ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠠᠮᠲᠤᠷᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/6/28
      ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠤᠭᠳᠠᠨ᠎ᠠ᠂ ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠪᠣᠬᠢᠷᠲᠤᠯ ᠥᠬᠡᠶ ᠬᠥᠭᠵᠢᠯᠲᠡ ᠶᠢᠨ ᠲᠥᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠤᠯᠪᠣᠭᠠᠯᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠲᠤᠭᠤᠷᠢᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ 59 ᠡᠷᠦᠭᠡ ᠭᠤᠤᠯ ᠴᠣᠭᠴᠠ ᠶᠢ ᠬᠠᠮᠤᠷᠴᠤ᠂ ᠴᠢᠩᠱᠠᠨ ᠲᠣᠭᠤᠷᠢᠭ ᠤᠨ ᠬᠠᠷᠢᠶ᠎ᠠ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠳᠡᠯ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃      ᠲᠣᠰ ᠤᠳᠠᠭᠠᠨ ᠤ ᠠᠵᠢᠯᠯᠠᠭ᠎ᠠ ᠳᠤ᠂ ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠪᠣᠬᠢᠷᠲᠤᠯ ᠥᠬᠡᠶ ᠬᠥᠭᠵᠢᠯᠲᠡ ᠶᠢᠨ ᠲᠥᠪ ᠠᠴᠠ ᠬᠠᠷᠢᠶᠠᠲᠤ ᠣᠷᠣᠨ ᠤ ᠦᠢᠯᠡᠳᠪᠦᠷᠢᠯᠡᠯ ᠤᠨ ᠭᠤᠤᠯ ᠴᠣᠭᠴᠠ ᠳᠤ ᠮᠠᠯ ᠵᠢᠭᠦᠷᠲᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠲᠠᠩᠰᠠ ᠡᠪᠬᠡᠮᠡᠯ᠂ ᠲᠠᠷᠢᠮᠠᠯ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠲᠠᠩᠰᠠ ᠡᠪᠬᠡᠮᠡᠯ᠂ ᠡᠩ ᠤᠨ ᠲᠠᠷᠢᠶᠠᠯᠠᠩ ᠮᠠᠯ ᠤᠨ ᠡᠮ ᠢ ᠵᠢᠷᠤᠮᠵᠢᠭᠤᠯᠤᠨ ᠬᠡᠷᠡᠭᠯᠡᠬᠦ᠂ ᠬᠡᠷᠡᠭᠯᠡᠬᠦ ᠶᠢ ᠴᠠᠭᠠᠵᠠᠯᠠᠬᠤ ᠲᠠᠷᠢᠶ᠎ᠠ ᠮᠠᠯ ᠤᠨ ᠡᠮ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠵᠡᠷᠭᠡ ᠣᠯᠠᠨ ᠲᠠᠯ᠎ᠠ ᠶᠢᠨ ᠪᠠᠶᠢᠴᠠᠭᠠᠯᠲᠠ ᠬᠢᠪᠠ᠃      ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠠᠪᠤᠴᠠ ᠳᠤ᠂ ᠨᠢᠭᠡ ᠡᠷᠦᠭᠡ ᠭᠤᠤᠯ ᠴᠣᠭᠴᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠡᠩ ᠤᠨ ᠲᠠᠷᠢᠶᠠᠨ ᠡᠮ ᠪᠠᠷᠢᠮᠵᠢᠶ᠎ᠠ ᠠᠴᠠ ᠬᠡᠲᠦᠷᠡᠭᠰᠡᠨ ᠢ ᠢᠯᠡᠷᠡᠭᠦᠯᠵᠦ᠂ ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠪᠣᠬᠢᠷᠲᠤᠯ ᠥᠬᠡᠶ ᠬᠥᠭᠵᠢᠯᠲᠡ ᠶᠢᠨ ᠲᠥᠪ ᠠᠴᠠ ᠲᠣᠭᠲᠠᠭᠠᠯ ᠳᠤ ᠨᠡᠶᠢᠴᠡᠬᠦ ᠥᠬᠡᠶ ᠲᠠᠷᠢᠶᠠᠯᠠᠩ ᠤᠨ ᠪᠦᠲᠦᠭᠡᠭᠳᠡᠬᠦᠨ ᠢ ᠲᠡᠷᠡ ᠳᠠᠷᠤᠶ ᠳᠤᠨᠢ ᠬᠠᠷᠭᠤᠭᠤᠯᠤᠨ ᠪᠠᠶᠢᠴᠠᠭᠠᠪᠠ᠃ ᠣᠶᠢᠯᠠᠭᠠᠭᠰᠠᠨ ᠢᠶᠠᠷ᠂ ᠲᠠᠷᠢᠮᠠᠯ ᠤᠨ ᠡᠷᠦᠬᠡ ᠡᠩ ᠤᠨ ᠲᠠᠷᠢᠶᠠᠨ ᠡᠮ ᠬᠡᠷᠡᠭᠯᠡᠭᠰᠡᠨ ᠤ ᠳᠠᠷᠠᠭ᠎ᠠ ᠡᠮ ᠠᠮᠠᠷᠠᠭᠤᠯᠬᠤ ᠬᠤᠭᠤᠴᠠᠭ᠎ᠠ ᠠᠴᠠ ᠪᠠᠨ ᠰᠠᠯᠬᠤ ᠦᠭᠡᠢ ᠪᠠᠷ ᠵᠠᠬ᠎ᠠ ᠳᠡᠯᠭᠡᠭᠦᠷ ᠲᠤ ᠭᠠᠷᠭᠠᠨ ᠬᠤᠳᠠᠯᠳᠤᠵᠤ᠂ ᠰᠠᠶᠢᠨᠰᠠᠶᠢᠲᠤ ᠬᠤᠷᠣᠬᠠᠶ ᠶᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠢ ᠪᠠᠶᠢᠨ᠎ᠠ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ︽ᠢᠳᠡᠭᠡᠨ ᠤ ᠠᠮᠤᠷ ᠲᠦᠪᠰᠢᠨ ᠤ ᠬᠠᠤᠯᠢ︾ ᠶᠢ ᠦᠨᠳᠦᠰᠦᠯᠡᠨ ᠲᠠᠷᠢᠮᠠᠯ ᠤᠨ ᠡᠷᠦᠬᠡ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠶᠢᠨ ᠬᠠᠮᠲᠤ ᠲᠠᠷᠢᠮᠠᠯ ᠤᠨ ᠡᠷᠦᠬᠡ ᠶᠢ ᠴᠢᠩᠭ᠎ᠠ ᠰᠢᠭᠦᠮᠵᠢᠯᠡᠨ ᠰᠤᠷᠭᠠᠪᠠ᠃      ᠲᠠᠷᠠᠭᠠᠴᠢ ᠶᠢᠨ ᠠᠯᠬᠤᠮ ᠳᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠪᠣᠬᠢᠷᠲᠤᠯ ᠥᠬᠡᠶ ᠬᠥᠭᠵᠢᠯᠲᠡ ᠶᠢᠨ ᠲᠥᠪ ᠨᠢ ᠬᠤᠲᠠ ᠶᠢᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠤᠯᠪᠣᠭᠠᠯᠠᠨ ᠮᠠᠨ ᠤ ᠲᠤᠭᠤᠷᠢᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠰᠤᠭᠤᠴᠢᠨ ᠪᠠᠶᠢᠴᠠᠭᠠᠵᠤ ᠥᠯᠢᠭᠡᠷ ᠠᠪᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠢᠷᠢ ᠲᠡᠩᠴᠡᠬᠦ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠳᠤ ︽ᠥᠴᠦᠬᠡᠨ ᠴᠦ ᠠᠭᠤᠴᠢᠯᠠᠬᠤ ᠥᠬᠡᠶ︾ ᠱᠠᠭᠠᠷᠳᠠᠯᠭ᠎ᠠ ᠶᠢ ᠪᠡᠶᠡᠯᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠤᠤᠷ ᠬᠥᠨᠥᠭᠡᠯ ᠢ ᠡᠬᠢ ᠡᠭᠦᠰᠦᠯ ᠠᠴᠠ ᠨᠢ ᠡᠷᠡᠰ ᠬᠤᠷᠢᠭᠯᠠᠵᠤ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号