ᠴᠢᠩᠱᠠᠨ ᠲᠣᠭᠤᠷᠢᠭ ᠨᠢᠭᠡᠨᠲᠡ ︽ᠤᠷᠲᠤᠳᠬᠠᠬᠤ ᠮᠠᠶ᠋ᠢᠭ︾ ᠤᠨ ᠭᠡᠷᠡᠴᠢᠯᠡᠯ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/6/5
     ᠭᠡᠷᠡᠴᠢᠯᠡᠯ ᠤᠨ ᠮᠡᠷᠭᠡᠵᠢᠯ ᠤᠨ ᠳᠡᠭᠡᠭᠰᠢᠯᠡᠬᠦ ᠶᠢ ᠳᠠᠭᠠᠯᠳᠤᠨ᠂ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠯ ᠤᠨ ᠠᠷᠭ᠎ᠠ ᠮᠠᠶ᠋ᠢᠭ ᠨᠢ ᠴᠦ ᠵᠢᠯ ᠳᠠᠷᠠᠭᠠᠯᠠᠨ ᠰᠢᠨᠡᠳᠴᠦ ᠪᠠᠶᠢᠨ᠎ᠠ᠃ 2024 ᠣᠨ ᠳᠤ ︽ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ︽ᠡᠯᠧᠺᠲᠷᠤᠨ ᠨᠡᠶᠢᠭᠡᠮ ᠤᠨ ᠳᠠᠭᠠᠳᠬᠠᠯ ᠤᠨ ᠺᠠᠷᠲ︾ ᠵᠡᠷᠭᠡ ᠵᠢᠵᠢᠭ ᠲᠠᠰ ᠳᠠᠷᠠᠭᠠᠯᠠᠯ ᠤᠨ ᠭᠡᠷᠡᠴᠢᠯᠡᠯ ᠤᠨ ᠠᠷᠭ᠎ᠠ ᠵᠠᠮ ᠢ ᠨᠡᠮᠡᠵᠦ᠂ ︽ᠤᠷᠲᠤᠳᠬᠠᠬᠤ ᠮᠠᠶ᠋ᠢᠭ︾ ᠤᠨ ᠭᠡᠷᠡᠴᠢᠯᠡᠯ ᠢ ᠬᠡᠷᠡᠭᠯᠡᠪᠡ᠃      ︽ᠤᠷᠲᠤᠳᠬᠠᠬᠤ ᠮᠠᠶ᠋ᠢᠭ︾ ᠤᠨ ᠭᠡᠷᠡᠴᠢᠯᠡᠯᠲᠡ ᠶᠢ ᠵᠢᠭᠠᠬᠠᠨ ᠣᠶᠢᠯᠠᠭᠠᠭᠰᠠᠨ ᠥᠬᠡᠶ ᠪᠣᠯᠪᠠᠴᠤ ᠡᠨᠡ ᠪᠣᠯ ᠨᠢᠭᠡᠨ ᠥᠪᠡᠷᠮᠢᠴᠡ ᠬᠥᠳᠡᠯᠦᠩᠭᠦᠶ ᠬᠠᠮᠢᠶᠠᠷᠤᠯᠲᠠ ᠶᠢᠨ ᠰᠢᠨ᠎ᠡ ᠠᠷᠭ᠎ᠠ ᠮᠠᠶ᠋ᠢᠭ ᠮᠥᠨ᠂ ᠪᠣᠳᠠᠲᠠᠶ ᠪᠠᠷ ᠬᠡᠯᠡᠪᠡᠯ᠂ ᠬᠠᠷᠠᠭᠠᠯᠵᠠᠯ ᠠᠪᠴᠤ ᠪᠠᠶᠢᠭ᠎ᠠ ᠬᠥᠮᠦᠰ ᠤᠨ ᠦᠯᠡᠳᠡᠭᠡᠨ ᠬᠠᠳᠠᠭᠠᠯᠠᠵᠤ ᠪᠠᠶᠢᠭ᠎ᠠ ᠣᠶᠢᠷ᠎ᠠ ᠶᠢᠨ ᠨᠢᠭᠡ ᠤᠳᠠᠭᠠᠨ ᠤ ᠭᠡᠷᠡᠴᠢᠯᠡᠯ ᠤᠨ ᠴᠠᠭ ᠢ ᠭᠡᠷᠡᠴᠢᠯᠡᠭᠡ ᠡᠬᠢᠯᠡᠬᠦ ᠴᠠᠭ ᠪᠣᠯᠭᠠᠨ ᠳᠣᠭᠢᠷᠠᠭᠤᠯᠵᠤ᠂ ᠳᠠᠷᠠᠭ᠎ᠠ ᠨᠢ 12 ᠰᠠᠷ᠎ᠠ ᠳᠠᠷᠠᠭᠠᠯᠠᠨ ᠭᠡᠷᠡᠴᠢᠯᠡᠯ ᠤᠨ ᠡᠬᠢᠯᠡᠬᠦ ᠴᠠᠭ ᠢ ᠤᠷᠲᠤᠳᠬᠠᠵᠤ᠂ ᠬᠠᠷᠠᠭᠠᠯᠵᠠᠯ ᠠᠪᠴᠤ ᠪᠠᠶᠢᠭ᠎ᠠ ᠬᠥᠮᠦᠨ ᠨᠢᠭᠡᠪᠦᠷᠢ ᠳᠤ ᠥᠪᠡᠷᠮᠢᠴᠡ ᠭᠡᠷᠡᠴᠢᠯᠡᠯ ᠤᠨ ᠦᠶᠡᠯᠡᠯ ᠤᠨ ᠬᠤᠭᠤᠴᠠᠭ᠎ᠠ ᠪᠠᠶᠢᠭᠤᠯᠵᠤ ᠥᠭᠭᠦᠭᠰᠡᠨ ᠪᠠᠶᠢᠨ᠎ᠠ᠃ ᠢᠩᠭᠢᠵᠦ ᠬᠢᠪᠡᠯ ᠣᠯᠠᠨ ᠢᠶᠠᠷ ᠢᠶᠠᠨ ᠲᠣᠭᠲᠠᠭᠰᠠᠨ ᠴᠠᠭ ᠲᠤ ᠨᠢᠭᠡᠳᠦᠯᠲᠡᠶ ᠭᠡᠷᠡᠴᠢᠯᠡᠬᠦ ᠴᠢᠬᠤᠯᠠ ᠦᠭᠡᠢ᠂ ᠬᠠᠷᠢᠨ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠭᠡᠷᠡᠴᠢᠯᠡᠬᠦ ᠴᠠᠭ ᠢᠶᠠᠨ ᠠᠮᠢᠳᠤᠯᠢᠭ ᠢᠶᠠᠷ ᠰᠣᠩᠭᠤᠵᠤ ᠪᠣᠯᠤᠨ᠎ᠠ᠃      ︽ᠤᠷᠲᠤᠳᠬᠠᠬᠤ ᠮᠠᠶ᠋ᠢᠭ︾  ᠤᠨ ᠭᠡᠷᠡᠴᠢᠯᠡᠯ ᠢ ᠬᠡᠷᠡᠭᠵᠢᠭᠦᠯᠦᠭᠰᠡᠨ ᠠᠴᠠ ᠨᠠᠰᠢ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽2024 ᠣᠨ ᠤ ᠨᠠᠰᠤᠵᠢᠯ ᠤᠨ ᠠᠰᠠᠷᠠᠮᠵᠢ ᠶᠢᠨ ᠬᠢᠷᠢ ᠬᠡᠮ ᠤᠨ ᠭᠡᠷᠡᠴᠢᠯᠡᠯ︾ ᠭᠡᠬᠦ ᠸᠢᠳᠢᠣ᠋᠂ ᠨᠠᠰᠤᠵᠢᠯ ᠤᠨ ᠠᠰᠠᠷᠠᠮᠵᠢ ᠶᠢᠨ ᠬᠢᠷᠢ ᠬᠡᠮ ᠤᠨ ᠭᠡᠷᠡᠴᠢᠯᠡᠯ ᠤᠨ ︽ᠲᠤᠯᠤᠭᠠᠨ ᠠᠰᠠᠭᠤᠯᠲᠠ ᠲᠤᠯᠤᠭᠠᠨ ᠬᠠᠷᠢᠭᠤᠯᠲᠠ︾ ᠶᠢᠨ ᠤᠬᠠᠭᠤᠯᠭ᠎ᠠ ᠶᠢᠨ ᠬᠠᠭᠤᠳᠠᠰᠤ  ᠪᠠᠷ ᠳᠠᠮᠵᠢᠭᠤᠯᠤᠨ᠂ ᠪᠤᠭᠤᠲᠤ ᠶᠢᠨ ᠬᠠᠮ ᠵᠠᠭᠤᠴᠢᠯᠠᠭᠤᠷ ᠤᠨ ᠰᠤᠷᠪᠤᠯᠵᠢᠯᠠᠭᠴᠢᠳ ᠢ ᠤᠷᠢᠵᠤ ᠬᠢᠷᠢ ᠬᠡᠮ ᠤᠨ ᠭᠡᠷᠡᠴᠢᠯᠡᠯᠲᠡ ᠳᠠᠬᠢ ᠵᠠᠩᠭᠢᠯᠠᠭ᠎ᠠ ᠶᠢᠨ ᠬᠦᠴᠦᠨ ᠵᠦᠢᠯ ᠢ ᠲᠠᠶᠢᠯᠪᠦᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠯᠪᠠᠨ ᠤ ᠨᠡᠶᠢᠲᠡ ᠶᠢᠨ ᠳ᠋ᠤᠭᠠᠷ᠂ ᠲᠢᠭ᠋ ᠲᠤᠭ ᠲᠤ ᠠᠷᠭ᠎ᠠ ᠪᠠ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ ᠨᠠᠩ ᠣᠯᠠᠨ ᠬᠥᠮᠦᠨ ᠳᠤ ᠡᠶᠢᠮᠦᠷᠬᠦ ᠰᠢᠨ᠎ᠡ ᠬᠡᠯᠪᠡᠷᠢ ᠶᠢᠨ ᠭᠡᠷᠡᠴᠢᠯᠡᠯ ᠤᠨ ᠠᠷᠭ᠎ᠠ ᠮᠠᠶ᠋ᠢᠭ ᠢ ᠣᠶᠢᠯᠠᠭᠠᠭᠤᠯᠪᠠ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠥᠳᠡᠯᠵᠦ ᠪᠠᠷᠢᠬᠤ ᠳᠤ ᠳᠥᠭᠦᠮ ᠦᠭᠡᠢ᠂ ᠭᠡᠷᠡᠴᠢᠯᠡᠯ ᠢᠶᠠᠨ ᠡᠵᠡᠨ ᠮᠡᠳᠡᠵᠦ ᠪᠡᠶᠡᠯᠡᠭᠦᠯᠬᠦ ᠶᠢᠨ ᠠᠷᠭ᠎ᠠ ᠥᠬᠡᠶ ᠬᠥᠮᠦᠰ ᠲᠤ ᠬᠡᠷ ᠲᠤᠨᠢ ᠬᠦᠷᠴᠦ ᠦᠢᠯᠡᠴᠢᠯᠡᠨ᠎ᠡ᠃ ᠪᠠᠰᠠ ᠤᠳᠠᠯ ᠦᠭᠡᠢ ᠬᠤᠭᠤᠴᠠᠭ᠎ᠠ ᠳᠦᠭᠦᠷᠴᠦ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠯ ᠬᠢᠭᠰᠡᠨ ᠦᠭᠡᠢ ᠬᠥᠮᠦᠰ ᠢ ᠰᠠᠨᠠᠭᠤᠯᠤᠨ᠎ᠠ᠃ ᠲᠤᠬᠠᠶᠢᠯᠠᠭᠰᠠᠨ ᠠᠵᠢᠯ ᠤᠨ ᠰᠢᠰᠲ᠋ᠧᠮ ᠢ ᠰᠢᠯᠢᠨ ᠰᠣᠩᠭᠤᠬᠤ ᠪᠠᠷ ᠳᠠᠮᠵᠢᠨ ᠬᠤᠭᠤᠴᠠᠭ᠎ᠠ ᠠᠴᠠ ᠬᠡᠲᠦᠷᠡᠬᠦ ᠦᠭᠡᠶ ᠬᠥᠮᠦᠰ ᠢ ᠣᠬᠤᠷ ᠮᠡᠳᠡᠭᠡ ᠶᠠᠪᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠭᠦᠨ ᠳᠤ ᠡᠷᠬᠡᠪᠰᠢ ᠴᠠᠭ ᠲᠤᠬᠠᠶ ᠳᠤᠨᠢ ᠭᠡᠷᠡᠴᠢᠯᠡᠭᠡ ᠬᠢᠬᠦ ᠶᠢ ᠰᠠᠨᠠᠭᠤᠯᠤᠨ᠎ᠠ᠃ ᠣᠷᠳᠣ ᠬᠤᠭᠤᠴᠠᠭ᠎ᠠ ᠪᠠᠷ ᠭᠡᠷᠡᠴᠢᠯᠡᠭᠡ ᠬᠢᠭᠡ ᠥᠬᠡᠶ ᠬᠥᠮᠦᠰ ᠲᠤ ᠪᠠᠰᠠ ᠡᠬᠡ ᠲᠠᠩᠰᠠ ᠪᠠᠶᠢᠭᠤᠯᠤᠨ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠬᠤ ᠪᠣᠯᠤᠨ᠎ᠠ᠃      ᠣᠳᠣᠬᠠᠨ ᠪᠣᠯᠲᠠᠯ᠎ᠠ᠂ ᠴᠢᠩᠱᠠᠨ ᠲᠣᠭᠤᠷᠢᠭ ᠤᠨ ᠨᠠᠰᠤᠵᠢᠯ ᠤᠨ ᠳᠠᠭᠠᠳᠬᠠᠯ ᠤᠨ ᠣᠯᠭᠤᠮᠵᠢ ᠠᠪᠬᠤ ᠬᠢᠷᠢ ᠬᠡᠮ ᠤᠨ ᠭᠡᠷᠡᠴᠢᠯᠡᠯ ᠢ ᠨᠢᠭᠡᠨᠲᠡ 17043 ᠬᠥᠮᠦᠨ ᠪᠡᠶᠡᠯᠡᠭᠦᠯᠵᠦ᠂ ᠭᠡᠷᠡᠴᠢᠯᠡᠯ ᠤᠨ ᠨᠣᠷᠮ᠎ᠠ ᠨᠢ 80% ᠳᠤ ᠬᠦᠷᠴᠦ᠂ ︽ᠤᠷᠲᠤᠳᠬᠠᠬᠤ ᠮᠠᠶ᠋ᠢᠭ︾  ᠤᠨ ᠭᠡᠷᠡᠴᠢᠯᠡᠯ ᠤᠨ ᠲᠣᠭᠲᠠᠴᠠ ᠶᠢ ᠨᠠᠶᠢᠳᠠᠪᠤᠷᠢᠵᠢᠭᠤᠯᠤᠭᠰᠠᠨ ᠠᠩᠬᠠᠨ ᠤ ᠠᠮᠵᠢᠯᠲᠠ ᠣᠯᠪᠠ᠃ ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠡᠷᠡᠴᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠥᠷᠭᠡᠨ ᠣᠯᠠᠨ ᠠᠵᠢᠯ ᠠᠴᠠ ᠪᠠᠨ ᠠᠮᠠᠷᠠᠭᠰᠠᠳ ᠲᠤ ᠨᠠᠩ ᠳᠥᠭᠦᠮ ᠳᠥᠲᠡ᠂ ᠥᠪᠡᠷᠮᠢᠴᠡ ᠦᠢᠯᠡᠴᠢᠯᠡᠭᠡ ᠬᠠᠩᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号