ᠪᠤᠭᠤᠲᠤ ᠶᠢᠨ ᠤᠰᠤᠲᠥ᠋ᠷᠥᠭᠴᠢ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠠᠪᠤᠭᠳᠠᠵᠤ ᠪᠠᠶᠢᠭ᠎ᠠ ᠨᠢ
ᠨᠡᠶᠢᠲᠡᠯᠡᠭᠰᠡᠨ ᠴᠠᠭ᠄
2024/6/3
      ᠤᠢᠢᠷ᠎ᠠ ᠶᠢᠨ ᠵᠢᠯ ᠠᠴᠠ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠳᠤ ᠬᠦᠴᠦᠨ ᠨᠡᠮᠡᠷᠢᠯᠡᠵᠦ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠰᠢᠨ᠎ᠡ ᠠᠶᠠᠨ ᠵᠠᠮ ᠳᠤ᠂ ᠴᠢᠩᠱᠠᠨ ᠲᠣᠭᠤᠷᠢᠭ ᠤᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ︽ᠬᠦᠷᠢᠶᠡᠯᠡᠩ ᠲᠣᠭᠤᠷᠢᠭ ᠪᠠᠶᠢᠭᠤᠯᠵᠤ᠂ ᠬᠥᠭᠵᠢᠯᠲᠡ ᠶᠢ ᠠᠬᠢᠭᠤᠯᠬᠤ︾ ᠰᠡᠳᠬᠢᠴᠡ ᠪᠠᠷ ᠪᠤᠭᠤᠲᠤ ᠶᠢᠨ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠤᠰᠤᠲᠥ᠋ᠷᠥᠭᠴᠢ ᠡᠨᠧᠷᠭᠢ ᠶᠢᠨ ᠬᠠᠮᠢᠶ᠎ᠠ ᠪᠦᠬᠦᠢ ᠠᠵᠤ ᠦᠢᠯᠡᠰ ᠤᠨ ᠤᠯᠤᠰ ᠤᠨ ᠲᠡᠰ ᠤᠨ ᠳᠡᠭᠡᠳᠦ ᠰᠢᠨ᠎ᠡ ᠠᠵᠤ ᠠᠬᠤᠶᠢᠯᠠᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠡᠨᠧᠷᠭᠢ ᠪᠠᠷ ᠤᠰᠤᠲᠥ᠋ᠷᠥᠭᠴᠢ ᠦᠢᠯᠡᠳᠬᠦ᠂ ᠤᠰᠤᠲᠥ᠋ᠷᠥᠭᠴᠢ ᠬᠠᠳᠠᠭᠠᠯᠠᠬᠤ᠂ ᠤᠰᠤᠲᠥ᠋ᠷᠥᠭᠴᠢ ᠲᠡᠭᠡᠭᠡᠪᠦᠷᠢᠯᠡᠬᠦ᠂ ᠤᠰᠤᠲᠥ᠋ᠷᠥᠭᠴᠢ ᠨᠡᠮᠡᠬᠦ᠂ ᠤᠰᠤᠲᠥ᠋ᠷᠥᠭᠴᠢ ᠲᠦᠯᠡᠰᠢᠨ ᠳ᠋ᠢᠶᠠᠨ ᡂᠢ ᠶᠢᠨ ᠰᠢᠰᠲ᠋ᠧᠮ᠂ ᠴᠠᠬᠢᠯᠭᠠᠨ ᠵᠤᠤᠬ᠎ᠠ ᠵᠢᠴᠢ ᠭᠤᠣᠯ ᠰᠡᠯᠪᠢᠭ ᠲᠤᠨᠤᠭ ᠦᠢᠯᠡᠳᠬᠦ ᠠᠵᠤ ᠦᠢᠯᠡᠰ ᠢ ᠦᠨᠡᠨᠬᠦ ᠥᠷᠨᠢᠭᠦᠯᠵᠦ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠲᠦᠷᠭᠡᠳᠬᠡᠨ ᠠᠬᠢᠭᠤᠯᠪᠠ᠃      ᠪᠤᠭᠤᠲᠤ ᠶᠢᠨ ᠤᠰᠤᠲᠥ᠋ᠷᠥᠭᠴᠢ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠳᠤ ᠨᠡᠶᠢᠲᠡ 10 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠥᠪᠵᠢᠭᠦᠯᠭᠡ ᠶᠢᠨ ᠣᠷᠣᠨ ᠳᠤ ᠪᠠᠶᠢᠷᠢᠯᠠᠵᠤ᠂ 138 ᠮᠥ ᠲᠠᠯᠠᠪᠠᠶ ᠡᠵᠡᠯᠡᠵᠦ᠂ ᠪᠠᠷᠢᠯᠭ᠎ᠠ ᠶᠢᠨ ᠲᠠᠯᠠᠪᠠᠶ ᠨᠢ 7.2 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠥᠬᠦ ᠤᠯᠤᠰ ᠤᠨ ᠤᠰᠤᠲᠥ᠋ᠷᠥᠭᠴᠢ ᠡᠨᠧᠷᠭᠢ ᠶᠢ ᠠᠰᠢᠭᠯᠠᠬᠤ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠰᠢᠨ᠎ᠡ ᠬᠡᠯᠪᠡᠷᠢ ᠶᠢᠨ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠨ᠎ᠠ᠃ ᠣᠷᠣᠵᠤ ᠰᠠᠭᠤᠭᠰᠠᠨ ᠲᠥᠷᠥᠯ ᠵᠦᠢᠯ ᠨᠢ ᠪᠦᠬᠦᠨ ᠢᠶᠠᠷ ᠢᠶᠠᠨ ᠦᠢᠯᠡᠳᠪᠦᠷᠢᠯᠡᠯ ᠳᠤ ᠬᠦᠷᠦᠭᠰᠡᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠨᠢ ᠪᠠᠷᠤᠭ 20 ᠳ᠋ᠦᠩᠰᠢᠭᠤᠷ ᠲᠥᠭᠦᠷᠢᠭ ᠬᠦᠷᠴᠦ᠂ ᠭᠠᠶᠢᠯᠢ ᠲᠠᠲᠠᠪᠤᠷᠢ ᠨᠢ 1.5 ᠳ᠋ᠦᠩᠰᠢᠭᠤᠷ ᠲᠥᠭᠦᠷᠢᠭ ᠬᠦᠷᠴᠦ᠂ 2000 ᠭᠠᠷᠤᠶ ᠬᠥᠮᠦᠨ ᠢ ᠳᠠᠶᠢᠴᠢᠯᠠᠨ ᠠᠵᠢᠯ ᠤᠯᠭᠤᠨ᠎ᠠ᠃      1. ᠭᠠᠷᠳᠠᠮ ᠤᠨ ᠲᠠᠯ᠎ᠠ ᠪᠠᠷ᠄ ᠵᠢᠷᠭᠤᠭᠠᠨ ᠵᠦᠢᠯ ᠤᠨ ᠭᠠᠷᠳᠠᠮ ᠢ ᠨᠢᠭᠡᠨᠲᠡ ᠭᠦᠢᠴᠡᠳᠬᠡᠵᠦ ᠳᠠᠭᠤᠰᠬᠠᠪᠠ᠃      2. ᠪᠠᠷᠢᠯᠭ᠎ᠠ ᠶᠢᠨ ᠠᠬᠢᠴᠠ ᠶᠢᠨ ᠲᠠᠯ᠎ᠠ ᠪᠠᠷ᠄ ᠲᠥᠷᠥᠯ ᠵᠦᠢᠯ 2024 ᠣᠨ ᠤ 3 ᠰᠠᠷ᠎ᠠ ᠶᠢᠨ 6 ᠤ ᠡᠳᠦᠷ ᠠᠵᠢᠯ ᠢᠶᠠᠨ ᠰᠡᠷᠭᠦᠭᠡᠵᠦ᠂ ᠣᠳᠣᠬᠠᠨ ᠳᠤ ᠨᠢᠭᠡᠨᠲᠡ ᠶᠡᠷᠦᠩᠬᠡᠶ ᠪᠠᠷᠢᠯᠭ᠎ᠠ ᠶᠢᠨ 80% ᠶᠢ ᠪᠡᠶᠡᠯᠡᠭᠦᠯᠪᠡ᠃ ᠡᠭᠦᠨ ᠳᠤ᠂ 3 ᠦᠢᠯᠡᠳᠪᠦᠷᠢ ᠶᠢᠨ ᠬᠡᠷ ᠪᠠᠶᠢᠰᠢᠩ ᠵᠢᠴᠢ ᠶᠡᠷᠦᠩᠬᠡᠶᠢᠯᠡᠭᠰᠡᠨ ᠠᠰᠠᠷ ᠤᠨ ᠣᠷᠣᠢ ᠶᠢ ᠨᠢᠭᠡᠨᠲᠡ ᠪᠢᠲᠡᠭᠦᠮᠵᠢᠯᠡᠵᠦ᠂ ᠳᠤᠯᠠᠭᠠᠯᠠᠬᠤ᠂ ᠪᠤᠴᠠᠯᠭᠠᠬᠤ ᠬᠤᠭᠤᠯᠠᠶ᠂ ᠭᠠᠯ ᠤᠨᠲᠠᠷᠠᠭᠠᠬᠤ ᠰᠦᠷᠴᠢᠯᠲᠡ ᠶᠢᠨ ᠬᠤᠭᠤᠯᠠᠶ᠂ ᠤᠲᠤᠭ᠎ᠠ ᠭᠠᠳᠠᠭᠰᠢᠯᠠᠭᠤᠯᠬᠤ ᠬᠤᠭᠤᠯᠠᠶ᠂ ᠭᠠᠯ ᠤᠨᠲᠠᠷᠠᠭᠠᠬᠤ ᠬᠤᠭᠤᠯᠠᠶ ᠶᠢ 80% ᠳᠤ ᠤᠭᠰᠠᠷᠠᠵᠤ᠂ ᠡᠭᠦᠨ ᠠᠴᠠ ᠭᠠᠳᠠᠨ᠎ᠠ 3 ᠦᠢᠯᠡᠳᠪᠦᠷᠢ ᠶᠢᠨ ᠬᠡᠷ ᠪᠠᠶᠢᠰᠢᠩ ᠤᠨ ᠪᠣᠯᠣᠳ ᠪᠦᠲᠦᠴᠡ ᠶᠢᠨ ᠭᠤᠤᠯ ᠴᠣᠭᠴᠠ ᠶᠢᠨ ᠪᠣᠷᠣ ᠲᠥᠯᠥᠪ ᠢ ᠤᠭᠰᠠᠷᠠᠵᠤ ᠳᠠᠭᠤᠰᠬᠠᠭᠠᠳ᠂ ᠭᠠᠳᠠᠷ ᠲᠣᠣᠷ᠂ ᠬᠦᠷᠢᠶ᠎ᠡ ᠬᠡᠷᠡᠮ ᠵᠢᠴᠢ ᠶᠡᠭᠡ ᠡᠭᠦᠳᠡ ᠶᠢᠨ ᠪᠠᠷᠢᠯᠭ᠎ᠠ ᠶᠢ ᠨᠢᠭᠡᠨᠲᠡ ᠲᠠᠯᠠᠪᠠᠢ ᠳᠤ ᠡᠬᠢᠯᠡᠭᠦᠯᠵᠦ᠂ 6 ᠰᠠᠷ᠎ᠠ ᠶᠢᠨ 30 ᠤ ᠡᠳᠦᠷ ᠪᠠᠷᠢᠯᠭ᠎ᠠ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ ︵ᠲᠤᠨᠤᠭ ᠲᠦᠭᠦᠭᠡᠷᠦᠮᠵᠢ ᠶᠡᠭᠡ ᠵᠠᠮ ᠤᠨ ᠵᠡᠭᠦᠨ ᠲᠠᠯ᠎ᠠ᠂ ᠬᠦᠷᠢᠶᠡᠯᠡᠩ ᠲᠣᠭᠤᠷᠢᠭ ᠤᠨ ᠡᠮᠦᠨ᠎ᠡ ᠵᠠᠮ ᠠᠴᠠ ᠬᠤᠶᠢᠰᠢ︶      3. ᠣᠷᠣᠵᠤ ᠰᠠᠭᠤᠬᠤ ᠲᠥᠷᠥᠯ ᠵᠦᠢᠯ ᠤᠨ ᠠᠬᠢᠴᠠ ᠶᠢᠨ ᠪᠠᠶᠢᠳᠠᠯ᠄      ᠪᠤᠭᠤᠲᠤ ᠶᠢᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠬᠢᠭᠡᠳ ᠳᠠᠬᠢᠨ ᠡᠭᠦᠰᠴᠦ ᠪᠣᠯᠬᠤ ᠡᠨᠧᠷᠭᠢ ᠶᠢ ᠨᠢᠭᠡ ᠴᠤᠭᠴᠠᠵᠢᠭᠤᠯᠤᠭᠰᠠᠨ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 2.5 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠯ ᠵᠦᠢᠯ ᠨᠢ ᠭᠤᠤᠯᠳᠠᠭᠤ ᠪᠧᠢ ᠪᠧᠨ ᠬᠦᠨᠳᠦ ᠬᠡᠯᠪᠡᠷᠢ ᠶᠢᠨ ᠮᠠᠰᠢᠨ ᠲᠡᠷᠭᠡᠨ ᠤ ᠪᠦᠯᠦᠭᠯᠡᠯ ᠢᠶᠠᠷ ᠤᠰᠤᠲᠥ᠋ᠷᠥᠭᠴᠢ ᠶᠢᠨ ᠲᠦᠯᠡᠰᠢ ᠶᠢᠨ ᠮᠠᠰᠢᠨ ᠲᠡᠷᠭᠡᠨ ᠤ ᠬᠥᠲᠥᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ ᠤᠰᠤᠲᠥ᠋ᠷᠥᠭᠴᠢ ᠶᠢᠨ ᠲᠦᠯᠡᠰᠢ ᠶᠢᠨ ᠳ᠋ᠢᠶᠠᠨ ᡂᠢ ᠶᠢᠨ ᠰᠢᠰᠲ᠋ᠧᠮ ᠵᠢᠴᠢ ᠰᠡᠯᠪᠢᠭ ᠲᠣᠨᠤᠭ ᠵᠡᠷᠭᠡ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠬᠥᠭᠵᠢᠯᠲᠡ ᠶᠢ ᠳᠠᠶᠢᠴᠢᠯᠠᠵᠤ᠂ ᠣᠳᠣᠬᠠᠨ ᠳᠤ ᠨᠢᠭᠡᠨᠲᠡ ᠭᠡᠷ᠎ᠡ ᠲᠣᠭᠲᠠᠵᠤ᠂ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠢ ᠲᠤᠰᠢᠶᠠᠭᠰᠠᠨ ᠤ ᠳᠠᠷᠠᠭ᠎ᠠ ᠳᠠᠷᠤᠶ ᠦᠢᠯᠡᠳᠪᠦᠷᠢᠯᠡᠯ ᠤᠨ ᠱᠤᠭᠤᠮ ᠢ ᠨᠠᠶᠢᠳᠠᠪᠤᠷᠢᠵᠢᠭᠤᠯᠵᠤ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠴᠢᠩᠱᠠᠨ ᠲᠣᠭᠤᠷᠢᠭ ᠲᠤ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ︽ᠬᠠᠳᠠᠭᠠᠯᠠᠵᠤ ᠬᠡᠷᠡᠭᠯᠡᠬᠦ︾ ᠪᠥᠬᠦ ᠵᠠᠩᠭᠢᠯᠠᠭ᠎ᠠ ᠶᠢᠨ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ ᠴᠢᠳᠠᠪᠤᠷᠢ ᠶᠢ ᠪᠦᠷᠢᠯᠳᠦᠭᠦᠯᠵᠦ᠂ ᠪᠤᠭᠤᠲᠤ ᠬᠤᠲᠠ ᠶᠢᠨ ᠤᠰᠤᠲᠥ᠋ᠷᠥᠭᠴᠢ ᠶᠢᠨ ᠲᠦᠯᠡᠰᠢᠨ ᠴᠠᠬᠢᠯᠭᠠᠨ ᠤ ᠵᠤᠤᠬ᠎ᠠ᠂ ᠤᠰᠤᠲᠥ᠋ᠷᠥᠭᠴᠢ ᠬᠠᠳᠠᠭᠠᠯᠠᠬᠤ ᠰᠢᠰᠲ᠋ᠧᠮ᠂ PEM ᠴᠠᠬᠢᠯᠭᠠᠨ ᠵᠠᠳᠠᠯᠤᠯ ᠤᠨ ᠣᠩᠭᠤᠴᠠ ᠶᠢᠨ ᠬᠦᠷᠢᠶᠡᠨ ᠳᠠᠬᠢ ᠬᠤᠭᠤᠰᠣᠨ ᠢ ᠨᠥᠬᠦᠪᠥᠷᠢᠯᠡᠬᠦ ᠪᠣᠯᠤᠨ᠎ᠠ᠃     ᠱᠠᠩᠬᠠᠢ ᠵᠦᠩ ᠰᠦ ᠵᠢᠯ ᠳᠤ 2000 ᠢᠵᠢ ᠤᠰᠤᠲᠥ᠋ᠷᠥᠭᠴᠢ ᠶᠢᠨ ᠲᠦᠯᠡᠰᠢᠨ ᠳ᠋ᠢᠶᠠᠨ ᡂᠢ ᠶᠢᠨ ᠬᠥᠳᠡᠯᠭᠡᠬᠦ ᠬᠦᠴᠦᠨ ᠤ ᠰᠢᠰᠲ᠋ᠧᠮ ᠤᠨ ᠲᠥᠷᠥᠯ ᠵᠦᠢᠯ᠂ ᠶᠡᠷᠦᠩᠬᠡᠢ ᠪᠡᠯᠡ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠪᠠᠶᠢᠵᠤ᠂ ᠦᠢᠯᠡᠳᠪᠦᠷᠢ ᠶᠢᠨ ᠭᠡᠷ ᠪᠠᠶᠢᠰᠢᠩ ᠤᠨ ᠲᠠᠯᠠᠪᠠᠢ ᠨᠢ 5000 ᠲᠡᠭᠰᠢ ᠳᠥᠷᠪᠡᠯᠵᠢᠨ ᠮᠧᠲᠷ᠂ ᠠᠯᠪᠠᠯᠠᠬᠤ ᠲᠠᠯᠠᠪᠤᠷ 2500 ᠲᠡᠭᠰᠢ ᠳᠥᠷᠪᠡᠯᠵᠢᠨ ᠮᠧᠲᠷ ᠢ ᠬᠡᠷᠡᠭᠯᠡᠬᠦ ᠪᠠᠷ ᠲᠥᠯᠥᠪᠯᠡᠵᠦ ᠪᠣᠶ︔ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠳᠤ 2000 ᠢᠵᠢ ᠤᠰᠤᠲᠥ᠋ᠷᠥᠭᠴᠢ ᠶᠢᠨ ᠲᠦᠯᠡᠰᠢᠨ ᠳ᠋ᠢᠶᠠᠨ ᡂᠢ ᠶᠢᠨ ᠬᠥᠳᠡᠯᠭᠡᠬᠦ ᠬᠦᠴᠦᠨ ᠤ ᠰᠢᠰᠲ᠋ᠧᠮ ᠢ ᠦᠢᠯᠡᠳᠪᠦᠷᠢᠯᠡᠬᠦ ᠠᠵᠤ ᠦᠢᠯᠡᠰ ᠤᠨ ᠬᠡᠪᠴᠢᠶᠡᠨ ᠳᠤ ᠬᠦᠷᠦᠨ᠎ᠡ᠃ ᠨᠢᠭᠡᠨᠲᠡ ᠭᠡᠷ᠎ᠡ ᠲᠣᠭᠲᠠᠵᠤ᠂ ᠣᠳᠣᠬᠠᠨ ᠳᠤ ᠶᠠᠭ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ ᠪᠠᠶᠢᠨ᠎ᠠ᠃      ᠴᠢᠩ ᠴᠧᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠳᠤ 5000 ᠢᠵᠢ ᠤᠰᠤᠲᠥ᠋ᠷᠥᠭᠴᠢ ᠶᠢᠨ ᠲᠦᠯᠡᠰᠢᠨ ᠳ᠋ᠢᠶᠠᠨ ᡂᠢ ᠶᠢᠨ ᠴᠠᠬᠢᠯᠭᠠᠨ ᠵᠤᠤᠬ᠎ᠠ ᠶᠢᠨ ᠲᠦᠷᠦᠯ ᠵᠦᠢᠯ᠂ ᠶᠡᠷᠦᠩᠬᠡᠢ ᠪᠡᠯᠡ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ᠂ ᠦᠢᠯᠡᠳᠪᠦᠷᠢ ᠶᠢᠨ ᠭᠡᠷ ᠪᠠᠶᠢᠰᠢᠩ ᠤᠨ ᠲᠠᠯᠠᠪᠠᠢ ᠨᠢ 5000 ᠲᠡᠭᠰᠢ ᠳᠥᠷᠪᠡᠯᠵᠢᠨ ᠮᠧᠲᠷ᠂ ᠠᠯᠪᠠᠯᠠᠬᠤ ᠲᠠᠯᠠᠪᠤᠷ ᠭᠠᠵᠠᠷ ᠨᠢ 2500 ᠲᠡᠭᠰᠢ ᠳᠥᠷᠪᠡᠯᠵᠢᠨ ᠮᠧᠲᠷ ᠪᠠᠶᠢᠵᠤ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠳᠤ 5000 ᠢᠵᠢ ᠤᠰᠤᠲᠥ᠋ᠷᠥᠭᠴᠢ ᠶᠢᠨ ᠲᠦᠯᠡᠰᠢᠨ ᠳ᠋ᠢᠶᠠᠨ ᡂᠢ ᠶᠢᠨ ᠴᠠᠬᠢᠯᠭᠠᠨ ᠵᠤᠤᠬ᠎ᠠ ᠶᠢᠨ ᠬᠡᠪᠴᠢᠶ᠎ᠡ ᠳᠤ ᠬᠦᠷᠴᠦ᠂ ᠪᠦᠲᠦᠭᠡᠨ ᠪᠠᠶᠢᠭᠤᠯᠬᠤ ᠠᠭᠤᠯᠭ᠎ᠠ ᠳᠤ ᠭᠤᠣᠯᠳᠠᠭᠤ ᠲᠦᠯᠡᠰᠢᠨ ᠳ᠋ᠢᠶᠠᠨ ᡂᠢ ᠶᠢᠨ ᠴᠠᠬᠢᠯᠭᠠᠨ ᠵᠤᠤᠬ᠎ᠠ ᠶᠢᠨ ᠦᠢᠯᠡᠳᠪᠦᠷᠢᠯᠡᠯ ᠤᠨ ᠱᠤᠭᠤᠮ᠂ ᠬᠡᠮᠵᠢᠨ ᠲᠤᠷᠰᠢᠬᠤ ᠲᠤᠷᠰᠢᠯᠲᠠ ᠶᠢᠨ ᠲᠠᠰᠤᠭ᠂ ᠪᠣᠷᠣᠯᠠᠭᠤᠯᠬᠤ ᠲᠥᠪ᠂ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡᠨ ᠤ ᠲᠥᠪ ᠵᠢᠴᠢ ᠪᠤᠰᠤᠳ ᠢᠵᠢ ᠪᠦᠷᠢᠳᠦᠭᠰᠡᠨ ᠲᠥᠬᠦᠭᠡᠷᠦᠮᠵᠢ ᠶᠢ ᠪᠠᠭᠲᠠᠭᠠᠨ᠎ᠠ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号