ᠴᠢᠩᠱᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠬᠦᠴᠢᠷᠳᠡᠯᠲᠡᠶ ᠠᠵᠤ ᠠᠬᠤᠶᠢᠯᠠᠯ ᠤᠨ ᠴᠡᠷᠢᠭ ᠤᠨ ᠠᠯᠪᠠ ᠠᠴᠠ ᠬᠠᠯᠠᠭᠳᠠᠭᠰᠠᠨ ᠺᠠᠳ᠋ᠷ ᠢ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/5
      ᠮᠠᠨ ᠤ ᠲᠤᠭᠤᠷᠢᠭ ᠤᠨ ᠬᠦᠴᠢᠷᠳᠡᠯᠲᠡᠶ ᠠᠵᠤ ᠠᠬᠤᠶᠢᠯᠠᠯ ᠤᠨ ᠴᠡᠷᠢᠭ ᠤᠨ ᠠᠯᠪᠠ ᠠᠴᠠ ᠬᠠᠯᠠᠭᠳᠠᠭᠰᠠᠨ ᠺᠠᠳ᠋ᠷ ᠤᠨ ᠬᠦᠴᠢᠷᠳᠡᠯ ᠢ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ 2024 ᠣᠨ ᠤ 5 ᠰᠠᠷ᠎ᠠ ᠶᠢᠨ 29 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ᠂ ᠴᠢᠩᠱᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ 3 ᠡᠳᠦᠷ ᠤᠨ ᠬᠤᠭᠤᠴᠠᠭ᠎ᠠ ᠲᠠᠢ ᠡᠷᠦᠬᠡ ᠳᠤ ᠬᠦᠷᠴᠦ ᠰᠤᠷᠪᠤᠯᠵᠢᠯᠠᠬᠤ ᠠᠵᠢᠯ ᠥᠷᠨᠢᠭᠦᠯᠪᠡ᠃ ᠠᠵᠤ ᠠᠬᠤᠶᠢᠯᠠᠯ ᠤᠨ ᠴᠡᠷᠢᠭ ᠤᠨ ᠠᠯᠪᠠ ᠠᠴᠠ ᠬᠠᠯᠠᠭᠳᠠᠭᠰᠠᠨ ᠺᠠᠳ᠋ᠷ ᠤᠨ ᠪᠣᠳᠠᠲᠠᠶ ᠪᠠᠶᠢᠳᠠᠯ ᠢ ᠣᠶᠢᠯᠠᠭᠠᠬᠤ ᠪᠣᠯ ᠬᠦᠴᠢᠷᠳᠡᠯ ᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢᠨ ᠤᠷᠢᠲᠠᠯ ᠪᠠ ᠰᠠᠭᠤᠷᠢ ᠮᠥᠨ᠂ ᠮᠠᠨ ᠤ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠲᠤᠰᠬᠠᠶ ᠬᠥᠮᠦᠨ ᠲᠣᠬᠢᠷᠠᠭᠤᠯᠤᠨ ᠡᠨᠡ ᠬᠦ ᠠᠵᠢᠯ ᠢ ᠬᠠᠷᠢᠭᠤᠴᠠᠭᠤᠯᠵᠤ᠂ ᠲᠥᠯᠥᠪᠯᠡᠭᠡ ᠲᠠᠢ ᠪᠠᠷ ᠰᠤᠷᠪᠤᠯᠵᠢᠯᠠᠨ ᠪᠠᠶᠢᠴᠠᠭᠠᠬᠤ ᠠᠵᠢᠯ ᠢ ᠦᠷᠨᠢᠭᠦᠯᠪᠡ᠃ ᠲᠣᠰ ᠤᠳᠠᠭ᠎ᠠ ᠮᠠᠨ ᠤ ᠲᠣᠭᠤᠷᠢᠭ ᠤᠨ ᠬᠦᠴᠢᠷᠳᠡᠯᠲᠡᠶ ᠠᠵᠤ ᠠᠬᠤᠶᠢᠯᠠᠯ ᠤᠨ ᠴᠡᠷᠢᠭ ᠤᠨ ᠠᠯᠪᠠ ᠠᠴᠠ ᠬᠠᠯᠠᠭᠳᠠᠭᠰᠠᠨ ᠺᠠᠳ᠋ᠷ ᠨᠡᠶᠢᠲᠡ 18 ᠬᠥᠮᠦᠨ ᠢ ᠰᠤᠷᠪᠤᠯᠵᠢᠯᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠨ ᠠᠵᠤ ᠠᠬᠤᠶᠢᠯᠠᠯ ᠤᠨ ᠺᠠᠳ᠋ᠷ ᠤᠨ ᠪᠡᠶ᠎ᠡ ᠮᠠᠬᠠᠪᠣᠳ ᠤᠨ ᠪᠠᠶᠢᠳᠠᠯ᠂ ᠣᠷᠣᠯᠭ᠎ᠠ᠂ ᠬᠡᠷ ᠪᠦᠯᠢ ᠶᠢᠨ ᠪᠦᠷᠢᠯᠳᠦᠬᠦᠨ ᠵᠡᠷᠭᠡ ᠪᠣᠳᠠᠲᠠᠶ ᠪᠠᠶᠢᠳᠠᠯ ᠢ ᠨᠠᠷᠢᠨ ᠣᠶᠢᠯᠠᠭᠠᠵᠤ᠂ ᠬᠠᠪᠰᠤᠷᠤᠨ ᠲᠡᠳᠬᠦᠬᠦ ᠠᠵᠢᠯ ᠳᠤ ᠦᠨᠡᠨ ᠪᠣᠳᠠᠲᠠᠶ᠂ ᠵᠥᠪ ᠣᠨᠣᠪᠴᠢᠲᠠᠶ ᠦᠨᠳᠦᠰᠦᠯᠡᠯ ᠬᠠᠩᠭᠠᠵᠤ᠂ ᠨᠠᠮ ᠪᠠ ᠤᠯᠤᠰ ᠤᠨ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠵᠢᠩᠬᠢᠨᠢ ᠬᠦᠴᠢᠷᠳᠡᠯᠲᠡᠶ ᠴᠡᠷᠢᠭ ᠤᠨ ᠠᠯᠪᠠ‌ᠡᠴᠠ ᠬᠠᠯᠠᠭᠳᠠᠭᠰᠠᠨ ᠺᠠᠳ᠋ᠷ ᠢ ᠴᠠᠭ ᠲᠤᠬᠠᠶ ᠳᠤᠨᠢ ᠬᠠᠪᠰᠤᠷᠤᠨ ᠲᠡᠳᠬᠦᠵᠦ ᠠᠪᠤᠷᠠᠨ ᠲᠤᠰᠠᠯᠠᠪᠠ᠃ ᠡᠭᠦᠨ ᠤ ᠬᠠᠮᠲᠤ ᠴᠡᠷᠢᠭ ᠤᠨ ᠠᠯᠪᠠ ᠠᠴᠠ ᠬᠠᠯᠠᠭᠳᠠᠭᠰᠠᠨ ᠠᠵᠤ ᠠᠬᠤᠶᠢᠯᠠᠯ ᠤᠨ ᠺᠠᠳ᠋ᠷ ᠲᠠᠢ ᠨᠡᠪᠲᠡᠷᠡᠯᠴᠡᠨ ᠰᠣᠯᠢᠯᠴᠠᠬᠤ ᠪᠠᠷ ᠳᠠᠮᠵᠢᠭᠤᠯᠤᠨ᠂ ᠵᠦᠶ ᠵᠣᠬᠢᠰᠲᠠᠶ ᠰᠠᠨᠠᠯ ᠰᠠᠨᠠᠭᠤᠯᠭ᠎ᠠ ᠬᠤᠷᠢᠶᠠᠵᠤ᠂ ᠠᠵᠢᠯ ᠤᠨ ᠠᠷᠭ᠎ᠠ ᠮᠠᠶ᠋ᠢᠭ ᠢᠶᠠᠨ ᠳᠣᠭᠢᠷᠠᠭᠤᠯᠤᠨ ᠰᠢᠯᠢᠳᠡᠭᠵᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号