ᠣᠶᠢᠷ᠎ᠠ ᠶᠢᠨ ᠵᠢᠯ ᠤᠨ ᠲᠤᠷᠰᠢ᠂ ᠴᠢᠩᠱᠠᠨ ᠲᠣᠭᠤᠷᠢᠭ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠴᠢᠷᠳᠡᠯᠲᠡᠢ ᠬᠥᠮᠦᠰ ᠢ | ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠡᠯ᠎ᠡ ᠲᠥᠷᠥᠯ ᠤᠨ ᠬᠦᠴᠢᠷᠳᠡᠯᠲᠡᠢ | ᠬᠥᠮᠦᠰ ᠤᠨ ᠪᠠᠶᠢᠳᠠᠯ ᠢ ᠨᠠᠷᠢᠨ ᠬᠢᠨᠠᠮᠠᠭᠠᠢ ᠡᠮᠬᠢᠯᠡᠨ ᠬᠠᠷᠭᠤᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠵᠡᠮᠳᠡᠭᠴᠦᠳ ᠤᠨ ᠬᠤᠯᠪᠣᠭ᠎ᠠ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ | ᠬᠠᠷᠢᠴᠠᠭᠤᠯᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ | ᠣᠷᠣᠯᠴᠠᠬᠤ ᠨᠥᠬᠦᠴᠡᠯ ᠳᠤ ᠨᠡᠶᠢᠴᠡᠬᠦ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠬᠦ ᠡᠲᠡᠭᠡᠳ᠂ ᠣᠨᠴᠠ | ᠬᠦᠴᠢᠷᠳᠡᠯᠲᠡᠢ ᠬᠥᠮᠦᠰ᠂ ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠵᠡᠷᠭᠡ ᠰᠦᠢᠳᠬᠡᠯ ᠲᠤᠰᠢᠶᠠᠭᠰᠠᠨ | ᠬᠦᠴᠢᠷᠳᠡᠯᠲᠡᠢ ᠬᠠᠮᠲᠤᠯᠢᠭ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠠᠴᠠ 100 | ᠲᠥᠭᠦᠷᠢᠭ ᠤᠨ ᠪᠠᠷᠢᠮᠵᠢᠶ᠎ᠠ ᠪᠠᠷ ᠨᠠᠰᠤᠵᠢᠯ ᠤᠨ ᠳᠠᠭᠠᠳᠬᠠᠯ ᠤᠨ ᠰᠦᠢᠳᠬᠡᠯ ᠢ ᠣᠷᠣᠯᠠᠨ ᠲᠤᠰᠢᠶᠠᠨ᠎ᠠ︔ ᠬᠦᠨᠳᠦ | ᠵᠡᠮᠳᠡᠭᠴᠦᠳ ᠢ ᠵᠠᠰᠠᠭ ᠤᠨ ᠣᠷᠳᠣᠨ ᠠᠴᠠ 200 ᠲᠥᠭᠦᠷᠢᠭ ᠤᠨ ᠪᠠᠷᠢᠮᠵᠢᠶ᠎ᠠ ᠪᠠᠷ ᠨᠠᠰᠤᠵᠢᠯ ᠤᠨ ᠳᠠᠭᠠᠳᠬᠠᠯ ᠤᠨ | ᠰᠦᠢᠳᠬᠡᠯ ᠢ ᠣᠷᠣᠯᠠᠨ ᠲᠤᠰᠢᠶᠠᠨ᠎ᠠ᠃ ᠣᠳᠣ ᠪᠣᠯᠲᠠᠯ᠎ᠠ᠂ ᠬᠦᠴᠢᠷᠳᠡᠯᠲᠡᠢ 539 ᠣᠯᠠᠨ ᠲᠦᠮᠡᠨ ᠳᠤ 9.36 | ᠲᠦᠮᠡᠨ ᠲᠥᠭᠦᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠵᠠᠷᠤᠳᠠᠯ ᠢ | ᠣᠷᠣᠯᠠᠨ ᠲᠤᠰᠢᠶᠠᠵᠤ ᠥᠭᠴᠡᠢ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠴᠢᠷᠳᠡᠯᠲᠡᠢ ᠨᠡᠶᠢᠲᠡ ᠴᠣᠭᠴᠠ ᠶᠢᠨ ᠨᠠᠰᠤᠵᠢᠯ ᠤᠨ | ᠳᠠᠭᠠᠳᠬᠠᠯ ᠢ ᠣᠷᠣᠯᠠᠨ ᠲᠤᠰᠢᠶᠠᠬᠤ ᠪᠣᠯ ᠨᠢᠭᠡ ᠵᠦᠢᠯ ᠤᠨ ᠴᠢᠬᠤᠯᠠ ᠨᠡᠶᠢᠭᠡᠮ ᠤᠨ ᠪᠠᠲᠤᠯᠠᠭ᠎ᠠ ᠶᠢᠨ ᠠᠷᠭ᠎ᠠ | ᠬᠡᠮᠵᠢᠶ᠎ᠡ ᠪᠣᠯᠬᠤ ᠪᠥᠭᠡᠳ ᠨᠡᠶᠢᠭᠡᠮ ᠤᠨ ᠡᠷᠬᠡ ᠲᠡᠭᠰᠢ ᠡᠶ᠎ᠡ ᠵᠣᠬᠢᠴᠠᠯ ᠲᠠᠢ ᠪᠠᠶᠢᠬᠤ ᠶᠢ ᠠᠬᠢᠭᠤᠯᠵᠤ᠂ ᠬᠦᠴᠢᠷᠳᠡᠯᠲᠡᠢ | ᠨᠡᠶᠢᠲᠡ ᠴᠣᠭᠴᠠ ᠶᠢᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯᠲᠡᠢ | ᠬᠥᠮᠦᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠢ ᠣᠷᠣᠯᠠᠨ ᠲᠤᠰᠢᠶᠠᠬᠤ | ᠠᠵᠢᠯ ᠢ ᠥᠷᠭᠡᠨ ᠢᠶᠠᠷ ᠤᠬᠠᠭᠤᠯᠤᠨ᠎ᠠ᠃ ᠣᠷᠣᠯᠠᠨ ᠲᠤᠰᠢᠶᠠᠬᠤ ᠡᠲᠡᠭᠡᠳ ᠤᠨ ᠬᠥᠳᠡᠯᠦᠩᠭᠦᠢ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠷᠣᠯᠠᠨ ᠲᠤᠰᠢᠶᠠᠬᠤ ᠶᠣᠰᠣᠲᠠᠢ ᠶᠢ ᠨᠢ ᠴᠥᠮ ᠣᠷᠣᠯᠠᠭᠤᠯᠬᠤ ᠶᠢ | ᠦᠨᠡᠨᠬᠦ ᠪᠠᠲᠤᠯᠠᠵᠤ᠂ ᠬᠦᠴᠢᠷᠳᠡᠯᠲᠡᠢ ᠬᠥᠮᠦᠰ ᠤᠨ ᠳᠠᠭᠠᠳᠬᠠᠯ ᠠᠴᠠ ᠭᠠᠷᠬᠤ᠂ ᠳᠠᠭᠠᠳᠬᠠᠯ ᠤᠨ ᠪᠠᠶᠢᠳᠠᠯ ᠭᠠᠷᠬᠤ ᠶᠢ | ᠴᠢᠩᠭ᠎ᠠ ᠰᠡᠷᠭᠡᠶᠢᠯᠡᠨ᠎ᠡ᠃ | | | | |