2024 ᠣᠨ ᠤ ᠳᠡᠭᠡᠷ᠎ᠡ ᠬᠠᠭᠠᠰ ᠵᠢᠯ ᠳᠤ᠂ ᠴᠢᠩᠱᠠᠨ ᠲᠣᠭᠤᠷᠢᠭ ᠤᠨ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠨᠡᠶᠢᠲᠡ 13.18 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 5.04% ᠨᠡᠮᠡᠭᠳᠡᠪᠡ᠃ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ ᠨᠡᠶᠢᠲᠡ 12. | 64 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.43% ᠪᠠᠷ ᠨᠡᠮᠡᠭᠳᠡᠨ᠂ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 95.9% ᠶᠢ ᠡᠵᠡᠯᠡᠪᠡ︔ ᠭᠠᠶᠢᠯᠢ ᠶᠢᠨ ᠪᠤᠰᠤ | ᠣᠷᠣᠯᠭ᠎ᠠ ᠨᠡᠶᠢᠲᠡ 0.54 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 39. | 34% ᠪᠠᠷ ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 4.1% ᠶᠢ ᠡᠵᠡᠯᠡᠪᠡ᠃ | ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠨᠡᠶᠢᠲᠡ 19.09 ᠳ᠋ᠦᠩᠰᠢᠭᠤᠷ ᠲᠥᠭᠦᠷᠢᠭ | ᠪᠡᠶᠡᠯᠡᠭᠦᠯᠪᠡ᠂ ᠡᠭᠦᠨ ᠳᠤ᠄ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠤᠨ | ᠠᠮᠢᠳᠤᠷᠠᠯ ᠤᠨ ᠵᠠᠷᠤᠯᠭ᠎ᠠ ᠨᠡᠶᠢᠲᠡ 8.17 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ | ᠳᠣᠣᠷ᠎ᠠ ᠬᠠᠭᠠᠰ ᠵᠢᠯ ᠳᠤ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠬᠠᠷᠢᠭᠤᠴᠠᠯᠭ᠎ᠠ ᠶᠢᠨ | ᠤᠬᠠᠮᠰᠠᠷ᠂ ᠬᠠᠷᠠᠯᠲᠠ ᠶᠢᠨ ᠤᠬᠠᠮᠰᠠᠷ ᠪᠠ ᠨᠡᠮᠡᠭᠳᠡᠯ ᠤᠨ ᠤᠬᠠᠮᠰᠠᠷ ᠢᠶᠠᠨ ᠦᠷᠭᠦᠯᠵᠢᠯᠡᠨ ᠴᠢᠩᠭᠠᠳᠭᠠᠵᠤ᠂ ᠦᠨᠡᠨ ᠬᠦ | ᠠᠳᠬᠤᠵᠦ᠂ ᠨᠢᠭᠡ ᠲᠠᠯ᠎ᠠ ᠪᠠᠷ ᠬᠢᠨᠠᠨ ᠰᠢᠯᠭᠠᠬᠤ ᠬᠠᠷᠠᠯᠲᠠ ᠶᠢ ᠴᠢᠩᠭ᠎ᠠ ᠠᠩᠬᠠᠷᠴᠤ᠂ ᠭᠠᠶᠢᠯᠢ ᠶᠢᠨ ᠶᠠᠪᠤᠳᠠᠯ ᠤᠨ | ᠰᠠᠯᠠᠭ᠎ᠠ ᠮᠥᠴᠢᠷ ᠲᠠᠢ ᠨᠢᠭᠲᠠ ᠬᠠᠷᠢᠯᠴᠠᠵᠤ᠂ ᠵᠠᠩᠭᠢᠯᠠᠭ᠎ᠠ ᠶᠢᠨ ᠴᠠᠭ ᠤᠨ ᠣᠷᠣᠯᠭ᠎ᠠ ᠶᠢ ᠠᠩᠬᠠᠷᠴᠦ᠂ ᠳᠡᠰ | ᠳᠠᠷᠠᠭᠠᠯᠠᠯ ᠤᠨ ᠱᠠᠭᠠᠷᠳᠠᠯᠭ᠎ᠠ ᠶᠢ ᠴᠢᠩᠭ᠎ᠠ ᠳᠠᠭᠠᠵᠤ᠂ ᠪᠦᠬᠦ ᠵᠢᠯ ᠤᠨ ᠡᠳ᠋ ᠤᠨ ᠵᠠᠰᠠᠭ ᠤᠨ ᠣᠷᠣᠯᠭ᠎ᠠ ᠶᠢᠨ ᠪᠣᠭᠤᠮᠲᠠ | ᠰᠢᠪᠲᠤᠯᠠᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠨᠥᠭᠦᠭᠡ ᠲᠠᠯ᠎ᠠ ᠪᠠᠷ ᠵᠠᠷᠤᠯᠭ᠎ᠠ ᠶᠢ | ᠴᠢᠩᠭ᠎ᠠ ᠬᠠᠮᠢᠶᠠᠷᠴᠤ᠂ ᠠᠷᠪᠢᠯᠠᠨ ᠭᠠᠮᠨᠠᠬᠤ ᠶᠢ ᠡᠷᠡᠰ ᠬᠡᠷᠡᠭᠵᠢᠭᠦᠯᠦᠨ᠂ ᠵᠠᠷᠤᠯᠭ᠎ᠠ ᠶᠢᠨ ᠪᠣᠭᠤᠮᠲᠠ ᠶᠢ ᠴᠢᠩᠭ᠎ᠠ | ᠠᠳᠬᠤᠵᠤ᠂ ᠡᠭᠦᠨ ᠤ ᠬᠠᠮᠲᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠵᠠᠷᠤᠯᠭ᠎ᠠ ᠶᠢ ᠴᠢᠩᠭᠠᠳᠬᠠᠵᠤ᠂ | ︽ᠵᠢᠷᠭᠤᠭ᠎ᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠴᠣᠭᠴᠠᠯᠠᠨ᠎ᠠ᠃ |