ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠦᠨᠳᠦᠰᠦᠨ ᠱᠠᠲᠤᠨ ᠤ ᠨᠠᠮ ᠤᠨ ᠡᠭᠦᠷ ᠤᠨ ᠱᠦᠵᠢ ᠶᠢᠨ ᠪᠣᠯᠪᠠᠰᠤᠷᠠᠯ ᠤᠨ ᠠᠩᠭᠢ ᠡᠬᠢᠯᠡᠪᠡ︕
ᠨᠡᠶᠢᠲᠡᠯᠡᠭᠰᠡᠨ ᠴᠠᠭ᠄
2024/7/17
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠤᠯᠤᠰ ᠲᠦᠷᠦ ᠶᠢᠨ ᠵᠣᠭᠰᠣᠴᠠ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠦᠨᠳᠦᠰᠦᠨ ᠱᠠᠲᠤᠨ ᠤ ᠨᠠᠮ ᠤᠨ ᠡᠭᠦᠷ ᠤᠨ ᠱᠦᠵᠢ ᠶᠢᠨ ᠪᠣᠯᠪᠠᠰᠤᠷᠠᠯ ᠤᠨ ᠠᠩᠭᠢ ᠡᠷᠭᠢᠯᠡᠵᠦ᠂ ᠦᠨᠳᠦᠰᠦᠨ ᠱᠠᠲᠤᠨ ᠤ ᠨᠠᠮ ᠤᠨ ᠡᠭᠦᠷ ᠤᠨ 42 ᠬᠦᠮᠦᠨ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠵᠢᠷᠭᠤᠳᠤᠭᠠᠷ ᠪᠠᠭ᠎ᠠ ᠰᠤᠷᠭᠠᠭᠤᠯᠢ ᠶᠢᠨ ᠲᠤᠰᠬᠠᠶ ᠲᠤᠰᠢᠶᠠᠯᠲᠤ ᠳᠡᠳ᠋ ᠱᠦᠵᠢ ᠶᠢᠨ ︽ᠰᠤᠷᠭᠠᠭᠤᠯᠢ ᠪᠠᠷ ︿ᠬᠡᠦᠬᠡᠳ ᠬᠥᠮᠦᠵᠢᠭᠦᠯᠬᠦ﹀᠎ ᠶᠢ ᠬᠥᠭᠵᠢᠭᠡᠵᠦ᠂ ᠨᠠᠮ ᠤᠨ ᠠᠴᠢ ᠶᠢ ᠵᠤᠵᠠᠭᠠᠳᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾᠎ ᠪᠠᠷ ᠭᠤᠤᠯ ᠰᠡᠳᠦᠪ ᠪᠣᠯᠭᠠᠭᠰᠠᠨ ᠤᠬᠠᠭᠤᠯᠤᠨ ᠲᠠᠶᠢᠯᠪᠤᠷᠢᠯᠠᠬᠤ ᠸᠢᠳᠢᠣ᠋ ᠶᠢ ᠰᠣᠨᠢᠷᠬᠠᠪᠠ᠃ ᠵᠢᠷᠭᠤᠳᠤᠭᠠᠷ ᠪᠠᠭ᠎ᠠ ᠰᠤᠷᠭᠠᠭᠤᠯᠢ ᠶᠢᠨ ᠤᠯᠠᠨ ᠲᠦᠮᠡᠨ ᠤ ᠰᠤᠷᠭᠠᠨ ᠬᠥᠮᠦᠵᠢᠯ ᠢ ᠭᠦᠨᠵᠡᠭᠡᠢ ᠠᠬᠢᠭᠤᠯᠬᠤ ᠶᠠᠪᠤᠴᠠ ᠳᠠᠬᠢ ᠠᠮᠢᠳᠤᠯᠢᠭ ᠦᠢᠯᠡᠳᠦᠯᠭᠡ ᠶᠢ ᠦᠵᠡᠬᠦ ᠪᠠᠷ ᠳᠠᠮᠵᠢᠭᠤᠯᠵᠤ᠂ ᠲᠤᠬᠠᠢ ᠶᠢᠨ ᠲᠠᠯᠠᠪᠠᠢ ᠳᠤ ᠪᠠᠶᠢᠭ᠎ᠠ ᠨᠠᠮ ᠤᠨ ᠡᠭᠦᠷ ᠤᠨ ᠱᠦᠵᠢ ᠨᠠᠷ ᠲᠤ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ︾ ᠎ ᠶᠢ ᠭᠦᠨᠵᠡᠭᠡᠢ ᠣᠶᠢᠯᠠᠭᠠᠭᠤᠯᠵᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠶᠡᠷᠦᠩᠬᠡᠢ ᠱᠦᠵᠢ ᠶᠢ ᠰᠠᠯᠤᠯ ᠦᠭᠡᠢ ᠳᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠪᠠ᠃      ᠰᠤᠷᠤᠯᠴᠠᠭᠰᠠᠨ ᠤ ᠲᠠᠷᠠᠭ᠎ᠠ᠂ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ᠃ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠤᠨ ᠭᠡᠰᠢᠭᠦᠴᠢ ᠠᠴᠠ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ᠂ ᠬᠡᠷᠡᠭ ᠢᠶᠠᠷ ᠶᠣᠰᠣ ᠮᠣᠷᠠᠯ ᠢ ᠡᠷᠬᠢᠮᠯᠡᠬᠦ᠂ ᠬᠡᠷᠡᠭ ᠢᠶᠠᠷ ᠰᠠᠬᠢᠯᠭ᠎ᠠ ᠪᠠᠲᠤ ᠶᠢ ᠡᠷᠬᠢᠮᠯᠡᠬᠦ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠬᠡᠷᠡᠭ ᠢᠶᠠᠷ ᠬᠠᠷᠢᠭᠤᠴᠠᠯᠭ᠎ᠠ ᠲᠣᠭᠠᠴᠠᠬᠤ ︽ᠵᠢᠭᠠᠬᠤ ᠮᠠᠲ᠋ᠧᠷᠢᠶᠠᠯ︾᠎ ᠢᠶᠠᠷ ᠳᠠᠮᠵᠢᠭᠤᠯᠤᠨ᠂ ᠦᠨᠳᠦᠰᠦᠨ ᠱᠠᠲᠤᠨ ᠤ ᠨᠠᠮ ᠤᠨ ᠡᠭᠦᠷ ᠤᠨ ᠱᠦᠵᠢ ᠨᠠᠷ ᠲᠤ ᠰᠡᠷᠡᠮᠵᠢ ᠥᠭᠴᠦ᠂ ᠬᠤᠷᠢᠭ᠎ᠠ ᠱᠤᠭᠤᠮ ᠢ ᠲᠣᠳᠣᠷᠬᠠᠶᠢᠯᠠᠨ᠂ ᠪᠢᠰᠢᠷᠡᠨ ᠵᠢᠷᠦᠬᠡᠰᠢᠶᠡᠬᠦ ᠶᠢ ᠮᠡᠳᠡᠭᠦᠯᠬᠦ ᠶᠢᠨ ᠬᠠᠮᠲᠤ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ︽ᠲᠦᠷᠢᠮ︾᠎ ᠤᠨ ᠠᠭᠤᠯᠭ᠎ᠠ ᠶᠢ ᠭᠦᠨᠵᠡᠭᠡᠶ ᠰᠤᠷᠤᠯᠴᠠᠪᠠ᠃      ᠳᠠᠷᠠᠭᠠᠴᠢ ᠶᠢᠨ ᠠᠯᠬᠤᠮ ᠳᠤ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠢᠨ ᠲᠤᠰ ᠤᠳᠠᠭ᠎ᠠ ᠶᠢᠨ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠨᠠᠮ ᠤᠨ ᠭᠡᠰᠢᠭᠦᠨ ᠤ ᠪᠣᠯᠪᠠᠰᠤᠷᠠᠯ ᠤᠨ ᠰᠢᠷᠢᠰ ᠬᠢᠴᠢᠶᠡᠯ ᠢ ᠦᠷᠭᠦᠯᠵᠢᠯᠡᠨ ᠥᠷᠨᠢᠭᠦᠯᠵᠦ᠂ ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ᠂ ᠺᠠᠳ᠋ᠷ ᠢ ᠪᠣᠯᠪᠠᠰᠤᠷᠠᠯ ᠤᠨ ᠠᠭᠤᠯᠭ᠎ᠠ ᠲᠠᠢ ᠤᠶᠠᠯᠳᠤᠭᠤᠯᠤᠨ ᠰᠤᠷᠭᠠᠮᠵᠢ ᠠᠪᠴᠤ᠂ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠰᠤᠷᠤᠯᠴᠠᠬᠤ ᠠᠭᠤᠯᠭ᠎ᠠ ᠶᠢ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠠᠷᠢᠶ᠎ᠠ ᠣᠷᠣᠨ ᠤ ᠨᠠᠮ ᠤᠨ ᠪᠠᠶᠢᠭᠤᠯᠤᠯᠲᠠ ᠶᠢᠨ ᠠᠷᠠᠳ ᠲᠦᠮᠡᠨ ᠳᠤ ᠦᠢᠯᠡᠴᠢᠯᠡᠬᠦ ᠠᠭᠤᠷ ᠠᠮᠢᠰᠬᠤᠯ ᠢ ᠪᠤᠢ ᠪᠣᠯᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号