ᠴᠢᠩᠱᠠᠨ ᠵᠠᠮ ᠤᠨ ᠵᠡᠭᠡᠯᠢ ᠭᠤᠳᠤᠮᠵᠢ ᠶᠢᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ︽ᠰᠢᠨ᠎ᠡ | ᠴᠤᠩᠬᠤᠪᠴᠢ ᠶᠢ ᠪᠠᠶᠢᠭᠤᠯᠵᠤ᠂ ᠰᠢᠨ᠎ᠡ ᠲᠦᠷᠢ ᠲᠥᠷᠬᠦ ᠶᠢ ᠪᠤᠢ ᠪᠣᠯᠭᠠᠵᠤ᠂ ᠦᠢᠯᠡᠴᠢᠯᠡᠭᠡᠨ ᠤ ᠣᠪᠣᠷ ᠢᠶᠠᠨ | ᠰᠠᠶᠢᠵᠢᠷᠠᠭᠤᠯᠬᠤ︾ ᠠᠴᠠ ᠭᠠᠷᠳᠠᠵᠤ᠂ ᠨᠠᠷᠢᠨ ᠵᠦᠢᠯᠡᠰ ᠢ ᠴᠢᠩᠭ᠎ᠠ ᠠᠳᠬᠤᠵᠤ᠂ ᠦᠢᠯᠡᠴᠢᠯᠡᠭᠡᠨ ᠤ ᠠᠷᠭ᠎ᠠ | ᠬᠡᠮᠵᠢᠶ᠎ᠡ ᠶᠢ ᠬᠡᠷᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠨᠢᠭᠡ ᠳᠤ᠂ ᠤᠯᠠᠨ ᠲᠦᠮᠡᠨ ᠢ ᠬᠠᠯᠠᠭᠤᠨ ᠢᠶᠠᠷ ᠬᠦᠯᠢᠶᠡᠨ ᠠᠪᠤᠪᠠ᠃ ᠲᠤᠬᠠᠶᠢᠯᠠᠭᠰᠠᠨ ᠠᠵᠢᠯ ᠢᠶᠠᠨ | ᠬᠦᠢᠴᠡᠳᠬᠡᠬᠦ ᠪᠠᠷ ᠢᠷᠡᠭᠰᠡᠨ ᠣᠯᠠᠨ ᠲᠦᠮᠡᠨ ᠨᠢᠭᠡᠪᠦᠷᠢ ᠶᠢ ᠬᠠᠯᠠᠭᠤᠨ ᠢᠶᠠᠷ ᠵᠣᠴᠢᠯᠠᠵᠤ᠂ ︽ᠡᠭᠦᠳᠡ ᠪᠠᠷ | ᠣᠷᠣᠬᠤ ᠳᠤ ᠬᠦᠴᠢᠷ︾ ᠢ ᠲᠦᠢᠯᠪᠤᠷᠢᠲᠠᠶ ᠬᠤᠷᠢᠭᠯᠠᠵᠤ᠂ ᠣᠯᠠᠨ ᠲᠦᠮᠡᠨ ᠳᠤ ᠰᠠᠶᠢᠨ ᠢᠶᠠᠷ ᠦᠢᠯᠡᠴᠢᠯᠡᠬᠦ ᠠᠭᠤᠷ | ᠠᠮᠢᠰᠬᠤᠯ ᠢ ᠪᠣᠶ ᠪᠤᠯᠭᠠᠨ᠎ᠠ᠃ ᠬᠤᠶᠠᠷ ᠲᠤ᠂ ᠬᠦᠯᠢᠴᠡᠩᠭᠦᠶ ᠪᠠᠷ ᠤᠬᠠᠭᠤᠯᠤᠨ ᠲᠠᠶᠢᠯᠪᠦᠷᠢᠯᠠᠨ᠎ᠠ᠃ ᠣᠯᠠᠨ ᠲᠦᠮᠡᠨ ᠳᠤ | ᠳᠦᠷᠢᠮ ᠢ ᠤᠬᠠᠭᠤᠯᠬᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠣᠯᠠᠨ | ᠲᠦᠮᠡᠨ ᠤ ᠠᠰᠠᠭᠤᠨ ᠯᠠᠪᠯᠠᠬᠤ ᠠᠰᠠᠭᠤᠳᠠᠯ ᠳᠤ ᠬᠦᠯᠢᠴᠡᠩᠭᠦᠢ ᠪᠠᠷ ᠬᠠᠷᠢᠭᠤᠯᠲᠠ ᠥᠭᠴᠦ᠂ ᠠᠵᠢᠯᠲᠠᠳ ᠤᠨ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠶᠢᠷ᠎ᠠ ᠶᠢᠨ ᠬᠤᠭᠤᠴᠠᠭᠠᠨ ᠳᠤ ᠠᠵᠢᠯ ᠣᠯᠵᠤ ᠠᠳᠠᠯ | ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠪᠠ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ 7 ᠲᠠᠯᠠᠪᠤᠷ ᠠᠵᠢᠯᠯᠠᠭ᠎ᠠ ᠶᠢ ᠥᠷᠨᠢᠭᠦᠯᠵᠦ᠂ ᠨᠡᠶᠢᠲᠡ 300 ᠭᠠᠷᠤᠶ | ᠬᠤᠪᠢ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠣᠯᠠᠨ ᠲᠦᠮᠡᠨ ᠤ ᠲᠤᠬᠠᠶ ᠶᠢᠨ ᠲᠠᠯᠠᠪᠤᠷ ᠤᠨ ᠯᠠᠪᠯᠠᠭ᠎ᠠ ᠶᠢ | 220 ᠭᠠᠷᠤᠶ ᠤᠳᠠᠭ᠎ᠠ ᠬᠦᠯᠢᠶᠡᠪᠡ᠃ ᠭᠤᠷᠪᠠ ᠳᠤ᠂ ᠲᠤᠬᠠᠶᠢᠯᠠᠭᠰᠠᠨ ᠠᠵᠢᠯ ᠢ ᠨᠠᠷᠢᠨ ᠬᠢᠨᠠᠮᠠᠭᠠᠢ ᠭᠦᠢᠴᠡᠳᠭᠡᠨ᠎ᠡ᠃ | ︽ᠳᠤᠲᠠᠭᠤ ᠨᠢᠭᠡ ᠤᠳᠠᠭ᠎ᠠ ᠭᠦᠶᠦᠬᠦ᠂ ᠳᠤᠲᠠᠭᠤ ᠨᠢᠭᠡ ᠤᠳᠠᠭ᠎ᠠ ᠵᠢᠭᠰᠠᠭᠠᠬᠤ᠂ ᠳᠤᠲᠠᠭᠤ ᠨᠢᠭᠡ ᠮᠢᠨᠦ᠋ᠲ ᠬᠦᠯᠢᠶᠡᠬᠦ︾ | ᠣᠶᠢᠯᠠᠭᠠᠭᠳᠠᠬᠤᠨ ᠶᠣᠰᠣᠭᠠᠷ᠂ ᠠᠵᠢᠯ ᠶᠠᠪᠤᠳᠠᠯ ᠡᠷᠬᠢᠯᠡᠬᠦ ᠲᠡᠰ ᠳᠠᠷᠠᠭᠠᠯᠠᠯ ᠶᠣᠰᠣᠭᠠᠷ᠂ ᠲᠤᠬᠠᠶᠢᠯᠠᠭᠰᠠᠨ ᠠᠵᠢᠯ ᠤᠨ | ᠲᠠᠯ᠎ᠠ ᠪᠠᠷ ᠬᠢ ᠭᠤᠭᠴᠤᠭ᠎ᠠ ᠨᠢᠭᠡᠪᠦᠷᠢ ᠶᠢ ᠬᠦᠯᠢᠴᠡᠩᠭᠦᠢ ᠪᠠᠷ ᠨᠠᠷᠢᠨ ᠨᠢᠮᠪᠠᠢ ᠰᠠᠶᠢᠲᠤᠷ ᠭᠦᠢᠴᠡᠳᠭᠡᠨ᠎ᠡ᠃ | ᠲᠦᠷᠪᠡ ᠳᠤ᠂ ᠬᠦᠴᠢᠷ ᠵᠣᠪᠠᠭᠤᠷᠢ ᠶᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ ᠦᠭᠭᠦᠨ᠎ᠡ᠃ ᠣᠲᠣ ᠪᠣᠯᠲᠠᠯ᠎ᠠ | 45 ᠬᠥᠮᠦᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠲᠤᠬᠠᠶᠢᠯᠠᠭᠰᠠᠨ | ᠠᠵᠢᠯ ᠢ ᠭᠦᠢᠴᠡᠳᠬᠡᠵᠦ᠂ 58 ᠬᠥᠮᠦᠨ ᠳᠤ ᠠᠵᠢᠯ ᠤᠯᠬᠤ ᠬᠦᠴᠢᠷᠳᠡᠯ ᠢ ᠮᠠᠭᠠᠳᠯᠠᠨ ᠲᠣᠭᠲᠠᠭᠠᠵᠤ᠂ 191 | ᠬᠥᠮᠦᠨ ᠳᠤ ᠰᠠᠭᠤᠭᠠᠯᠢ ᠠᠷᠠᠳ ᠤᠨ ᠰᠢᠨ᠎ᠡ ᠡᠮ ᠡᠮᠨᠡᠯᠭᠡ ᠶᠢᠨ ᠳᠠᠭᠠᠳᠬᠠᠯ ᠭᠦᠢᠴᠡᠳᠬᠡᠵᠦ ᠥᠭᠴᠡᠶ᠃ ᠤᠯᠠᠨ | ᠲᠦᠮᠡᠨ ᠤ ᠬᠠᠷᠠᠭᠠᠰᠤ ᠠᠴᠠ ᠠᠰᠠᠭᠤᠳᠠᠯ ᠢ ᠪᠣᠳᠣᠯᠬᠢᠯᠠᠨ᠂ ᠠᠰᠠᠭᠤᠳᠠᠯ ᠢ ᠰᠢᠢᠳᠪᠦᠷᠢᠯᠡᠵᠦ᠂ ᠦᠨᠡᠨ | ᠰᠡᠳᠬᠢᠯ ᠠᠴᠠ ᠪᠠᠨ ᠤᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ ᠬᠠᠮᠤᠭ ᠤᠨ ᠶᠡᠭᠡ ᠴᠢᠷᠮᠠᠶᠢᠯᠭ᠎ᠠ ᠪᠠᠷ ᠤᠯᠠᠨ | ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠣᠯᠠᠨ ᠲᠦᠮᠡᠨ ᠤ ᠰᠢᠢᠳᠪᠦᠷᠢᠯᠡᠬᠦ ᠴᠢᠬᠤᠯᠠᠲᠠᠢ | ᠤᠴᠢᠷ ᠶᠠᠪᠤᠳᠠᠯ ᠢ ᠠᠵᠢᠯᠲᠠᠳ ᠴᠠᠭ ᠲᠤᠬᠠᠢ ᠳᠤᠨᠢ ᠰᠢᠢᠳᠪᠦᠷᠢᠯᠡᠵᠦ᠂ ᠲᠦᠷ ᠴᠠᠭ ᠰᠢᠢᠳᠪᠦᠷᠢᠯᠡᠵᠦ ᠳᠡᠶᠢᠯᠬᠦ ᠦᠭᠡᠢ | ᠪᠣᠯ᠂ ᠴᠠᠭ ᠬᠢᠵᠠᠭᠠᠷᠯᠠᠨ ᠠᠮᠠᠯᠠᠯᠲᠠ ᠪᠠᠷ ᠭᠦᠢᠴᠡᠳᠬᠡᠵᠦ᠂ ᠰᠢᠢᠳᠪᠦᠷᠢᠯᠡᠵᠦ ᠳᠡᠶᠢᠯᠬᠦ ᠦᠭᠡᠢ ᠪᠣᠯ ᠲᠠᠶᠢᠯᠪᠤᠷᠢᠯᠠᠬᠤ | ᠠᠵᠢᠯ ᠢ ᠰᠠᠶᠢᠲᠤᠷ ᠬᠢᠵᠦ᠂ ︽ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤᠯᠲᠠ ᠥᠭᠬᠦ︾ | ᠶᠢ ᠪᠠᠲᠤᠯᠠᠬᠤ ᠬᠡᠷᠡᠭᠲᠡᠢ᠃ ᠲᠠᠪᠤ ᠳᠤ᠂ ᠬᠢᠨᠠᠯᠲᠠ ᠶᠢ ᠬᠦᠯᠢᠶᠡᠬᠦ ᠦᠨᠡᠨᠴᠢ ᠰᠡᠳᠬᠢᠯ᠃ ᠣᠯᠠᠨ ᠲᠦᠮᠡᠨ ᠤ ᠬᠢᠨᠠᠯᠲᠠ ᠶᠢ | ᠦᠨᠡᠨ ᠰᠡᠳᠬᠢᠯ ᠠᠴᠠ ᠪᠠᠨ ᠬᠦᠯᠢᠶᠡᠵᠦ᠂ ᠬᠢᠨᠠᠯᠲᠠ ᠲᠠᠯᠪᠢᠬᠤ ᠵᠠᠭᠠᠯᠳᠤᠬᠤ ᠤᠲᠠᠰᠤ ᠭᠠᠷᠭᠠᠨ᠎ᠠ᠃ ᠠᠵᠢᠯᠯᠠᠵᠤ | ᠠᠮᠠᠷᠠᠬᠤ ᠴᠠᠭ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠠᠴᠠ ᠪᠠᠨ ᠰᠠᠯᠵᠣ ᠲᠦᠷ ᠴᠠᠭ | ᠭᠠᠳᠠᠭᠰᠢ ᠭᠠᠷᠬᠤ ᠳᠤ ᠳᠠᠩᠰᠠᠯᠠᠨ ᠲᠡᠮᠳᠡᠭᠯᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠳ ᠤᠨ ᠳᠦᠷᠢᠮ | ᠲᠣᠭᠲᠠᠭᠠᠯ ᠢ ᠵᠢᠷᠤᠮᠯᠠᠨ ᠰᠠᠬᠢᠬᠤ ᠶᠢ ᠪᠦᠲᠦᠮᠵᠢᠲᠡᠢ ᠠᠬᠢᠭᠤᠯᠤᠨ᠎ᠠ᠃ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠮᠢᠶ᠎ᠠ ᠪᠦᠬᠦᠢ ᠳᠦᠷᠢᠮ ᠲᠣᠭᠲᠠᠭᠠᠯ ᠢ ᠲᠣᠭᠲᠠᠭᠠᠨ | ᠲᠡᠭᠦᠯᠳᠡᠷᠵᠢᠭᠦᠯᠵᠦ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠲᠣᠭᠲᠠᠭᠠᠵᠤ᠂ ᠳᠦᠷᠢᠮ ᠪᠠ ᠠᠵᠢᠯ ᠤᠨ | ᠲᠣᠭᠲᠠᠴᠠ ᠶᠢᠨ ᠲᠣᠭᠲᠠᠵᠤ ᠳᠡᠶᠢᠯᠬᠦ᠂ ᠨᠠᠶᠢᠳᠠᠪᠤᠷᠢᠲᠠᠢ᠂ ᠶᠠᠪᠤᠭᠳᠠᠭᠤᠰᠢᠲᠠᠢ ᠪᠠᠶᠢᠬᠤ ᠶᠢ ᠪᠠᠲᠤᠯᠠᠵᠤ᠂ ᠦᠨᠳᠦᠰᠦᠨ | ᠱᠠᠲᠤᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ | | | | | | |