ᠬᠠᠷᠰᠢᠮᠠᠲᠠᠭᠠᠢ ᠡᠪᠡᠳᠴᠢᠨ ᠢ ᠰᠡᠷᠭᠡᠶᠢᠯᠡᠵᠦ    ᠡᠷᠡᠭᠦᠯ ᠠᠮᠢᠳᠤᠷᠠᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2024/7/10
      ᠬᠠᠷᠰᠢᠮᠠᠲᠠᠭᠠᠶ ᠴᠢᠨᠠᠷᠲᠠᠶ ᠡᠪᠡᠳᠴᠢᠨ ᠡᠮᠭᠡᠭ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ 7 ᠰᠠᠷ᠎ᠠ ᠶᠢᠨ 8 ᠤ ᠡᠳᠦᠷ᠂ ᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠶᠢᠨ ᠭᠡᠷᠡᠯ ᠭᠡᠭᠡ ᠨᠡᠶᠢᠭᠡᠮ ᠲᠣᠭᠤᠷᠢᠭ ︽ᠬᠠᠷᠰᠢᠮᠠᠲᠠᠭᠠᠶ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ   ᠡᠷᠡᠭᠦᠯ ᠴᠢᠭᠢᠷᠠᠭ ᠠᠮᠢᠳᠤᠷᠠᠯ ᠢ ᠠᠬᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠠᠵᠢᠯᠲᠠᠨ ᠬᠠᠷᠰᠢᠮᠠᠲᠠᠭᠠᠶ ᠡᠪᠡᠳᠴᠢᠨ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠠᠷᠭ᠎ᠠ ᠬᠡᠯᠪᠡᠷᠢ ᠪᠠᠷ ᠲᠣᠭᠤᠷᠢᠭ ᠤᠨ ᠰᠠᠭᠤᠭᠠᠯᠢ ᠠᠷᠠᠳ ᠲᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠲᠤ ᠬᠡᠲᠦ ᠬᠠᠷᠰᠢᠮᠠᠲᠠᠭᠠᠶ ᠡᠪᠡᠳᠴᠢᠨ ᠢ ᠠᠯᠢ ᠴᠢᠳᠠᠬᠤ ᠪᠠᠷ ᠵᠠᠶᠢᠯᠠᠰᠬᠢᠵᠦ᠂ ᠴᠡᠴᠡᠭ ᠤᠨ ᠲᠣᠭᠤᠰᠣᠨ ᠤ ᠥᠳᠬᠡᠴᠡ ᠨᠢ ᠨᠡᠯᠢᠶᠡᠳ ᠥᠨᠳᠥᠷ ᠴᠠᠭ ᠦᠶ᠎ᠡ ᠳᠤ ᠭᠠᠳᠠᠭᠰᠢ ᠭᠠᠷᠬᠤ ᠠᠵᠢᠯᠯᠠᠭ᠎ᠠ ᠶᠢ  ᠪᠠᠭᠠᠰᠬᠠᠵᠦ᠂ ᠬᠡᠷᠪᠡ ᠡᠷᠬᠡᠪᠰᠢ ᠭᠠᠳᠠᠭᠰᠢ ᠭᠠᠷᠬᠤ ᠴᠢᠬᠤᠯᠠᠲᠠᠢ ᠪᠤᠯ ᠠᠮᠠᠪᠴᠢ ᠪᠠ ᠮᠠᠯᠠᠭᠠᠢ ᠵᠡᠭᠦᠬᠦ ᠵᠡᠷᠭᠡ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠴᠦ ᠪᠤᠯᠤᠨ᠎ᠠ᠃ ᠰᠠᠭᠤᠭᠠᠯᠢ ᠠᠷᠠᠳ ᠲᠤ ᠢᠳᠡᠭᠡᠨ ᠤᠮᠳᠠᠭᠠᠨ ᠤ ᠲᠣᠬᠢᠷᠠᠭᠤᠯᠭ᠎ᠠ ᠶᠢ ᠴᠢᠬᠤᠯᠠᠴᠢᠯᠠᠵᠤ᠂ ᠡᠩ ᠤᠨ ᠦᠶ᠎ᠡ ᠳᠤ ᠰᠢᠨ᠎ᠡ ᠰᠣᠷᠭᠤᠭ ᠵᠢᠮᠢᠰ ᠪᠠ ᠢᠳᠡᠰᠢᠨ ᠨᠣᠭᠤᠭ᠎ᠠ ᠶᠢ ᠰᠢᠩᠭᠡᠭᠡᠬᠦ ᠠᠵᠢᠯ ᠢ ᠨᠡᠮᠡᠭᠳᠡᠭᠦᠯᠵᠦ᠂ ᠪᠡᠶ᠎ᠡ ᠶᠢᠨ ᠳᠠᠷᠬᠠᠯᠠᠭ᠎ᠠ ᠶᠢ ᠨᠡᠮᠡᠭᠳᠡᠭᠦᠯᠵᠦ᠂ ᠬᠠᠷᠰᠢᠮᠠᠲᠠᠭᠠᠶ ᠡᠭᠦᠰᠬᠦ ᠶᠢ ᠪᠠᠭᠠᠰᠬᠠᠬᠤ ᠬᠡᠷᠡᠭᠲᠡᠶ ᠭᠡᠵᠦ ᠰᠠᠨᠠᠭᠤᠯᠪᠠ᠃      ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠷᠰᠢᠮᠠᠲᠠᠭᠠᠢ ᠡᠪᠡᠳᠴᠢᠨ ᠡᠮᠭᠡᠭ ᠤᠨ ᠲᠤᠬᠠᠶ ᠲᠠᠨᠢᠯᠲᠠ ᠶᠢ ᠨᠡᠮᠡᠭᠳᠡᠭᠦᠯᠵᠦ᠂ ᠬᠠᠷᠰᠢᠮᠠᠲᠠᠭᠠᠶ ᠡᠪᠡᠳᠴᠢᠨ ᠡᠮᠭᠡᠭ ᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠭᠡᠷᠡᠯ ᠭᠡᠭᠡ ᠨᠡᠶᠢᠭᠡᠮ ᠲᠣᠭᠤᠷᠢᠭ ᠦᠷᠭᠦᠯᠵᠢᠯᠡᠨ ᠬᠠᠷᠢᠶᠠᠲᠤ ᠣᠷᠣᠨ ᠤ ᠣᠯᠠᠨ ᠲᠦᠮᠡᠨ ᠳᠤ ᠡᠯ᠎ᠡ ᠲᠥᠷᠥᠯ ᠤᠨ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠬᠠᠩᠭᠠᠵᠤ᠂ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号