ᠳ᠋ᠢᠩ ᠺᠠᠶ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/27
      6 ᠰᠠᠷ᠎ᠠ ᠶᠢᠨ 26 ᠤ ᠡᠳᠦᠷ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠪᠠ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠨ ᠶᠡᠭᠡ ᠬᠤᠷᠠᠯ᠂ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠤᠯᠠᠨ ᠲᠦᠮᠡᠨ ᠤ ᠰᠤᠷᠭᠠᠨ ᠬᠥᠮᠦᠵᠢᠯ ᠤᠨ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠲᠤᠬᠠᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠢᠩᠱᠠᠨ ᠲᠣᠭᠤᠷᠢᠭ ᠤᠨ  ︽ᠬᠤᠶᠠᠷ ᠰᠢᠯᠢᠳᠡᠭ ᠨᠢᠭᠡ ᠲᠡᠷᠢᠭᠦᠨ︾ ᠢ ᠬᠥᠬᠢᠭᠦᠯᠦᠨ ᠰᠠᠶᠢᠰᠢᠶᠠᠬᠤ ᠠᠵᠢᠯ ᠢ ᠰᠤᠳᠤᠯᠤᠨ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠢ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠥᠷᠨᠢᠭᠦᠯᠵᠦ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ᠨᠣᠭᠤᠭᠠᠷᠠᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠭᠤᠷᠪᠠᠳᠠᠬᠢ ᠡᠲᠡᠭᠡᠳ ᠤᠨ ᠣᠶᠢᠵᠢᠭᠤᠯᠤᠯᠲᠠ ᠶᠢᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠶᠢᠵᠢᠭᠤᠯᠵᠤ ᠨᠣᠭᠤᠭᠠᠷᠠᠭᠤᠯᠤᠭᠰᠠᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠬᠡᠷᠡᠭᠴᠡᠭᠡ ᠶᠢ ᠴᠢᠩᠭ᠎ᠠ ᠠᠩᠬᠠᠷᠴᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠩ ᠤᠯᠠᠨ ᠰᠢᠨ᠎ᠡ ᠨᠡᠮᠡᠭᠳᠡᠯ ᠤᠨ ᠴᠡᠭ ᠪᠠ ᠰᠢᠨ᠎ᠡ ᠨᠡᠮᠡᠭᠳᠡᠯ ᠤᠨ ᠬᠡᠮᠵᠢᠶ᠎ᠡ ᠶᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠬᠤᠷᠠᠯ ᠠᠴᠠ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠰᠠᠶᠢᠲᠤᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ᠂ ᠪᠦᠬᠦ ᠬᠤᠳᠠ ᠶᠢᠨ︽3+5+N︾ ᠠᠵᠤ ᠦᠢᠯᠡᠳᠪᠦᠷᠢ ᠶᠢᠨ ᠰᠢᠰᠲ᠋ᠧᠮ ᠢ ᠪᠠᠶᠢᠭᠤᠯᠬᠤ ᠪᠠ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠤᠨ ︽ᠭᠤᠷᠪᠠᠨ ᠥᠨᠳᠦᠷᠯᠢᠭ︾ ᠢ ᠪᠠᠶᠢᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠲᠠᠢ ᠤᠶᠠᠯᠳᠤᠭᠤᠯᠵᠤ᠂ ᠠᠵᠢᠯᠯᠠᠭ᠎ᠠ ᠶᠢ ᠥᠷᠨᠢᠭᠦᠯᠬᠦ ᠳᠤᠮᠳᠠ ᠪᠦᠷᠢᠯᠳᠦᠭᠰᠡᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠵᠦ᠂ ᠤᠷᠳᠤ ᠬᠤᠭᠤᠴᠠᠭᠠᠨ ᠤ ᠪᠠᠶᠢᠩᠭᠤ ᠶᠢᠨ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠦᠵᠡᠯ ᠰᠠᠨᠠᠭ᠎ᠠ ᠶᠢ ᠬᠦᠳᠦᠯᠦᠨ ᠳᠠᠭᠠᠭᠤᠯᠬᠤ᠂ ᠤᠯᠠᠨ ᠲᠦᠮᠡᠨ ᠲᠠᠢ ᠬᠠᠷᠢᠯᠴᠠᠬᠤ᠂ ᠤᠬᠠᠭᠤᠯᠵᠤ ᠬᠦᠳᠦᠯᠦᠨ ᠵᠢᠯᠣᠭᠤᠳᠬᠤ᠂ ᠠᠷᠠᠳ ᠲᠤ ᠪᠣᠳᠠᠲᠠᠢ ᠶᠠᠪᠤᠳᠠᠯ ᠬᠢᠵᠦ ᠥᠭᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ︽ᠬᠤᠶᠠᠷ ᠰᠢᠯᠢᠳᠡᠭ ᠨᠢᠭᠡ ᠲᠡᠷᠢᠭᠦᠨ︾ ᠤ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠲᠠᠶᠢᠴᠢᠯᠠᠨ ᠲᠡᠷᠢᠭᠦᠨ ᠤ ᠬᠢ ᠠᠴᠠ ᠰᠤᠷᠤᠯᠴᠠᠵᠤ᠂ ᠲᠡᠷᠢᠭᠦᠨ ᠤ ᠬᠢ ᠶᠢ ᠲᠡᠮᠡᠴᠡᠨ ᠣᠯᠵᠤ᠂ ᠲᠡᠷᠢᠭᠦᠨ ᠤ ᠠᠵᠢᠯ ᠢ ᠬᠢᠵᠦ᠂ ᠪᠦᠬᠦ ᠲᠤᠭᠤᠷᠢᠭ ᠤᠨ ᠡᠯ᠎ᠡ ᠵᠦᠢᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠠᠬᠢᠴᠠ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号