ᠴᠢᠩᠱᠠᠨ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠳᠣᠯᠣᠭᠠᠨ ᠰᠠᠷ᠎ᠠ ᠶᠢᠨ ᠨᠢᠭᠡᠨ ᠢ ᠪᠡᠯᠭᠡᠯᠡᠬᠦ ᠭᠤᠣᠯ ᠰᠡᠳᠦᠪᠲᠦ ᠳᠠᠭᠤᠤ ᠬᠥᠭᠵᠢᠮ ᠤᠨ ᠨᠠᠶᠢᠷ ᠢ ᠡᠷᠬᠢᠯᠡᠪᠡ
ᠨᠡᠶᠢᠲᠡᠯᠡᠭᠰᠡᠨ ᠴᠠᠭ᠄
2024/7/1
      ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠵᠦ᠂ ᠣᠯᠠᠨ ᠲᠦᠮᠡᠨ ᠤ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 6 ᠰᠠᠷ᠎ᠠ ᠶᠢᠨ 29 ᠤ ᠡᠳᠦᠷ᠂ ᠴᠢᠩᠱᠠᠨ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠵᠧᠩ ᠰᠢᠶᠠᠩ ᠸᠠᠨ ᠳᠤ ︽ᠢᠷᠡᠭᠡᠳᠦᠢ ᠢ ᠤᠭᠲᠤᠵᠤ ᠤᠭ ᠰᠠᠨᠠᠭ᠎ᠠ ᠪᠠᠨ ᠪᠠᠲᠤᠯᠠᠶ᠎ᠠ︾ ᠭᠡᠬᠦ ᠲᠤᠯᠤᠭᠠᠨ ᠰᠠᠷ᠎ᠠ ᠶᠢᠨ ᠨᠢᠭᠡᠨ ᠤ ᠭᠤᠤᠯ ᠰᠡᠳᠦᠪᠲᠦ ᠳᠠᠭᠤᠤ ᠬᠥᠭᠵᠢᠮ ᠤᠨ ᠨᠠᠶᠢᠷ ᠬᠢᠪᠡ᠃      ᠪᠦᠬᠦ᠋ᠢᠯᠡ ᠲᠣᠭᠯᠠᠯᠲᠠ ᠨᠢ ᠠᠭᠤᠯᠭ᠎ᠠ ᠪᠠᠶᠠᠯᠢᠭ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠪᠠᠶᠢᠵᠤ᠂ ᠣᠯᠠᠨ ᠳᠤ ᠲᠠᠭᠠᠯᠠᠮᠵᠢᠲᠠᠢ ᠳᠠᠭᠤᠣ ᠠᠴᠠ ᠭᠠᠳᠠᠨ᠎ᠠ ᠪᠠᠰᠠ ᠰᠣᠩᠭᠤᠳᠠᠭ ᠤᠯᠤᠰ ᠤᠨ ᠬᠥᠭᠵᠢᠮ ᠪᠠᠶᠢᠨ᠎ᠠ᠃ ᠲᠣᠭᠯᠠᠯᠲᠠ ᠨᠢ ︽ᠮᠠᠯᠢᠺᠠ ᠶᠢᠨ ᠴᠡᠴᠡᠭ︾᠂ ︽ᠳ᠋ᠠᠪᠠᠨ ᠤ ᠬᠤᠲᠠ ᠶᠢᠨ ᠬᠡᠦᠬᠡᠨ︾᠂ ︽ᠬᠠᠬᠢᠷ ᠬᠦᠢᠲᠡᠨ ᠣᠷᠳᠣᠨ︾ ᠭᠡᠬᠦ ᠬᠥᠭᠵᠢᠮ ᠢᠶᠠᠷ ᠬᠥᠰᠢᠭᠡ ᠪᠠᠨ ᠨᠡᠭᠡᠭᠡᠵᠦ᠂ ᠭᠤᠴᠣᠯᠠᠯ ᠳᠠᠭᠤᠤ ︽ᠪᠢ ᠪᠣᠯ ᠳᠤᠮᠳᠠᠳᠤ ᠶᠢᠨ ᠬᠥᠮᠦᠨ︾᠂ ︽ᠠᠯᠲᠠᠨ ᠥᠯᠥᠭᠡᠶ︾ ᠭᠡᠬᠦ ᠳᠠᠭᠤᠤ ᠨᠢ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠢᠯᠡᠳᠬᠡᠵᠦ᠂ ︽ᠬᠥᠬᠡ ᠣᠭᠲᠠᠷᠭᠤᠶ︾᠂ ︽ᠭᠡᠭᠡᠨᠴᠢᠷᠲᠦ ᠬᠠᠲᠤᠨ︾᠂ ︽ᠳᠡᠭᠡᠳᠦ︾᠂ ︽ᠴᠡᠴᠡᠭ ᠬᠠᠮᠠᠭᠠᠯᠠᠬᠤ ᠡᠯᠴᠢᠳ︾ ᠵᠡᠷᠭᠡ ᠲᠣᠭᠯᠠᠯᠲᠠ ᠨᠢ ᠲᠤᠬᠠᠶ ᠶᠢᠨ ᠲᠠᠯᠠᠪᠠᠶ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠤ᠂ ᠬᠠᠮᠤᠭ ᠡᠴᠦᠰ ᠤᠨ ︽ᠲᠠᠯ᠎ᠠ ᠨᠤᠲᠤᠭ ᠤᠨ ᠥᠷᠯᠥᠭᠡ ᠶᠢᠨ ᠳᠠᠭᠤᠤ︾ ᠨᠢ ᠨᠠᠩ ᠴᠤ ᠦᠵᠡᠭᠴᠢᠳ ᠤᠨ ᠨᠠᠶᠢᠷᠠᠯ ᠳᠠᠭᠤᠤ ᠶᠢ ᠲᠠᠲᠠᠭᠰᠠᠨ ᠪᠠᠶᠢᠨ᠎ᠠ᠃      ᠪᠦᠬᠦ᠋ᠢᠯᠡ ᠲᠣᠭᠯᠠᠯᠲᠠ ᠨᠢ ᠡᠯᠪᠡᠭ ᠪᠠᠶᠠᠯᠢᠭ ᠤᠯᠠᠨ ᠶᠠᠩᠵᠤ ᠶᠢᠨ ᠲᠣᠭᠯᠠᠯᠲᠠ ᠪᠠᠷ ᠨᠠᠮ ᠢᠶᠠᠨ ᠬᠠᠶᠢᠷᠠᠯᠠᠵᠤ ᠨᠠᠮ ᠢᠶᠠᠨ ᠬᠦᠨᠳᠦᠳᠬᠡᠬᠦ᠂ ᠡᠷᠡᠯᠬᠡᠭᠯᠡᠨ ᠤᠷᠤᠭᠰᠢᠯᠠᠬᠤ ᠣᠪᠣᠷ ᠪᠠᠶᠢᠳᠠᠯ᠂ ᠪᠣᠳᠠᠲᠠᠢ ᠠᠵᠢᠯᠯᠠᠬᠤ ᠪᠠᠶᠢᠳᠠᠯ ᠢᠶᠠᠷ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠤᠨ ᠦᠨᠡᠨ ᠪᠣᠳᠠᠲᠠᠢ ᠬᠠᠶᠢᠷ᠎ᠠ ᠰᠡᠳᠬᠢᠯᠭᠡ ᠪᠠ ᠤᠶᠤᠨ ᠰᠠᠨᠠᠭᠠᠨ ᠤ ᠳᠦᠷᠰᠦ ᠪᠠᠶᠢᠳᠠᠯ ᠢ ᠲᠠᠶᠢᠯᠪᠤᠷᠢᠯᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠭᠤᠶᠢᠳᠠ ᠰᠠᠶᠢᠬᠠᠨ ᠬᠠᠷᠠᠭ᠎ᠠ ᠰᠣᠨᠣᠷ ᠤᠨ ᠦᠪᠡᠳᠡᠭᠰᠢ ᠨᠠᠶᠢᠷ ᠢ ᠢᠯᠡᠷᠡᠭᠦᠯᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号