳᠠᠨᠠᠪᠠᠭᠠ ᠰᠤᠷᠭᠠᠭᠤᠯᠢ | ᠲᠡᠭᠦᠰᠦᠭᠰᠡᠳ 6 ᠰᠠᠷ᠎ᠠ ᠶᠢᠨ 11 ᠤ ᠡᠳᠦᠷ ᠠᠴᠠ 6 ᠰᠠᠷ᠎ᠠ ᠶᠢᠨ 14 ᠤ ᠡᠳᠦᠷ ᠪᠣᠯᠲᠠᠯ᠎ᠠ ︽ᠮᠡᠳᠡᠭᠡ ᠵᠠᠩᠭᠢ | ᠴᠤᠭᠯᠠᠭᠤᠯᠬᠤ ᠬᠦᠰᠦᠨᠦᠭᠲᠦ︾ ᠪᠣᠯᠤᠨ ᠡᠷᠦᠬᠡ ᠠᠮᠠ ᠶᠢᠨ ᠳᠡᠪᠲᠡᠷ᠂ ᠭᠡᠷ ᠬᠥᠷᠥᠩᠭᠡ ᠶᠢᠨ ᠦᠨᠡᠮᠯᠡᠯ᠂ ᠲᠥᠷᠥᠭᠰᠡᠨ | ᠦᠨᠡᠮᠯᠡᠯ ᠤᠨ ᠤᠭ ᠮᠠᠲ᠋ᠧᠷᠢᠶᠠᠯ ᠪᠣᠯᠤᠨ ᠪᠠᠭᠤᠯᠭᠠᠪᠤᠷᠢ ᠵᠢᠴᠢ ᠪᠠᠭ᠎ᠠ ᠰᠤᠷᠭᠠᠭᠤᠯᠢ ᠠᠴᠠ ᠲᠡᠭᠦᠰᠦᠭᠰᠡᠨ | ᠦᠨᠡᠮᠯᠡᠯ ᠢᠶᠠᠨ ᠠᠪᠴᠤ ᠶᠠᠪᠤᠵᠤ᠂ ︽ᠮᠡᠳᠡᠭᠡ ᠵᠠᠩᠭᠢ ᠴᠤᠭᠯᠠᠭᠤᠯᠬᠤ ᠬᠦᠰᠦᠨᠦᠭᠲᠦ︾ ᠳᠤ ᠲᠣᠭᠲᠠᠭᠠᠭᠰᠠᠨ ᠪᠣᠳᠠᠲᠠᠶ | ᠴᠠᠭ ᠤᠨ ᠶᠣᠰᠣᠭᠠᠷ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠬᠦᠷᠴᠦ ᠬᠢᠨᠠᠨ | ᠬᠠᠷᠭᠤᠭᠤᠯᠵᠤ ᠨᠡᠷ᠎ᠡ ᠮᠡᠳᠡᠭᠦᠯᠦᠨ᠎ᠡ᠃ | ︵3︶ ᠴᠢᠩᠱᠠᠨ ᠲᠤᠭᠤᠷᠢᠭ ᠤᠨ ᠰᠤᠷᠭᠠᠭᠤᠯᠢ ᠶᠢᠨ ᠬᠠᠷᠢᠶᠠᠯᠠᠯ ᠤᠨ ᠪᠤᠰᠦ ᠭᠠᠳᠠᠨ᠎ᠠ ᠠᠴᠠ ᠢᠷᠡᠭᠰᠡᠨ | ᠬᠦᠯᠦᠰᠦᠨ ᠠᠵᠢᠯᠲᠠᠨ ᠤ ᠲᠠᠭᠠᠵᠤ ᠨᠡᠭᠦᠭᠰᠡᠨ ᠦᠷ᠎ᠡ ᠬᠡᠤᠭᠡᠳ ᠢ 6 ᠰᠠᠷ᠎ᠠ ᠶᠢᠨ 11 ᠤ ᠡᠲᠦᠷ ᠠᠴᠠ 6 | ᠰᠠᠷ᠎ᠠ ᠶᠢᠨ 14 ᠤ ᠡᠳᠦᠷ ᠪᠤᠯᠲᠠᠯ᠎ᠠ ᠮᠡᠳᠡᠭᠡ ᠵᠠᠩᠭᠢ ᠴᠤᠭᠯᠠᠭᠤᠯᠬᠤ ᠬᠦᠰᠦᠨᠦᠭᠲᠤ ᠪᠤᠯᠤᠨ ᠤᠷᠤᠰᠢᠨ ᠰᠠᠭᠤᠬᠤ | ᠦᠨᠡᠮᠯᠡᠯ᠂ ︵ᠡᠴᠢᠬᠡ ᠡᠬᠡ ᠪᠤᠶᠤ ᠬᠠᠤᠯᠢ ᠳᠤ ᠲᠤᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ ᠪᠤᠯᠤᠨ | ᠰᠤᠷᠭᠠᠭᠤᠯᠢ ᠳᠤ ᠤᠷᠤᠬᠤ ᠨᠠᠰᠤᠨ ᠤ ᠡᠷᠲᠡᠮᠲᠡᠳ ᠢ ᠬᠠᠩᠬᠠᠬᠤ ᠬᠡᠷᠡᠭᠲᠡᠢ︶ ᠡᠷᠦᠬᠡ ᠠᠮᠠ ᠶᠢᠨ ᠳᠡᠪᠲᠡᠷ᠂ ᠲᠥᠷᠥᠭᠰᠡᠨ | ᠦᠨᠡᠮᠯᠡᠯ ᠤᠨ ᠤᠭ ᠮᠠᠲ᠋ᠧᠷᠢᠶᠠᠯ ᠪᠠ ᠪᠠᠭᠤᠯᠭᠠᠪᠤᠷᠢ ᠵᠢᠴᠢ ᠪᠠᠭ᠎ᠠ ᠰᠤᠷᠭᠠᠭᠤᠯᠢ ᠠᠴᠠ ᠲᠡᠭᠦᠰᠦᠭᠰᠡᠨ ᠭᠡᠷᠡᠴᠢ ᠶᠢ | ︽ᠮᠡᠳᠡᠭᠡ ᠵᠠᠩᠭᠢ ᠴᠤᠭᠯᠠᠭᠤᠯᠬᠤ ᠬᠦᠰᠦᠨᠦᠭᠲᠦ︾ ᠳᠤ ᠲᠣᠭᠲᠠᠭᠠᠭᠰᠠᠨ ᠪᠣᠳᠠᠲᠠᠶ ᠴᠠᠭ ᠤᠨ ᠶᠣᠰᠣᠭᠠᠷ ᠴᠢᠩᠱᠠᠨ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠬᠦᠷᠴᠦ ᠬᠢᠨᠠᠨ ᠬᠠᠷᠭᠤᠭᠤᠯᠵᠤ ᠨᠡᠷ᠎ᠡ ᠮᠡᠳᠡᠭᠦᠯᠦᠨ᠎ᠡ᠃ | ︵4︶ ᠴᠢᠩᠱᠠᠨ ᠲᠣᠭᠤᠷᠢᠭ ᠲᠤ ᠰᠤᠷᠤᠯᠴᠠᠵᠤ ᠪᠠᠶᠢᠭ᠎ᠠ ᠪᠠᠭ᠎ᠠ ᠰᠤᠷᠭᠠᠭᠤᠯᠢ ᠶᠢᠨ ᠲᠤᠰ ᠬᠤᠭᠤᠴᠠᠭᠠᠨ ᠤ | ᠲᠡᠭᠦᠰᠦᠭᠰᠡᠳ ᠪᠣᠯᠤᠨ ᠴᠢᠩᠱᠠᠨ ᠲᠣᠭᠤᠷᠢᠭ ᠤᠨ ᠡᠷᠦᠬᠡ ᠠᠮᠠ ᠶᠢᠨ ᠳᠠᠩᠰᠠ ᠲᠠᠢ ᠲᠤᠭᠤᠷᠢᠭ ᠤᠨ ᠭᠠᠳᠠᠨ᠎ᠠ ᠪᠠᠭ᠎ᠠ | ᠰᠤᠷᠭᠠᠭᠤᠯᠢ ᠲᠡᠭᠦᠰᠦᠭᠰᠡᠳ ᠴᠥᠮ ᠴᠢᠩᠱᠠᠨ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ | ᠺᠣᠮᠫᠢᠦ᠋ᠲ᠋ᠧᠷ ᠢᠶᠠᠷ ᠬᠤᠪᠢᠶᠠᠬᠤ ᠠᠵᠢᠯ ᠳᠤ ᠣᠷᠣᠯᠴᠠᠵᠤ ᠪᠣᠯᠤᠨ᠎ᠠ᠂ ᠮᠡᠳᠡᠭᠡ ᠵᠠᠩᠭᠢ ᠴᠤᠭᠯᠠᠭᠤᠯᠬᠤ ᠦᠶ᠎ᠡ ᠳᠤ | ᠰᠠᠶᠢᠨ ᠳᠤᠷ᠎ᠠ ᠠᠴᠠ ᠪᠠᠨ ᠴᠢᠩᠱᠠᠨ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠺᠣᠮᠫᠢᠦ᠋ᠲ᠋ᠧᠷ ᠢᠶᠠᠷ | ᠬᠤᠪᠢᠶᠠᠬᠤ ᠳᠤ ᠣᠷᠣᠯᠴᠠᠬᠤ ᠡᠰᠡᠬᠦ ᠶᠢ ᠰᠣᠩᠭᠤᠵᠤ ᠪᠣᠯᠤᠨ᠎ᠠ᠃ | ︵5︶ ᠪᠡᠶ᠎ᠡ ᠶᠢᠨ ᠲᠠᠮᠢᠷ ᠤᠨ ᠰᠤᠷᠤᠭᠴᠢ ᠡᠯᠰᠡᠬᠦ ᠪᠣᠳᠠᠲᠠᠢ ᠲᠥᠰᠦᠯ ᠢ ᠠᠰ ᠲᠤᠨᠢ ᠨᠡᠶᠢᠲᠡᠯᠡᠨ᠎ᠡ᠃ | ︵6︶ ᠠᠩᠬ᠎ᠠ ᠵᠡᠷᠬᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠭᠰᠠᠨ ᠦᠷ᠎ᠡ ᠳ᠋ᠦᠩ ᠨᠢ 8 | ᠰᠠᠷ᠎ᠠ ᠶᠢᠨ 26 ᠤ ᠡᠲᠦᠷ ᠠᠴᠠ ᠰᠡᠭᠦᠯᠡᠷ(http://bm.btjy.net/btqs) ᠠᠴᠠ ᠪᠠᠶᠢᠴᠠᠭᠠᠨ ᠯᠠᠪᠯᠠᠵᠦ | ᠪᠤᠯᠤᠨ᠎ᠠ᠃ | 3᠂ ᠵᠡᠮᠳᠡᠭ ᠬᠡᠤᠭᠡᠳ ᠪᠠᠭᠠᠴᠤᠳ ᠰᠤᠷᠭᠠᠭᠤᠯᠢ ᠳᠤ ᠤᠷᠤᠬᠤ | ᠡᠯ᠎ᠡ ᠰᠤᠷᠭᠠᠭᠤᠯᠢ ᠨᠤᠭᠤᠳ ᠵᠣᠬᠢᠬᠤ ᠨᠠᠰᠤᠨ ᠤ ᠵᠡᠮᠳᠡᠭ ᠬᠡᠦᠬᠡᠳ᠂ ᠪᠠᠭᠠᠴᠤᠳ ᠤᠨ ᠰᠤᠷᠭᠠᠭᠤᠯᠢ ᠳᠤ | ᠣᠷᠣᠬᠤ ᠠᠵᠢᠯ ᠢ ᠰᠠᠶᠢᠲᠤᠷ ᠬᠢᠵᠦ᠂ ᠰᠤᠷᠭᠠᠭᠤᠯᠢ ᠶᠢᠨ ᠰᠤᠷᠤᠯᠭ᠎ᠠ ᠠᠮᠢᠳᠤᠷᠠᠯ᠂ ᠵᠡᠮᠳᠡᠭ ᠤᠨ ᠬᠡᠮᠵᠢᠶ᠎ᠡ ᠪᠠᠷ ᠨᠡᠯᠢᠶᠡᠳ | ᠬᠦᠩᠭᠡᠨ ᠵᠡᠮᠳᠡᠭ ᠬᠡᠦᠬᠡᠳ᠂ ᠪᠠᠭᠠᠴᠤᠳ ᠲᠤ ᠴᠢᠳᠠᠬᠤ ᠬᠡᠮᠵᠢᠶ᠎ᠡ ᠳᠣᠲᠣᠷ᠎ᠠ ᠡᠩ ᠤᠨ ᠰᠤᠷᠭᠠᠭᠤᠯᠢ ᠳᠤ | ᠲᠣᠬᠢᠷᠠᠭᠤᠯᠤᠨ ᠠᠩᠬᠢ ᠳᠠᠭᠠᠵᠤ ᠰᠤᠷᠤᠯᠴᠠᠭᠤᠯᠤᠨ᠎ᠠ᠃ ᠵᠡᠮᠳᠡᠭ ᠤᠨ ᠬᠡᠮᠵᠢᠶ᠎ᠡ ᠨᠢ ᠨᠡᠯᠢᠶᠡᠳ ᠬᠦᠨᠳᠦ ᠪᠠᠶᠢᠵᠤ᠂ | ᠡᠩ ᠤᠨ ᠰᠤᠷᠭᠠᠭᠤᠯᠢ ᠳᠤ ᠰᠠᠭᠤᠵᠤ ᠳᠡᠶᠢᠯᠬᠦ ᠦᠭᠡᠶ ᠬᠡᠦᠬᠡᠳ᠂ ᠪᠠᠭᠠᠴᠤᠳ ᠢ ᠡᠴᠢᠭᠡ ᠡᠬᠡ ᠪᠤᠶᠤ ᠬᠠᠤᠯᠢ ᠪᠠᠷ | ᠲᠣᠭᠲᠠᠭᠠᠭᠰᠠᠨ ᠬᠢᠨᠠᠨ ᠬᠠᠮᠠᠭᠠᠯᠠᠭᠴᠢ ᠨᠢ ᠳᠠᠭᠠᠭᠤᠯᠤᠨ᠂ ᠵᠣᠬᠢᠴᠠᠩᠭᠤᠶ ᠪᠦᠬᠦᠢ ᠤᠨᠴᠠᠭᠠᠢ ᠰᠤᠷᠭᠠᠨ ᠬᠥᠮᠦᠵᠢᠯ ᠤᠨ | ᠰᠤᠷᠭᠠᠭᠤᠯᠢ ᠳᠤ ᠬᠦᠷᠴᠦ ᠨᠡᠷ᠎ᠡ ᠮᠡᠳᠡᠭᠦᠯᠵᠦ ᠰᠤᠷᠤᠯᠴᠠᠭᠤᠯᠤᠨ᠎ᠠ᠃ ᠰᠤᠷᠭᠠᠭᠤᠯᠢ ᠳᠤ ᠬᠦᠷᠴᠦ ᠰᠤᠷᠤᠯᠴᠠᠵᠤ | ᠳᠡᠶᠢᠯᠬᠦ ᠥᠬᠡᠶ ᠬᠦᠨᠳᠦ ᠵᠡᠮᠳᠡᠭ ᠬᠡᠤᠬᠡᠳ᠂ ᠪᠠᠭᠠᠴᠤᠳ ᠢ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠳᠤ | ᠣᠷᠣᠭᠤᠯᠵᠤ᠂ ᠬᠡᠷ ᠲᠤᠨᠢ ᠬᠦᠷᠭᠡᠵᠦ ᠰᠤᠷᠭᠠᠨ ᠬᠥᠮᠦᠵᠢᠭᠦᠯᠬᠦ ᠦᠢᠯᠡᠴᠢᠯᠡᠭᠡ ᠥᠷᠨᠢᠭᠦᠯᠦᠨ᠂ ᠵᠡᠮᠳᠡᠭ ᠬᠡᠤᠬᠡᠳ᠂ | ᠪᠠᠭᠠᠴᠤᠳ ᠤᠨ ᠣᠷᠣᠬᠤ ᠶᠣᠰᠣᠲᠠᠶ ᠶᠢ ᠨᠢ ᠪᠦᠬᠦᠨ ᠢ ᠣᠷᠣᠭᠤᠯᠬᠤ ᠶᠢ ᠦᠨᠡᠨᠬᠦ ᠪᠠᠲᠤᠯᠠᠨ᠎ᠠ᠃ | 4᠂ ᠬᠠᠷᠠᠭᠠᠯᠵᠠᠯ ᠬᠦᠷᠲᠡᠭᠦ ᠳᠦᠷᠦ ᠶᠢᠨ ᠪᠤᠲᠤᠯᠭ᠎ᠠ ᠬᠦᠷᠲᠡᠲᠡᠭ ᠬᠦᠮᠦᠰ ᠤᠨ ᠦᠷ᠎ᠡ ᠬᠡᠦᠭᠡᠳ ᠤᠨ ᠨᠡᠷ᠎ᠡ | ᠮᠡᠲᠡᠭᠦᠯᠦᠯᠲᠡ | ᠡᠷᠬᠡᠪᠰᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠡᠷᠦᠬᠡ ᠠᠮᠠ ᠶᠢᠨ ᠳᠡᠪᠲᠡᠷ᠂ ᠭᠡᠷ ᠬᠥᠷᠥᠩᠭᠡ ᠶᠢᠨ ᠦᠨᠡᠮᠯᠡᠯ᠂ | ᠣᠷᠣᠰᠢᠨ ᠰᠠᠭᠤᠬᠤ ᠦᠨᠡᠮᠯᠡᠯ ︵ᠴᠢᠩᠱᠠᠨ ᠲᠣᠭᠤᠷᠢᠭ ᠤᠨ ᠡᠷᠦᠬᠡ ᠠᠮᠠ ᠶᠢᠨ ᠲᠠᠩᠰᠠ ᠶᠢᠨ ᠪᠤᠰᠤ ᠬᠠᠩᠭᠠᠯᠲᠠ︶᠂ | ᠳᠦᠷᠦᠬᠦ ᠦᠨᠡᠮᠯᠡᠯ᠂ ᠡᠴᠢᠬᠡ ᠡᠬᠡ ᠶᠢᠨ ᠠᠵᠢᠯ ᠤᠨ ᠦᠨᠡᠮᠯᠡᠯ᠂ ᠪᠡᠶ᠎ᠡ ᠶᠢᠨ ᠦᠨᠡᠮᠯᠡᠯ᠂ ᠣᠷᠤᠭ ᠬᠤᠯᠪᠤᠬᠤ ᠦᠨᠡᠮᠯᠡᠯ᠂ | ᠴᠡᠷᠢᠭ ᠤᠨ ᠳᠠᠷᠤᠭ᠎ᠠ ᠶᠢᠨ ᠦᠨᠡᠮᠯᠡᠯ᠂ ᠪᠡᠯᠡ ᠣᠷᠣᠭᠤᠯᠤᠯᠲᠠ ᠶᠢ ᠳᠠᠩᠰᠠᠯᠠᠨ ᠲᠡᠮᠳᠡᠭᠯᠡᠭᠰᠡᠨ ᠭᠡᠷᠡᠴᠢ᠂ ᠨᠢᠭᠡᠴᠡ ᠶᠢᠨ | ᠭᠡᠷᠡᠴᠢᠯᠡᠬᠦ ᠮᠠᠲ᠋ᠧᠷᠢᠶᠠᠯ ᠵᠡᠷᠭᠡ ᠤᠤᠯ ᠮᠠᠲ᠋ᠧᠷᠢᠶᠠᠯ ᠵᠢᠴᠢ ᠪᠠᠭᠤᠯᠭᠠᠪᠤᠷᠢ ᠶᠢ ᠬᠠᠩᠭᠠᠵᠤ᠂ 5 ᠰᠠᠷ᠎ᠠ ᠶᠢᠨ 28 ᠤ | ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ | ᠬᠢᠨᠠᠨ ᠬᠠᠷᠭᠤᠭᠤᠯᠵᠤ᠂ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠢᠶᠠᠷ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠰᠤᠷᠭᠠᠭᠤᠯᠢ ᠶᠢᠨ ᠰᠤᠷᠤᠭᠴᠢ ᠶᠢᠨ ᠪᠠᠶᠢᠷᠢ ᠶᠢᠨ ᠪᠠᠶᠢᠳᠠᠯ ᠢ ᠦᠨᠳᠦᠰᠦᠯᠡᠨ | ᠰᠤᠷᠭᠠᠭᠤᠯᠢ ᠳᠤ ᠲᠣᠬᠢᠷᠠᠭᠤᠯᠤᠨ᠎ᠠ᠃ ︽ᠪᠤᠭᠤᠲᠤ ᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ | ᠦᠢᠯᠡᠴᠢᠯᠡᠭᠡᠨ ᠤ ᠺᠠᠷᠲ︾ ᠠᠪᠴᠤ ᠪᠠᠶᠢᠭ᠎ᠠ ᠬᠥᠮᠦᠨ ᠤ ᠦᠷ᠎ᠡ ᠬᠡᠤᠬᠡᠳ ︵ᠣᠮᠪᠣᠯᠣ ᠦᠷ᠎ᠡ ᠬᠡᠤᠬᠡᠳ᠂ ᠵᠢᠭᠡ | ᠣᠮᠪᠣᠯᠣ ᠪᠠᠭᠲᠠᠨ᠎ᠠ︶ ᠤᠨ ᠰᠤᠷᠭᠠᠭᠤᠯᠢ ᠳᠤ ᠣᠷᠣᠬᠤ ᠳᠤ ᠬᠤᠲᠠ ᠶᠢᠨ ᠴᠢᠳᠠᠪᠤᠷᠢᠲᠠᠨ ᠤ ᠦᠢᠯᠡᠴᠢᠯᠡᠭᠡᠨ ᠤ | ᠲᠥᠪ ᠠᠴᠠ ᠭᠥᠯᠢᠶᠡᠨ ᠠᠪᠴᠤ ᠰᠢᠢᠳᠪᠦᠷᠢᠯᠡᠵᠦ᠂ ︽ᠪᠤᠭᠤᠲᠤ ᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ | ᠴᠢᠳᠠᠪᠤᠷᠢᠲᠠᠨ ᠤ ᠦᠷ᠎ᠡ ᠬᠡᠤᠬᠡᠳ ᠤᠨ ᠰᠤᠷᠭᠠᠨ ᠬᠥᠮᠦᠵᠢᠯ ᠤᠨ ᠬᠠᠷᠠᠭᠠᠯᠵᠠᠯ ᠤᠨ ᠭᠤᠶᠤᠴᠢᠯᠠᠯ ᠤᠨ ᠬᠦᠰᠦᠨᠦᠭᠲᠦ︾ | ᠶᠢ ᠲᠠᠭᠯᠠᠭᠰᠠᠨ ᠤ ᠳᠠᠷᠠᠭ᠎ᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠰᠢᠯᠵᠢᠭᠦᠯᠦᠨ ᠨᠢᠭᠡ ᠯᠡ | ᠤᠳᠠᠭ᠎ᠠ ᠳᠤ ᠭᠦᠢᠴᠡᠳᠭᠡᠨ᠎ᠡ᠃ | ︵ᠲᠦᠷᠪᠡ︶ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠡᠯᠰᠡᠬᠦ | ᠴᠢᠩᠱᠠᠨ ᠲᠣᠭᠤᠷᠢᠭ ᠤᠨ ᠬᠠᠷᠢᠶ᠎ᠠ ᠭᠠᠵᠠᠷ ᠤᠨ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠶᠢ ᠪᠦᠬᠦᠨ ᠢ ᠴᠢᠩᠱᠠᠨ ᠲᠣᠭᠤᠷᠢᠭ ᠤᠨ ᠨᠢᠭᠡᠳᠦᠯᠲᠡᠶ | ᠬᠠᠮᠢᠶᠠᠷᠤᠯᠲᠠ ᠳᠤ ᠣᠷᠣᠭᠤᠯᠵᠤ᠂ ᠰᠤᠷᠤᠭᠴᠢ ᠡᠯᠰᠡᠬᠦ ᠠᠴᠠ ᠡᠮᠦᠨ᠎ᠡ ᠡᠷᠬᠡᠪᠰᠢ ᠰᠤᠷᠤᠭᠴᠢ ᠡᠯᠰᠡᠬᠦ ᠨᠥᠬᠦᠴᠡᠯ᠂ | ᠰᠤᠷᠤᠭᠴᠢ ᠡᠯᠰᠡᠬᠦ ᠳᠡᠰ ᠳᠠᠷᠠᠭᠠᠯᠠᠯ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠢᠯᠡ ᠪᠣᠯᠭᠠᠵᠤ᠂ ᠰᠤᠷᠤᠭᠴᠢ ᠡᠯᠰᠡᠬᠦ | ᠲᠣᠪᠴᠢ ᠲᠦᠷᠢᠮ ᠪᠣᠯᠤᠨ ᠵᠠᠷ ᠮᠡᠳᠡᠭᠡ ᠶᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠦᠨ | ᠬᠢᠨᠠᠨ ᠬᠠᠷᠭᠤᠭᠤᠯᠵᠤ ᠳᠠᠩᠰᠠᠯᠠᠭᠤᠯᠤᠨ᠎ᠠ᠃ ᠪᠥᠬᠦ ᠬᠤᠲᠠ ᠶᠢᠨ ᠨᠢᠭᠡᠳᠦᠯᠲᠡᠶ ᠵᠣᠬᠢᠶᠠᠨ ᠪᠠᠶᠢᠭᠤᠯᠤᠭᠰᠠᠨ ᠰᠦᠯᠵᠢᠶᠡᠨ | ᠳᠡᠭᠡᠷ᠎ᠡ ᠤᠷᠢᠳᠴᠢᠯᠠᠨ ᠮᠡᠳᠡᠭᠡᠯᠡᠬᠦ ᠨᠡᠷ᠎ᠡ ᠶᠢ ᠬᠡᠷᠡᠭᠵᠢᠭᠦᠯᠵᠦ᠂ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶ᠎ᠠ ᠶᠢᠨ ᠵᠥᠪᠰᠢᠶᠡᠷᠡᠭᠰᠡᠨ ᠰᠣᠷᠣᠭᠴᠢ ᠡᠯᠰᠡᠬᠦ ᠬᠡᠪᠴᠢᠶ᠎ᠡ᠂ ᠰᠣᠷᠣᠭᠴᠢ ᠡᠯᠰᠡᠬᠦ ᠲᠥᠯᠥᠪᠯᠡᠭᠡ᠂ ᠰᠣᠷᠣᠭᠴᠢ | ᠡᠯᠰᠡᠬᠦ ᠲᠠᠰ ᠳᠠᠷᠠᠭᠠᠯᠠᠯ ᠤᠨ ᠶᠣᠰᠣᠭᠠᠷ ᠠᠯᠪᠠᠨ ᠠᠴᠠ ᠡᠷᠭᠢᠯᠡᠭᠰᠡᠨ ᠰᠤᠷᠭᠠᠭᠤᠯᠢ ᠲᠠᠢ ᠵᠡᠷᠭᠡ ᠪᠠᠷ ᠨᠡᠷ᠎ᠡ ᠮᠡᠳᠡᠭᠦᠯᠵᠦ᠂ | ᠵᠡᠷᠭᠡ ᠪᠠᠷ ᠰᠣᠷᠣᠭᠴᠢ ᠡᠯᠰᠡᠨ᠎ᠡ᠃ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠡᠯᠰᠡᠭᠰᠡᠨ ᠰᠤᠷᠤᠭᠴᠢ ᠪᠦᠬᠦᠨ | ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠡᠯᠰᠡᠬᠦ ᠳᠤ ᠣᠷᠣᠯᠴᠠᠬᠤ ᠦᠭᠡᠶ᠃ ᠰᠤᠷᠤᠭᠴᠢ | ᠡᠯᠰᠡᠭᠳᠡᠭᠰᠡᠨ ᠤ ᠳᠠᠷᠠᠭ᠎ᠠ ᠰᠤᠷᠤᠭᠴᠢ ᠡᠯᠰᠡᠭᠰᠡᠨ ᠦᠷ᠎ᠡ ᠳ᠋ᠦᠩ ᠢᠶᠠᠨ ᠢᠯᠡ ᠪᠣᠯᠭᠠᠵᠤ᠂ ᠰᠤᠷᠭᠠᠭᠤᠯᠢ ᠶᠢᠨ | ᠬᠠᠷᠢᠶ᠎ᠠ ᠶᠢᠨ ᠬᠠᠮᠢᠶᠠᠷᠤᠯᠲᠠ ᠪᠠᠨ ᠴᠢᠩᠭᠠᠳᠬᠠᠨ᠎ᠠ᠃ | | ᠲᠠᠪᠤ᠂ ᠬᠤᠯᠪᠣᠭᠳᠠᠯ ᠪᠦᠬᠦᠢ ᠲᠣᠭᠲᠠᠭᠠᠯ | ︵ᠨᠢᠭᠡ︶ ᠳᠣᠤᠷᠠᠬᠢ ᠪᠠᠶᠢᠳᠠᠯ ᠤᠨ ᠨᠢᠭᠡ ᠳᠤᠨᠢ ᠲᠣᠭᠠᠴᠠᠭᠳᠠᠪᠠᠯ ᠲᠤᠭᠤᠷᠢᠭ ᠤᠨ ᠰᠤᠷᠤᠭᠴᠢ ᠡᠯᠰᠡᠬᠦ | ᠠᠵᠢᠯ ᠤᠨ ᠤᠳᠤᠷᠢᠳᠬᠤ ᠳᠤᠭᠤᠶᠢᠯᠠᠩ ᠠᠴᠠ ᠨᠢᠭᠡᠳᠦᠯᠲᠡᠶ ᠲᠥᠯᠥᠪᠯᠡᠨ ᠬᠤᠪᠢᠶᠠᠷᠢᠯᠠᠵᠤ᠂ ᠬᠤᠪᠢᠶᠠᠷᠢᠯᠠᠭᠰᠠᠨ ᠤ | ᠳᠠᠷᠠᠭ᠎ᠠ ᠳᠠᠬᠢᠵᠤ ᠲᠣᠬᠢᠷᠠᠭᠤᠯᠤᠯᠲᠠ ᠬᠢᠬᠦ ᠦᠭᠡᠶ᠃ | 1᠂ ᠣᠨᠴᠠᠭᠠᠶ ᠰᠢᠯᠲᠠᠭᠠᠨ ᠥᠬᠡᠶ ᠪᠠᠷ ᠰᠤᠷᠭᠠᠭᠤᠯᠢ ᠪᠠ ᠰᠣᠷᠣᠭᠴᠢ ᠡᠯᠰᠡᠬᠦ ᠠᠯᠪᠠᠨ ᠬᠡᠷ ᠲᠤ ᠲᠣᠰ | ᠬᠥᠮᠦᠨ ᠵᠢᠴᠢ ᠲᠡᠭᠦᠨ ᠤ ᠬᠢᠨᠠᠨ ᠬᠠᠮᠠᠭᠠᠯᠠᠭᠴᠢ ᠶᠢᠨ ᠡᠷᠦᠬᠡ ᠠᠮᠠ ᠶᠢᠨ ᠳᠡᠪᠲᠡᠷ᠂ ᠬᠡᠷ ᠬᠥᠷᠥᠩᠭᠡ ᠶᠢᠨ ᠦᠨᠡᠮᠯᠡᠯ | ᠵᠡᠷᠭᠡ ᠬᠠᠮᠢᠶ᠎ᠠ ᠪᠥᠬᠦᠶ ᠦᠨᠡᠮᠯᠡᠯ ᠢ ᠬᠠᠩᠭᠠᠬᠤ ᠶᠢ ᠲᠡᠪᠴᠢᠭᠰᠡᠨ ᠪᠠᠶᠢᠪᠠᠯ᠃ | 2᠂ ᠡᠷᠦᠬᠡ ᠠᠮᠠ ᠶᠢᠨ ᠳᠡᠪᠲᠡᠷ ᠪᠣᠯᠤᠨ ᠭᠡᠷ ᠬᠥᠷᠥᠩᠭᠡ ᠶᠢᠨ ᠦᠨᠡᠮᠯᠡᠯ ᠨᠢ ᠨᠢᠭᠡᠳᠦᠯ ᠦᠭᠡᠶ ᠪᠤᠶᠤ ᠡᠷᠦᠬᠡ | ᠠᠮᠠ ᠰᠢᠯᠵᠢᠭᠦᠯᠬᠦ ᠲᠣᠭᠲᠠᠭᠠᠯ ᠳᠤ ᠨᠡᠶᠢᠴᠡᠬᠦ ᠦᠭᠡᠶ᠃ | 3᠂ ᠡᠷᠦᠬᠡ ᠶᠢᠨ ᠡᠵᠡᠨ ᠪᠣᠯᠤᠨ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠦᠮᠦᠨ ᠰᠤᠷᠭᠠᠭᠤᠯᠢ ᠳᠤ | ᠣᠷᠣᠬᠤ ᠡᠲᠡᠭᠡᠳ ᠤᠨ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠪᠤᠰᠤ ᠪᠣᠯᠤᠨ ᠬᠦᠮᠦᠨ ᠡᠷᠦᠬᠡ | ᠰᠠᠯᠤᠩᠭᠢᠷᠠᠭᠰᠠᠨ᠃ | 4᠂ ᠭᠡᠷ ᠬᠥᠷᠥᠩᠭᠡ ᠶᠢᠨ ᠰᠢᠨᠵᠢ ᠴᠢᠨᠠᠷ ᠨᠢ ᠬᠤᠳᠠᠯᠳᠤᠭᠠᠨ ᠤ ᠨᠡᠶᠢᠲᠡ ᠶᠢᠨ ᠣᠷᠣᠨ ᠰᠠᠭᠤᠴᠠ ᠶᠢᠨ ᠠᠰᠠᠷ | ᠪᠠ ᠬᠤᠳᠠᠯᠳᠤᠭᠠᠨ ᠤ ᠳᠡᠯᠭᠡᠭᠦᠷ ᠵᠡᠷᠭᠡ ᠣᠷᠣᠨ ᠰᠠᠭᠤᠴᠠ ᠶᠢᠨ ᠪᠤᠰᠤ ᠭᠠᠵᠠᠷ ᠪᠠ ᠭᠡᠷ ᠪᠠᠶᠢᠰᠢᠩ ᠤᠨ ᠥᠮᠴᠢᠯᠡᠬᠦ | ᠡᠷᠬᠡ ᠨᠢ ᠬᠠᠮᠲᠤ ᠪᠠᠷ ᠥᠮᠴᠢᠯᠡᠬᠦ ︵ᠡᠷ᠎ᠡ ᠡᠮ᠎ᠡ ᠬᠤᠶᠠᠭᠤᠯᠠ ᠬᠠᠮᠲᠤ ᠪᠠᠷ ᠥᠮᠴᠢᠯᠡᠬᠦ︶᠃ | 5᠂ ᠲᠤᠰ ᠵᠢᠯ ᠳᠤ ᠨᠢᠭᠡ ᠡᠷᠦᠬᠡ ᠳᠤ ᠬᠤᠶᠠᠷ ᠪᠤᠶᠤ ᠬᠤᠶᠠᠷ ᠠᠴᠠ ᠳᠡᠭᠡᠭᠰᠢ ᠰᠤᠷᠭᠠᠭᠤᠯᠢ ᠳᠤ ᠣᠷᠣᠬᠤ | ᠨᠠᠰᠤᠨ ᠤ ᠬᠡᠦᠬᠡᠳ᠂ ᠪᠠᠭᠠᠴᠤᠳ ᠲᠠᠢ ︵ᠢᠬᠢᠷ᠎ᠡ ᠬᠡᠦᠬᠡᠳ ᠪᠠ ᠤᠷᠤᠭ ᠰᠠᠯᠤᠭᠰᠠᠨ ᠭᠡᠷ ᠪᠦᠯᠢ ᠠᠴᠠ ᠣᠯᠠᠨ ᠦᠷ᠎ᠡ | ᠬᠡᠦᠬᠡᠳ ᠪᠠᠶᠢᠪᠠᠯ ᠡᠭᠦᠨ ᠳᠤ ᠪᠠᠭᠲᠠᠬᠤ ᠦᠭᠡᠢ︶᠃ | 6᠂ ᠴᠢᠩᠱᠠᠨ ᠲᠤᠭᠤᠷᠢᠭ ᠤᠨ ᠡᠷᠦᠬᠡ ᠠᠮᠠ ᠪᠢᠰᠢ ᠪᠤᠯᠪᠠᠴᠦ ᠴᠢᠩᠱᠠᠨ ᠲᠤᠭᠤᠷᠢᠭ ᠲᠤ ᠰᠤᠷᠤᠯᠴᠠᠵᠤ | ᠪᠠᠶᠢᠬᠤ | 7᠂ ᠲᠣᠭᠲᠠᠭᠰᠠᠨ ᠬᠤᠭᠤᠴᠠᠭᠠᠨ ᠳᠣᠲᠣᠷ᠎ᠠ ᠨᠡᠷ᠎ᠡ ᠮᠡᠳᠡᠭᠦᠯᠬᠦ ᠭᠠᠷᠲᠠᠮ᠎ᠠ ᠭᠦᠢᠴᠡᠳᠭᠡᠭᠰᠡᠨ ᠦᠭᠡᠢ᠃ | ︵ᠬᠤᠶᠠᠷ︶ ᠪᠤᠭᠤᠲᠤ ᠬᠤᠲᠠ ᠶᠢᠨ ᠬᠥᠨᠳᠡᠯᠡᠨ ᠲᠣᠭᠤᠷᠢᠭ᠂ ᠳ᠋ᠦᠩ ᠾᠧ ᠲᠣᠭᠤᠷᠢᠭ᠂ ᠵᠢᠦᠶᠤᠸᠠᠨ ᠲᠣᠭᠤᠷᠢᠭ᠂ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠰᠢᠭᠤᠶᠢᠲᠤ ᠲᠤᠭᠤᠷᠢᠭ ᠤᠨ ᠰᠢᠭᠤᠶᠢᠲᠤ ᠣᠷᠣᠨ ᠤ ᠰᠤᠷᠤᠯᠭᠠᠲᠠᠨ ᠨᠠᠷ | ᠴᠢᠩᠱᠠᠨ ᠲᠣᠭᠤᠷᠢᠭ ᠤᠨ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠵᠤ | ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ ᠬᠦᠷᠲᠡᠬᠦ ᠦᠭᠡᠢ᠃ | ︵ᠭᠤᠷᠪᠠ︶ ︽ᠰᠤᠷᠭᠠᠭᠤᠯᠢ ᠶᠢᠨ ᠲᠣᠭᠤᠷᠢᠭ ᠤᠨ ᠭᠡᠷ︾ ᠤᠨ ᠰᠠᠷᠢᠭᠠᠯᠠᠬᠤ ᠶᠢ ᠪᠦᠲᠦᠮᠵᠢᠲᠡᠶ ᠬᠤᠷᠢᠭᠯᠠᠬᠤ ᠶᠢᠨ | ᠲᠤᠰᠠᠳᠠ᠂ ᠰᠤᠷᠭᠠᠭᠤᠯᠢ ᠳᠤ ᠪᠠᠶᠢᠬᠤ ᠨᠠᠰᠤᠨ ᠤ ᠰᠤᠷᠤᠭᠴᠢᠳ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠭᠡᠷ | ᠪᠦᠯᠢ ᠶᠢᠨ ᠪᠣᠳᠠᠲᠠᠶ ᠰᠠᠭᠤᠭ᠎ᠠ ᠭᠠᠵᠠᠷ ᠤᠨ ᠬᠠᠷᠢᠴᠠᠩᠭᠤᠶ ᠲᠣᠭᠲᠠᠭᠤᠨ ᠪᠠᠶᠢᠬᠤ ᠶᠢ ᠪᠠᠲᠤᠯᠠᠵᠤ᠂ ᠰᠠᠭᠤᠭ᠎ᠠ ᠭᠠᠵᠠᠷ | ᠨᠢᠭᠡᠪᠦᠷᠢ ᠳᠤ ᠵᠠᠷᠴᠢᠮ ᠳᠡᠭᠡᠷ᠎ᠡ ᠪᠠᠨ ᠪᠠᠭ᠎ᠠ ᠰᠤᠷᠭᠠᠭᠤᠯᠢ 6 ᠵᠢᠯ ᠪᠦᠷᠢ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠨᠢ 3 ᠵᠢᠯ ᠪᠦᠷᠢ ᠳᠤ ᠵᠥᠪᠬᠡᠨ ᠨᠢᠭᠡ ᠭᠡᠷ ᠪᠦᠯᠢ ᠶᠢᠨ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ᠂ | ᠪᠠᠭᠠᠴᠤᠳ ᠢ ᠰᠣᠷᠣᠭᠴᠢ ᠡᠯᠰᠡᠬᠦ ᠲᠣᠭᠤᠷᠢᠭ ᠤᠨ ᠶᠣᠰᠣᠭᠠᠷ ᠣᠶᠢᠷ᠎ᠠ ᠬᠠᠪᠢ ᠳᠤᠨᠢ ᠰᠤᠷᠭᠠᠭᠤᠯᠢ ᠳᠤ | ᠣᠷᠣᠭᠤᠯᠤᠨ᠎ᠠ᠃ | ︵ᠲᠦᠷᠪᠡ︶ ᠰᠤᠷᠤᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠳᠠᠬᠢᠨ ᠬᠢᠨᠠᠬᠤ ᠶᠠᠪᠤᠴᠠ ᠳᠤ ᠣᠯᠵᠤ ᠮᠡᠳᠡᠭᠰᠡᠨ ᠬᠠᠭᠤᠷᠮᠠᠭ ᠭᠡᠷᠡᠴᠢ ᠦᠨᠡᠮᠯᠡᠯ ᠵᠢᠴᠢ | ᠡᠷᠦᠬᠡ ᠳᠤ ᠬᠦᠷᠴᠦ ᠪᠠᠶᠢᠴᠠᠭᠠᠯᠲᠠ ᠬᠢᠬᠦ ᠶᠠᠪᠤᠴᠠ ᠳᠤ ᠳᠠᠩᠰᠠᠯᠠᠭᠤᠯᠤᠭᠰᠠᠨ ᠮᠠᠲ᠋ᠧᠷᠢᠶᠠᠯ ᠯᠤᠭ᠎ᠠ ᠨᠡᠶᠢᠴᠡᠬᠦ ᠦᠭᠡᠶ | ᠪᠠᠶᠢᠳᠠᠯ ᠪᠦᠬᠦᠨ ᠢ ᠪᠠᠶᠢᠴᠠᠭᠠᠨ ᠲᠣᠳᠣᠯᠠᠭᠰᠠᠨ ᠤ ᠳᠠᠷᠠᠭ᠎ᠠ ᠬᠠᠷᠢᠴᠠᠩᠭᠤᠶ ᠣᠶᠢᠷ᠎ᠠ ᠬᠠᠪᠢ ᠳᠤᠨᠢ ᠰᠤᠷᠭᠠᠭᠤᠯᠢ ᠳᠤ | ᠣᠷᠣᠬᠤ ᠵᠠᠷᠴᠢᠮ ᠤᠨ ᠶᠣᠰᠣᠭᠠᠷ ᠬᠤᠪᠢᠶᠠᠷᠢᠯᠠᠬᠤ ᠦᠭᠡᠶ᠂ ᠰᠠᠭᠤᠭ᠎ᠠ ᠭᠠᠵᠠᠷ ᠤᠨ ᠮᠠᠲ᠋ᠧᠷᠢᠶᠠᠯ ᠢᠶᠠᠨ ᠳᠠᠬᠢᠨᠲᠠ | ᠬᠠᠩᠭᠠᠵᠤ ᠪᠣᠯᠬᠤ ᠦᠭᠡᠶ᠂ ᠵᠥᠪᠬᠡᠨ ᠲᠡᠭᠦᠨ ᠢ ᠰᠤᠯᠠ ᠢᠯᠡᠭᠦᠴᠡ ᠡᠷᠳᠡᠮ ᠤᠨ ᠴᠣᠯᠠ ᠲᠠᠢ ᠰᠤᠷᠭᠠᠭᠤᠯᠢ ᠳᠤ | ᠣᠷᠣᠭᠤᠯᠵᠤ ᠪᠣᠯᠬᠤ ᠦᠭᠡᠶ᠃ | ︵ᠲᠠᠪᠤ︶ ᠲᠣᠰ ᠲᠣᠭᠤᠷᠢᠭ ᠲᠤ ᠨᠡᠭᠦᠵᠦ ᠢᠷᠡᠭᠰᠡᠨ ᠡᠷᠦᠬᠡ ᠠᠮᠠ ᠶᠢ ᠮᠠᠭᠠᠳᠯᠠᠨ ᠲᠣᠭᠲᠠᠭᠠᠬᠤ ᠴᠠᠭ ᠨᠢ | 2024 ᠣᠨ ᠤ 5 ᠰᠠᠷ᠎ᠠ ᠶᠢᠨ 1 ᠤ ᠡᠳᠦᠷ᠂ ᠲᠦᠷ ᠴᠠᠭ ᠤᠨ ᠬᠤᠪᠢᠷᠠᠭᠤᠯᠤᠭᠰᠠᠨ ᠡᠷᠦᠬᠡ ᠠᠮᠠ᠂ ᠬᠡᠷ | ᠬᠥᠷᠥᠩᠭᠡ ᠶᠢᠨ ᠦᠨᠡᠮᠯᠡᠯ ᠢ ᠳᠠᠭᠢᠵᠤ ᠮᠠᠭᠠᠳᠯᠠᠨ ᠲᠣᠭᠲᠠᠭᠠᠬᠤ ᠥᠬᠡᠶ᠃ | | ᠵᠢᠷᠭᠤᠭ᠎ᠠ᠂ ᠪᠤᠰᠤᠳ ᠵᠦᠢᠯ | ︵ᠨᠢᠭᠡ︶ ᠴᠢᠩᠱᠠᠨ ᠲᠣᠭᠤᠷᠢᠭ ᠤᠨ ᠡᠷᠦᠬᠡ ᠠᠮᠠ ᠶᠢᠨ ᠳᠠᠩᠰᠠ ᠲᠠᠢ ᠮᠥᠷᠲᠡᠭᠡᠨ ᠰᠢᠨ᠎ᠡ ᠣᠷᠣᠨ | ᠰᠠᠭᠤᠴᠠ ᠶᠢᠨ ᠭᠠᠷᠳᠠᠮ ᠲᠠᠢ ᠪᠥᠭᠡᠳ ᠨᠢᠭᠡᠨᠲᠡ ᠣᠷᠣᠵᠤ ᠰᠠᠭᠤᠭᠰᠠᠨ ᠪᠣᠯᠪᠠᠴᠤ ᠡᠷᠦᠬᠡ ᠠᠮᠠ ᠶᠢᠨ ᠳᠠᠩᠰᠠ ᠨᠢ | ᠰᠢᠨ᠎ᠡ ᠣᠷᠣᠨ ᠰᠠᠭᠤᠴᠠ ᠳᠤ ᠬᠠᠷᠠᠬᠠᠨ ᠨᠡᠭᠡᠭᠡ ᠦᠭᠡᠢ ᠪᠠᠶᠢᠵᠤ᠂ ᠭᠡᠷ ᠤᠨ ᠠᠬᠠᠮᠠᠳ ᠬᠠᠮᠢᠶ᠎ᠠ ᠪᠦᠬᠦᠢ ᠦᠨᠡᠮᠯᠡᠯ | ᠪᠣᠯᠤᠨ ᠭᠡᠷᠡᠴᠢᠯᠡᠬᠦ ᠮᠠᠲ᠋ᠧᠷᠢᠶᠠᠯ ᠢ ᠭᠠᠷᠭᠠᠵᠤ ᠥᠭᠬᠦ ᠶᠢᠨ ᠬᠠᠮᠲᠤ ᠪᠢᠴᠢᠭ ᠤᠨ ᠭᠤᠶᠤᠴᠢᠯᠠᠯ ᠭᠠᠷᠭᠠᠵᠤ᠂ ᠰᠤᠷᠤᠭᠴᠢ | ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠢᠭᠡᠳᠦᠯᠲᠡᠶ | ᠲᠥᠯᠥᠪᠯᠡᠨ ᠲᠤᠬᠢᠷᠠᠭᠤᠯᠤᠨ᠎ᠠ᠃ | ︵ᠬᠤᠶᠠᠷ︶ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠴᠢᠩᠱᠠᠨ ᠲᠣᠭᠤᠷᠢᠭ ᠲᠤ | ᠣᠷᠣᠨ ᠰᠠᠭᠤᠴᠠ ᠬᠤᠳᠠᠯᠳᠤᠨ ᠠᠪᠤᠭᠰᠠᠨ ᠪᠤᠯᠪᠠᠴᠦ ᠡᠷᠦᠬᠡ ᠠᠮᠠ ᠶᠢᠨ ᠳᠠᠩᠰᠠ ᠨᠢ ᠨᠡᠭᠦᠵᠦ ᠣᠴᠢᠭᠰᠠᠨ ᠦᠭᠡᠢ | ᠪᠠᠶᠢᠪᠠᠯ᠂ ᠲᠡᠭᠦᠨ ᠤ ᠦᠷ᠎ᠡ ᠬᠡᠦᠬᠡᠳ ᠨᠢ ᠰᠤᠷᠭᠠᠭᠤᠯᠢ ᠳᠤ ᠣᠷᠣᠬᠤ ᠳᠤ ᠮᠥᠨ ᠯᠡ ᠭᠠᠳᠠᠨ᠎ᠠ ᠠᠴᠠ ᠢᠷᠡᠵᠦ ᠠᠵᠢᠯ | ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ | ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ | ︵ᠭᠤᠷᠪᠠ︶ ᠴᠢᠩᠱᠠᠨ ᠲᠣᠭᠤᠷᠢᠭ ᠤᠨ ᠡᠷᠦᠬᠡ ᠠᠮᠠ ᠶᠢᠨ ᠬᠠᠷᠢᠶ᠎ᠠ ᠲᠠᠢ ᠵᠣᠬᠢᠬᠤ ᠨᠠᠰᠤᠨ ᠤ ᠰᠤᠷᠭᠠᠭᠤᠯᠢ ᠳᠤ | ᠤᠷᠤᠭᠰᠠᠳ ᠡᠷᠬᠡᠪᠰᠢ ᠡᠴᠢᠭᠡ ᠡᠬᠡ ᠶᠢᠨ ᠡᠷᠦᠬᠡ ᠠᠮᠠ ᠪᠠᠨ ᠳᠠᠭᠠᠵᠦ᠂ ᠬᠡᠷᠪᠡ ᠡᠴᠢᠭᠡ ᠡᠬᠡ ᠶᠢᠨ ᠡᠷᠦᠬᠡ ᠠᠮᠠ ᠶᠢ | ᠳᠠᠭᠠᠬᠤ ᠦᠭᠡᠢ ᠪᠣᠯ ᠡᠴᠢᠭᠡ ᠡᠬᠡ ᠶᠢᠨ ᠬᠢᠨᠢ ᠡᠷᠦᠬᠡ ᠠᠮᠠ ᠶᠢᠨ ᠳᠠᠩᠰᠠ ᠶᠢᠨ ᠪᠠᠶᠢᠭ᠎ᠠ ᠬᠡᠪᠴᠢᠶᠡᠨ ᠳᠤ | ᠰᠤᠷᠭᠠᠭᠤᠯᠢ ᠳᠤ ᠤᠷᠤᠭᠤᠯᠤᠨ᠎ᠠ᠃ | ︵ᠳᠦᠷᠪᠡ︶ ᠴᠢᠩᠱᠠᠨ ᠲᠤᠭᠤᠷᠢᠭ ᠤᠨ ᠡᠷᠦᠬᠡ ᠠᠮᠠ ᠲᠠᠢ ᠨᠤᠷᠠᠭᠠᠨ ᠨᠡᠭᠦᠯᠭᠡᠭᠰᠡᠨ ᠡᠷᠦᠬᠡ ᠶᠢᠨ ᠦᠷ᠎ᠡ | ᠬᠡᠦᠭᠡᠳ ᠤᠭ ᠤᠨ ᠰᠠᠭᠤᠭ᠎ᠠ ᠭᠠᠵᠠᠷ ᠲᠠ ᠰᠤᠷᠭᠠᠭᠤᠯᠢ ᠳᠤ ᠤᠷᠤᠵᠦ ᠪᠤᠯᠬᠤ ᠦᠭᠡᠢ᠂ ᠨᠤᠷᠠᠭᠠᠨ ᠨᠡᠭᠦᠯᠭᠡᠬᠦ | ᠬᠡᠯᠡᠯᠴᠡᠭᠡᠷ ᠪᠠ ᠪᠤᠳᠠᠳᠠᠢ ᠰᠠᠭᠤᠭ᠎ᠠ ᠭᠠᠵᠠᠷ ᠤᠨ ᠭᠡᠷᠡᠴᠢ ᠬᠠᠩᠭᠠᠵᠦ ︵ᠭᠡᠷ ᠬᠦᠷᠦᠩᠭᠡ ᠶᠢᠨ ᠦᠨᠡᠮᠯᠡᠯ᠂ ᠭᠡᠷ ᠪᠠᠶᠢᠰᠢᠩ | ᠬᠤᠳᠠᠯᠳᠤᠨ ᠠᠪᠬᠤ ᠭᠡᠷ᠎ᠡ᠂ ᠭᠡᠷ ᠪᠠᠶᠢᠰᠢᠩ ᠲᠦᠷᠢᠶᠡᠰᠦᠯᠡᠬᠦ ᠭᠡᠷ᠎ᠡ ᠵᠡᠷᠭᠡ ᠲᠡᠬᠦᠨ ᠤ ᠲᠤᠳᠤᠷᠠᠬᠢ ᠨᠢᠭᠡ ᠵᠦᠢᠯ ᠵᠢᠴᠢ | ᠨᠡᠶᠢᠭᠡᠮ ᠲᠤᠭᠤᠷᠢᠭ ᠠᠴᠠ ᠭᠠᠷᠭᠠᠭᠰᠠᠨ ᠭᠡᠷᠡᠴᠢ ᠬᠠᠩᠭᠠᠬᠤ ᠬᠡᠷᠡᠭᠲᠡᠢ︶᠂ ᠰᠤᠷᠤᠭᠴᠢ ᠡᠯᠰᠡᠬᠦ ᠠᠵᠢᠯ ᠤᠨ | ᠤᠳᠤᠷᠢᠳᠬᠤ ᠳᠤᠭᠤᠶᠢᠯᠠᠩ ᠠᠴᠠ ᠰᠤᠷᠭᠠᠭᠤᠯᠢ ᠳᠤ ᠨᠢᠭᠡᠳᠦᠯᠲᠡᠶ ᠲᠥᠯᠥᠪᠯᠡᠨ ᠲᠤᠬᠢᠷᠠᠭᠤᠯᠤᠨ᠎ᠠ᠃ | | ᠳᠣᠯᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠰᠤᠷᠤᠭᠴᠢ ᠡᠯᠰᠡᠬᠦ | ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 2024 ᠣᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶ᠎ᠠ ᠳᠤ ᠪᠠᠶᠢᠷᠢᠯᠠᠭᠤᠯᠵᠤ᠂ ᠰᠣᠷᠣᠭᠴᠢ ᠡᠯᠰᠡᠬᠦ ᠠᠵᠢᠯ ᠢ ᠤᠳᠤᠷᠢᠳᠬᠤ ᠳᠤᠭᠤᠶᠢᠯᠠᠩ ᠤᠨ ᠰᠢᠭᠤᠳ | ᠤᠳᠤᠷᠢᠳᠤᠯᠭ᠎ᠠ ᠳᠣᠤᠷ᠎ᠠ ᠥᠷᠨᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠪᠥᠬᠦ | ᠶᠠᠪᠤᠴᠠ ᠳᠤ ᠣᠷᠣᠯᠴᠠᠨ ᠬᠢᠨᠠᠯᠲᠠ ᠲᠠᠯᠪᠢᠵᠤ᠂ ᠴᠢᠬᠤᠯᠠ ᠶᠡᠭᠡ ᠠᠰᠠᠭᠤᠳᠠᠯ ᠢ ᠤᠳᠤᠷᠢᠳᠬᠤ ᠳᠤᠭᠤᠶᠢᠯᠠᠩ ᠠᠴᠠ | ᠬᠠᠮᠲᠤ ᠪᠠᠷ ᠲᠣᠭᠲᠠᠭᠠᠨ᠎ᠠ᠃ ᠰᠤᠷᠤᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠨᠢ ᠰᠤᠷᠤᠭᠴᠢ ᠡᠯᠰᠡᠬᠦ | ᠲᠥᠷᠥ ᠶᠢᠨ ᠪᠣᠳᠣᠯᠭ᠎ᠠ᠂ ᠰᠤᠷᠤᠭᠴᠢ ᠡᠯᠰᠡᠬᠦ ᠠᠷᠭ᠎ᠠ᠂ ᠰᠤᠷᠤᠭᠴᠢ ᠡᠯᠰᠡᠬᠦ ᠬᠡᠪᠴᠢᠶ᠎ᠡ᠂ ᠰᠤᠷᠤᠭᠴᠢ ᠡᠯᠰᠡᠬᠦ ᠴᠠᠭ | ᠵᠡᠷᠭᠡ ᠰᠤᠷᠤᠭᠴᠢ ᠡᠯᠰᠡᠬᠦ ᠠᠵᠢᠯ ᠳᠤ ᠬᠤᠯᠪᠣᠭᠳᠠᠬᠤ ᠬᠠᠮᠢᠶ᠎ᠠ ᠪᠦᠬᠦᠢ ᠲᠣᠭᠲᠠᠭᠠᠯ ᠪᠠ ᠱᠠᠭᠠᠷᠳᠠᠯᠭ᠎ᠠ ᠶᠢ | ︽ᠪᠤᠭᠤᠲᠤ ᠶᠢᠨ ᠰᠤᠷᠭᠠᠨ ᠬᠥᠮᠦᠵᠢᠯ ᠤᠨ ᠡᠭᠦᠯᠡᠨ︾ ︵www.btjy.net︶᠂ ︽ᠪᠤᠭᠤᠲᠤ ᠶᠢᠨ ᠰᠤᠷᠭᠠᠨ | ᠬᠥᠮᠦᠵᠢᠯ ᠤᠨ ᠰᠦᠯᠵᠢᠶ᠎ᠡ︾᠂ ︽ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︾ | ᠂ ︽ᠪᠤᠭᠤᠲᠤ ᠶᠢᠨ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︾ ᠵᠡᠷᠭᠡ ᠠᠯᠪᠠᠨ ᠤ ᠰᠦᠯᠵᠢᠶ᠎ᠡ | ᠪᠠ ᠸᠢᠴᠠᠲ ᠤᠨ ᠲᠠᠪᠴᠠᠩ ᠢᠶᠠᠷ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠵᠦ᠂ ᠤᠬᠠᠮᠰᠠᠷ ᠠᠴᠠ ᠪᠠᠨ ᠨᠡᠶᠢᠭᠡᠮ ᠤᠨ | ᠬᠢᠨᠠᠯᠲᠠ ᠶᠢ ᠬᠦᠯᠢᠶᠡᠨ᠎ᠡ᠃ | ︵ᠬᠤᠶᠠᠷ︶ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ᠃ ᠰᠤᠷᠭᠠᠨ ᠬᠦᠮᠦᠵᠢᠯ ᠤᠨ ᠶᠠᠮᠤᠨ ᠤ ᠨᠡᠶᠢᠲᠡᠯᠡᠭᠰᠡᠨ | ︽ᠠᠷᠪᠠ ᠶᠢ ᠴᠢᠩᠭ᠎ᠠ ᠴᠠᠭᠠᠵᠠᠯᠠᠬᠤ︾ ᠶᠢ ᠦᠨᠡᠨᠬᠦ ᠭᠦᠢᠴᠡᠳᠭᠡᠨ᠎ᠡ᠃ ᠡᠯ᠎ᠡ ᠰᠤᠷᠭᠠᠭᠤᠯᠢ ᠳᠤᠷ᠎ᠠ ᠪᠠᠷ ᠢᠶᠠᠨ ᠰᠤᠷᠤᠭᠴᠢ | ᠡᠯᠰᠡᠬᠦ ᠶᠢ ᠴᠢᠩᠭ᠎ᠠ ᠴᠠᠭᠠᠵᠠᠯᠠᠨ᠎ᠠ᠃ ᠰᠤᠷᠭᠠᠭᠤᠯᠢ ᠨᠤᠭᠤᠳ ᠬᠡᠦᠬᠡᠳ ᠤᠨ ᠴᠡᠴᠡᠷᠯᠢᠭ᠂ ᠰᠤᠷᠭᠠᠭᠤᠯᠢ᠂ ᠨᠠᠶᠢᠳᠠᠨ | ᠬᠠᠮᠢᠶᠠᠷᠤᠭᠤᠯᠬᠤ ᠠᠩᠭᠢ ᠵᠡᠷᠭᠡ ᠶᠠᠮᠠᠷᠪᠠ ᠪᠠᠶᠢᠭᠤᠯᠤᠮᠵᠢ ᠶᠢᠨ ᠲᠠᠨᠢᠯᠴᠠᠭᠤᠯᠤᠭᠰᠠᠨ ᠰᠤᠷᠤᠭᠴᠢ ᠶᠢ ᠬᠦᠯᠢᠶᠡᠨ | ᠠᠪᠴᠤ ᠪᠣᠯᠬᠤ ᠦᠭᠡᠶ᠂ ᠨᠡᠩ ᠴᠤ ᠳᠡᠮᠵᠢᠯᠭᠡ ᠶᠢᠨ ᠰᠦᠢᠳᠬᠡᠯ ᠬᠤᠷᠢᠶᠠᠬᠤ ᠶᠢ ᠵᠥᠪᠰᠢᠶᠡᠷᠡᠬᠦ ᠦᠭᠡᠶ᠃ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠠᠷᠠᠭᠠᠯᠵᠠᠯ ᠬᠦᠷᠲᠡᠭᠴᠢ ᠠᠴᠠ ᠪᠤᠰᠤᠳ ᠶᠠᠮᠠᠷᠪᠠ ᠨᠢᠭᠡᠴᠡ | ᠰᠠᠯᠠᠭ᠎ᠠ ᠮᠥᠴᠢᠷ ᠵᠢᠴᠢ ᠬᠤᠪᠢ ᠬᠥᠮᠦᠨ ᠤ ᠰᠤᠷᠭᠠᠭᠤᠯᠢ ᠰᠣᠩᠭᠤᠬᠤ ᠭᠤᠶᠤᠴᠢᠯᠠᠯ ᠢ ᠬᠦᠯᠢᠶᠡᠨ ᠠᠪᠴᠤ ᠪᠣᠯᠬᠤ | ᠦᠭᠡᠢ᠂ ᠬᠡᠷᠪᠡ ᠣᠨᠴᠠᠭᠠᠢ ᠪᠠᠶᠢᠳᠠᠯ ᠲᠠᠢ ᠪᠣᠯ᠂ ᠰᠤᠷᠤᠭᠴᠢ ᠶᠢᠨ ᠭᠡᠷ ᠤᠨ ᠠᠬᠠᠮᠠᠳ ᠪᠤᠶᠤ ᠬᠠᠤᠯᠢ ᠪᠠᠷ | ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ ᠠᠴᠠ ᠬᠠᠮᠢᠶ᠎ᠠ ᠪᠦᠬᠦᠢ ᠦᠨᠡᠮᠯᠡᠯ ᠪᠠ ᠮᠠᠲ᠋ᠧᠷᠢᠶᠠᠯ ᠢ ᠭᠠᠷᠭᠠᠨ | ᠥᠭᠴᠦ ᠲᠣᠭᠤᠷᠢᠭ ᠤᠨ ᠰᠤᠷᠤᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ | ᠪᠢᠴᠢᠭ ᠢᠶᠠᠷ ᠭᠤᠶᠤᠴᠢᠯᠠᠯ ᠭᠠᠷᠭᠠᠵᠤ᠂ ᠲᠣᠭᠤᠷᠢᠭ ᠤᠨ ᠰᠤᠷᠤᠭᠴᠢ ᠡᠯᠰᠡᠬᠦ ᠠᠵᠢᠯ ᠤᠨ ᠤᠳᠤᠷᠢᠳᠬᠤ | ᠳᠤᠭᠤᠶᠢᠯᠠᠩ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠪᠣᠯᠤᠨ᠎ᠠ᠃ | ᠠᠩᠭᠢ ᠶᠢᠨ ᠪᠠᠭᠲᠠᠭᠠᠮᠵᠢ ᠶᠢ ᠴᠢᠩᠭ᠎ᠠ ᠡᠵᠡᠮᠳᠡᠵᠦ᠂ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ | ᠲᠣᠭᠲᠠᠭᠠᠭᠰᠠᠨ ᠳᠡᠭᠡᠳᠦ ᠬᠢᠵᠠᠭᠠᠷ ᠤᠨ ᠱᠠᠭᠠᠷᠳᠠᠯᠭ᠎ᠠ ᠠᠴᠠ ᠳᠠᠪᠠᠵᠤ ᠪᠣᠯᠬᠤ ᠥᠬᠡᠢ᠃ | ︵ᠭᠤᠷᠪᠠ︶ ᠰᠤᠷᠤᠯᠭ᠎ᠠ ᠳᠣᠷᠭᠤᠮᠳᠠᠬᠤ ᠶᠢ ᠡᠵᠡᠮᠳᠡᠵᠦ ᠰᠤᠷᠤᠯᠭ᠎ᠠ ᠶᠢ ᠪᠠᠲᠤᠯᠠᠬᠤ ᠠᠵᠢᠯ ᠢ ᠴᠢᠩᠭᠠᠳᠬᠠᠨ᠎ᠠ᠃ | ᠡᠯ᠎ᠡ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠨᠤᠭᠤᠳ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ | ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠠᠤᠯᠢ ᠴᠠᠭᠠᠵᠠ ᠪᠠ | ᠬᠤᠯᠪᠣᠭᠳᠠᠯ ᠪᠦᠬᠦᠢ ᠲᠣᠭᠲᠠᠭᠠᠯ ᠵᠢᠴᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠤᠷᠤᠯᠭ᠎ᠠ ᠪᠠᠨ | ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠠᠵᠢᠯ ᠤᠨ ︽ᠠᠷᠪᠠᠨ ᠵᠦᠢᠯ ᠤᠨ ᠳᠦᠷᠢᠮ︾ ᠤᠨ | ᠱᠠᠭᠠᠷᠳᠠᠯᠭ᠎ᠠ ᠶᠣᠰᠣᠭᠠᠷ᠂ ᠰᠤᠷᠤᠯᠭ᠎ᠠ ᠠᠯᠳᠠᠬᠤ ᠪᠠᠨ ᠵᠣᠭᠰᠣᠵᠤ ᠰᠤᠷᠤᠯᠭ᠎ᠠ ᠪᠠᠨ ᠳᠣᠷᠭᠤᠨ ᠵᠣᠭᠰᠣᠬᠤ ᠶᠢ | ᠬᠢᠵᠠᠭᠠᠷᠯᠠᠨ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠠᠵᠢᠯ ᠤᠨ ᠡᠬᠡ ᠲᠠᠩᠰᠠ ᠶᠢ ᠪᠠᠶᠢᠭᠤᠯᠵᠤ᠂ | ᠬᠤᠯᠪᠣᠭᠠᠯᠠᠨ ᠡᠵᠡᠮᠳᠡᠵᠦ ᠬᠤᠯᠪᠣᠭᠠᠯᠠᠨ ᠪᠠᠲᠤᠯᠠᠬᠤ ᠠᠵᠢᠯ ᠤᠨ ᠲᠣᠭᠲᠠᠴᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ | ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠶᠢ | ᠦᠨᠡᠨᠬᠦ ᠪᠠᠲᠤᠯᠠᠨ᠎ᠠ᠃ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ ᠨᠢ ᠵᠦᠢ | ᠶᠣᠰᠣᠨ ᠤ ᠰᠢᠯᠲᠠᠭᠠᠨ ᠦᠭᠡᠶ ᠪᠠᠷ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠪᠠᠭᠠᠴᠤᠳ ᠢ ᠬᠦᠷᠭᠡᠵᠦ ᠠᠯᠪᠠᠨ | ᠵᠢᠷᠤᠮ ᠤᠨ ᠰᠤᠷᠭᠠᠨ ᠬᠥᠮᠦᠵᠢᠯ ᠬᠦᠷᠲᠡᠭᠡᠯᠭᠡᠭᠰᠡᠨ ᠦᠭᠡᠶ ᠪᠣᠯ ᠬᠠᠤᠯᠢ ᠶᠣᠰᠣᠭᠠᠷ ᠬᠠᠤᠯᠢ ᠴᠠᠭᠠᠵᠠ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠲᠣᠭᠲᠠᠭᠠᠯ ᠶᠣᠰᠣᠭᠠᠷ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ ᠪᠤᠰᠤ ᠪᠠᠷ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ | ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠬᠤ ᠶᠢᠨ ᠬᠠᠮᠲᠤ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠳᠠᠭᠤᠰᠤᠭᠠᠳᠤᠶ ᠤᠴᠢᠷ ᠶᠠᠪᠤᠳᠠᠯ ᠢ ᠲᠣᠭᠤᠷᠢᠭ ᠤᠨ ᠰᠣᠷᠣᠭᠴᠢ ᠡᠯᠰᠡᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ | ᠠᠰᠠᠭᠤᠨ ᠯᠠᠪᠯᠠᠬᠤ ᠤᠲᠠᠰᠤ᠄ 3106118᠂ 3106120᠂ 3106185 | |