ᠴᠢᠩᠱᠠᠨ ᠲᠣᠭᠤᠷᠢᠭ ᠬᠡᠤᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠯᠡᠨ ᠵᠢᠱᠢᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/7/17
      ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠪᠤᠭᠤᠲᠤ ᠬᠤᠲᠠ ᠶᠢᠨ ᠬᠡᠤᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠯᠡᠨ ᠵᠢᠱᠢᠬᠦ ᠲᠥᠰᠦᠯ︾᠎ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠩᠱᠠᠨ ᠲᠣᠭᠤᠷᠢᠭ ᠤᠨ ᠬᠡᠤᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 15᠎ ᠤ ᠡᠳᠦᠷ ᠠᠴᠠ 7 ᠳ᠋ᠤᠭᠠᠷ ᠰᠠᠷ᠎ᠠ ᠶᠢᠨ 12᠎ ᠤᠨ ᠡᠳᠦᠷ ᠪᠣᠯᠲᠠᠯ᠎ᠠ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠤᠰᠬᠠᠶ ᠮᠡᠷᠭᠡᠵᠢᠯᠲᠡᠨ ᠤ ᠦᠨᠡᠯᠡᠨ ᠵᠢᠱᠢᠬᠦ ᠳᠤᠭᠤᠶᠢᠯᠠᠩ ᠢ ᠵᠣᠬᠢᠶᠠᠨ ᠪᠠᠶᠢᠭᠤᠯᠵᠤ ᠲᠤᠭᠤᠷᠢᠭ ᠤᠨ ᠬᠠᠷᠢᠶ᠎ᠠ 53 ᠬᠡᠤᠬᠡᠳ ᠤᠨ ᠴᠡᠴᠡᠷᠯᠢᠭ ᠲᠤ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠯᠡᠨ ᠵᠢᠱᠢᠬᠦ ᠠᠵᠢᠯ ᠢ ᠥᠷᠨᠢᠭᠦᠯᠪᠡ᠃      ᠲᠣᠰ ᠤᠳᠠᠭᠠᠨ ᠤ ᠦᠨᠡᠯᠡᠨ ᠵᠢᠱᠢᠯᠲᠡ ᠶᠢ ᠰᠦᠯᠵᠢᠶᠡᠨ ᠳᠡᠭᠡᠷᠡᠬᠢ ᠪᠠᠶᠢᠴᠠᠭᠠᠨ ᠦᠵᠡᠬᠦ ᠮᠠᠲ᠋ᠧᠷᠢᠶᠠᠯ ᠪᠠ ᠲᠤᠬᠠᠶ ᠶᠢᠨ ᠭᠠᠵᠠᠷ ᠲᠤᠨᠢ ᠦᠨᠡᠯᠡᠨ ᠵᠢᠱᠢᠬᠦ ᠬᠤᠶᠠᠷ ᠭᠤᠭᠴᠤᠭ᠎ᠠ ᠬᠤᠪᠢᠶᠠᠨ᠎ᠠ᠃ ᠦᠨᠡᠯᠡᠨ ᠵᠢᠱᠢᠬᠦ ᠳᠤᠭᠤᠶᠢᠯᠠᠩ ᠨᠢ ︽ᠪᠤᠭᠤᠲᠤ ᠬᠤᠲᠠ ᠶᠢᠨ ᠬᠡᠤᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠯᠡᠨ ᠵᠢᠱᠢᠬᠦ ᠨᠠᠷᠢᠨ ᠲᠦᠷᠢᠮ︾᠎ ᠢ ᠦᠨᠳᠦᠰᠦᠯᠡᠨ ᠡᠯ᠎ᠡ ᠬᠡᠤᠬᠡᠳ ᠤᠨ ᠴᠡᠴᠡᠷᠯᠢᠭ ᠤᠨ ᠰᠦᠯᠵᠢᠶᠡᠨ ᠳᠡᠭᠡᠷᠡᠬᠢ ᠮᠠᠲ᠋ᠧᠷᠢᠶᠠᠯ ᠢ ᠨᠠᠷᠢᠨ ᠨᠢᠮᠪᠠᠶ ᠪᠠᠶᠢᠴᠠᠭᠠᠨ ᠦᠵᠡᠵᠦ᠂ ᠲᠤᠬᠠᠶ ᠶᠢᠨ ᠭᠠᠵᠠᠷ ᠲᠤᠨᠢ ᠦᠨᠡᠯᠡᠨ ᠵᠢᠱᠢᠬᠦ ᠠᠵᠢᠯ ᠢ ᠥᠷᠨᠢᠭᠦᠯᠪᠡ᠃ ᠴᠡᠴᠡᠷᠯᠢᠭ ᠲᠤ ᠲᠤᠬᠠᠶ ᠶᠢᠨ ᠭᠠᠵᠠᠷ ᠲᠤᠨᠢ ᠦᠨᠡᠯᠡᠯᠲᠡ ᠬᠢᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠬᠡᠷ ᠤᠨ ᠠᠬᠠᠮᠠᠳ ᠢ ᠰᠤᠷᠪᠤᠯᠵᠢᠯᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢ ᠪᠠᠭᠲᠠᠭᠠᠵᠤ᠂ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠮᠡᠳᠡᠭᠡ ᠵᠠᠩᠭᠢ ᠴᠤᠭᠯᠠᠭᠤᠯᠵᠤ᠂ ᠴᠡᠴᠡᠷᠯᠢᠭ ᠡᠷᠭᠢᠯᠡᠬᠦ᠂ ᠬᠡᠤᠬᠡᠳ ᠤᠨ ᠴᠡᠴᠡᠷᠯᠢᠭ ᠤᠨ ᠬᠠᠮᠢᠶᠠᠷᠤᠯᠲᠠ᠂ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠶᠠᠰᠤ ᠴᠢᠨᠠᠷ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠪᠠᠶᠢᠳᠠᠯ ᠢ ᠶᠡᠷᠦᠩᠬᠡᠶᠢᠯᠡᠨ ᠦᠨᠡᠯᠡᠨ ᠵᠢᠱᠢᠪᠡ᠃      ᠡᠯ᠎ᠡ ᠬᠡᠤᠬᠡᠳ ᠤᠨ ᠴᠡᠴᠡᠷᠯᠢᠭ ᠣᠷᠭᠢᠯᠤᠮ᠎ᠠ ᠬᠠᠯᠠᠭᠤᠨ ᠰᠡᠳᠬᠢᠯᠭᠡ᠂ ᠴᠢᠩᠭ᠎ᠠ ᠨᠢᠮᠪᠠᠶ ᠣᠪᠣᠷ ᠢᠶᠠᠷ ᠲᠣᠰ ᠤᠳᠠᠭᠠᠨ ᠤ ᠦᠨᠡᠯᠡᠨ ᠵᠢᠱᠢᠯᠲᠡ ᠶᠢ ᠤᠭᠲᠤᠪᠠ᠃ ᠬᠡᠦᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ ᠦᠨᠡᠯᠡᠨ ᠵᠢᠱᠢᠬᠦ ᠨᠠᠷᠢᠨ ᠲᠦᠷᠢᠮ ᠶᠣᠰᠣᠭᠠᠷ ᠬᠡᠦᠬᠡᠳ ᠤᠨ ᠴᠡᠴᠡᠷᠯᠢᠭ ᠡᠷᠬᠢᠯᠡᠬᠦ ᠣᠨᠴᠠᠯᠢᠭ᠂ ᠠᠰᠠᠷᠠᠨ ᠬᠥᠮᠦᠵᠢᠭᠦᠯᠬᠦ ᠠᠮᠤᠷ ᠲᠦᠪᠰᠢᠨ᠂ ᠰᠤᠷᠭᠠᠨ ᠬᠥᠮᠦᠵᠢᠯ ᠤᠨ ᠶᠠᠪᠤᠴᠠ᠂ ᠪᠠᠭᠰᠢ ᠶᠢᠨ ᠡᠩᠨᠡᠭᠡ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠵᠡᠷᠭᠡ ᠬᠡᠳᠦᠨ ᠲᠠᠯ᠎ᠠ ᠠᠴᠠ ᠡᠯ᠎ᠡ ᠬᠡᠦᠬᠡᠳ ᠤᠨ ᠴᠡᠴᠡᠷᠯᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠪᠦᠬᠦ ᠲᠠᠯ᠎ᠠ ᠶᠢᠨ ᠬᠠᠷᠢᠭᠤ ᠮᠡᠳᠡᠭᠦᠯᠦᠯᠲᠡ ᠬᠢᠪᠡ᠃      ᠦᠨᠡᠯᠡᠨ ᠵᠢᠱᠢᠬᠦ ᠳᠤᠭᠤᠶᠢᠯᠠᠩ ᠤᠨ ᠲᠤᠰᠬᠠᠶ ᠮᠡᠷᠭᠡᠵᠢᠯᠲᠡᠨ ᠠᠩᠭᠢ ᠳᠤ ᠭᠦᠨᠵᠡᠭᠡᠶᠢᠷᠡᠨ ᠬᠡᠤᠬᠡᠳ ᠲᠤ ᠨᠡᠪᠴᠢᠯᠲᠡ ᠶᠢᠨ ᠮᠠᠶ᠋ᠢᠭ ᠤᠨ ᠬᠠᠭᠠᠰ ᠡᠳᠦᠷ ᠤᠨ ᠠᠵᠢᠯᠯᠠᠭᠠᠨ ᠤ ᠠᠵᠢᠭᠯᠠᠯᠲᠠ ᠬᠢᠵᠦ᠂ ᠬᠡᠤᠬᠡᠳ ᠤᠨ ᠠᠮᠢᠳᠤᠷᠠᠯ᠂ ᠰᠤᠷᠤᠯᠴᠠᠯᠭ᠎ᠠ ᠶᠢᠨ ᠠᠵᠢᠯᠯᠠᠭ᠎ᠠ᠂ ᠬᠡᠷ ᠤᠨ ᠳᠣᠲᠣᠨ᠎ᠠ ᠭᠠᠳᠠᠨᠠᠬᠢ ᠣᠷᠴᠢᠨ ᠲᠣᠭᠤᠷᠢᠨ ᠢ ᠡᠭᠦᠳᠦᠨ ᠪᠠᠶᠢᠭᠤᠯᠬᠤ᠂ ᠣᠷᠣᠨ ᠪᠦᠰᠡ ᠶᠢᠨ ᠲᠣᠭᠯᠠᠭᠠᠮ ᠤᠨ ᠮᠠᠲ᠋ᠧᠷᠢᠶᠠᠯ ᠣᠷᠣᠭᠤᠯᠬᠤ᠂ ᠬᠡᠤᠬᠡᠳ ᠤᠨ ︽ᠪᠡᠶ᠎ᠡ ᠪᠠᠨ ᠳᠠᠭᠠᠭᠠᠭᠰᠠᠨ ᠲᠣᠭᠯᠠᠭᠠᠮ︾᠂ ᠪᠠᠭᠰᠢ ᠬᠡᠤᠬᠡᠳ ᠤᠨ ᠬᠠᠷᠢᠯᠴᠠᠨ ᠬᠥᠳᠡᠯᠦᠯᠴᠡᠬᠦ ᠵᠡᠷᠭᠡ ᠡᠯ᠎ᠡ ᠭᠤᠭᠴᠤᠭ᠎ᠠ ᠶᠢᠨ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃      ᠲᠤᠬᠠᠶ ᠶᠢᠨ ᠲᠠᠯᠠᠪᠤᠷ ᠤᠨ ᠠᠵᠢᠭᠯᠠᠯᠲᠠ ᠪᠠ ᠵᠢᠯᠣᠭᠤᠳᠣᠯᠭ᠎ᠠ ᠪᠠᠷ ᠳᠡᠮᠵᠢᠨ᠂ ᠦᠨᠡᠯᠡᠨ ᠵᠢᠱᠢᠬᠦ ᠳᠤᠭᠤᠶᠢᠯᠠᠩ ᠤᠨ ᠲᠤᠰᠬᠠᠶ ᠮᠡᠷᠭᠡᠵᠢᠯᠲᠡᠳ ᠴᠢᠩᠱᠠᠨ ᠲᠣᠭᠤᠷᠢᠭ ᠤᠨ ᠡᠯ᠎ᠡ ᠴᠡᠴᠡᠷᠯᠢᠭ ᠡᠷᠬᠢᠯᠡᠭᠰᠡᠨ ᠨᠢᠭᠡᠴᠡ ᠶᠢᠨ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠶᠠᠰᠤ ᠴᠢᠨᠠᠷ ᠢ ᠮᠠᠭᠲᠠᠨ ᠰᠠᠶᠢᠰᠢᠶᠠᠵᠤ ᠨᠤᠲᠠᠯᠠᠪᠠ᠃ ᠡᠭᠦᠨ ᠤ ᠬᠠᠮᠲᠤ᠂ ᠡᠯ᠎ᠡ ᠴᠡᠴᠡᠷᠯᠢᠭ ᠤᠨ ᠳᠣᠲᠣᠭᠠᠳᠤ ᠭᠦᠢᠴᠡᠳᠬᠡᠯ ᠲᠤᠭ᠎ᠠ ᠶᠢᠨ ᠵᠣᠷᠢᠭ ᠰᠠᠨᠠᠭᠠᠨ ᠤ ᠠᠭᠤᠯᠤᠭᠳᠠᠬᠤᠨ ᠪᠠ ᠬᠡᠦᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠠᠵᠢᠯ ᠢ ᠥᠷᠨᠢᠭᠦᠯᠵᠦ ᠪᠠᠶᠢᠭ᠎ᠠ ᠪᠣᠳᠠᠲᠤ ᠪᠠᠶᠢᠳᠠᠯ ᠢ ᠠᠩᠬᠠᠷᠴᠤ᠂ ᠲᠥᠪᠯᠡᠷᠡᠭᠦᠯᠦᠨ ᠬᠠᠷᠢᠭᠤ ᠲᠤᠰᠬᠠᠬᠤ ᠶᠢ ᠦᠨᠳᠦᠰᠦᠯᠡᠨ᠂ ᠴᠡᠴᠡᠷᠯᠢᠭ ᠤᠨ ᠬᠦᠷᠦᠯᠴᠡᠬᠦ ᠦᠭᠡᠢ ᠲᠠᠯ᠎ᠠ ᠶᠢ ᠡᠷᠭᠢᠴᠡᠭᠦᠯᠦᠨ ᠪᠣᠳᠣᠯᠬᠢᠯᠠᠬᠤ ᠬᠡᠷᠡᠭᠲᠡᠢ᠃ ᠣᠳᠣᠬᠠᠨ ᠤ ᠨᠡᠶᠢᠭᠡᠮ ᠤᠨ ᠬᠥᠭᠵᠢᠯᠲᠡ ᠬᠤᠪᠢᠷᠠᠯᠲᠠ ᠶᠢ ᠦᠨᠳᠦᠰᠦᠯᠡᠨ᠂ ᠭᠤᠤᠯ ᠥᠷᠢᠰᠦᠯᠳᠦᠬᠦ ᠬᠦᠴᠦᠨ ᠪᠣᠯ ᠳᠠᠷᠤᠶ ᠴᠡᠴᠡᠷᠯᠢᠭ ᠤᠨ ᠠᠭᠤᠯᠤᠭᠳᠠᠬᠤᠨ ᠤ ᠬᠥᠭᠵᠢᠯᠲᠡ ᠮᠥᠨ᠂ ᠴᠡᠴᠡᠷᠯᠢᠭ ᠤᠨ ᠭᠠᠵᠠᠷ ᠤᠨ ᠬᠢᠨ ᠰᠠᠨᠠᠭᠠᠴᠢᠯᠠᠭ᠎ᠠ ᠠᠴᠠ ᠪᠠᠨ ᠵᠣᠬᠢᠶᠠᠨ ᠪᠠᠶᠢᠭᠤᠯᠤᠨ ᠳᠣᠭᠢᠷᠠᠭᠤᠯᠵᠤ᠂ ᠬᠡᠤᠬᠡᠳ ᠤᠨ ᠴᠡᠴᠡᠷᠯᠢᠭ ᠤᠨ ᠣᠷᠴᠢᠨ ᠲᠣᠭᠤᠷᠢᠨ ᠤ ᠠᠮᠤᠷ ᠲᠦᠪᠰᠢᠨ᠂ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠶᠠᠰᠤ ᠴᠢᠨᠠᠷ ᠤᠨ ᠲᠠᠯ᠎ᠠ ᠪᠠᠷ ᠴᠡᠴᠡᠷᠯᠢᠭ ᠡᠷᠭᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ ᠭᠡᠵᠦ ᠢᠯᠡᠳᠬᠡᠪᠡ᠃      ᠲᠣᠰ ᠤᠳᠠᠭᠠᠨ ᠤ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠶᠠᠰᠤ ᠴᠢᠨᠠᠷ ᠢ ᠲᠤᠬᠠᠶ ᠶᠢᠨ ᠭᠠᠵᠠᠷ ᠲᠤᠨᠢ ᠦᠨᠡᠯᠡᠨ ᠵᠢᠱᠢᠬᠦ ᠪᠣᠯ ᠴᠢᠩᠱᠠᠨ ᠲᠣᠭᠤᠷᠢᠭ ᠤᠨ ᠬᠡᠤᠬᠡᠳ ᠤᠨ ᠴᠡᠴᠡᠷᠯᠢᠭ ᠤᠨ ᠠᠵᠢᠯ ᠤᠨ ᠨᠢᠭᠡ ᠤᠳᠠᠭᠠᠨ ᠤ ᠰᠢᠨᠵᠢᠯᠡᠬᠦ ᠤᠬᠠᠭᠠᠨᠴᠢ᠂ ᠰᠢᠰᠲ᠋ᠧᠮ ᠲᠠᠢ᠂ ᠪᠦᠬᠦ ᠲᠠᠯ᠎ᠠ ᠶᠢᠨ ᠰᠢᠯᠭᠠᠨ ᠦᠵᠡᠬᠦ ᠶᠠᠪᠤᠳᠠᠯ ᠪᠣᠯᠤᠨ᠎ᠠ᠂ ᠪᠠᠰᠠ ᠴᠤ ᠬᠡᠤᠬᠡᠳ ᠤᠨ ᠴᠡᠴᠡᠷᠯᠢᠭ ᠤᠨ ᠬᠠᠮᠢᠶᠠᠷᠤᠯᠲᠠ ᠶᠢ ᠰᠢᠯᠢᠳᠡᠭᠵᠢᠭᠦᠯᠬᠦ᠂ ᠴᠡᠴᠡᠷᠯᠢᠭ ᠡᠷᠬᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ᠂ ᠲᠤᠰᠬᠠᠶ ᠮᠡᠷᠭᠡᠵᠢᠯ ᠤᠨ ᠴᠢᠳᠠᠪᠤᠷᠢ ᠶᠢᠨ ᠬᠥᠭᠵᠢᠯᠲᠡ ᠶᠢ ᠠᠬᠢᠭᠤᠯᠬᠤ ᠨᠢᠭᠡ ᠤᠳᠠᠭᠠᠨ ᠤ ᠰᠤᠳᠠᠯ ᠪᠠᠷᠢᠬᠤ ᠣᠨᠣᠰᠢᠯᠠᠯᠲᠠ ᠪᠠ ᠵᠢᠯᠣᠭᠤᠳᠣᠯᠭ᠎ᠠ ᠪᠣᠯᠤᠨ᠎ᠠ᠃ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠤᠰ ᠤᠳᠠᠭᠠᠨ ᠤ ᠦᠨᠡᠯᠡᠨ ᠵᠢᠱᠢᠬᠦ ᠠᠵᠢᠯ ᠢᠶᠠᠷ ᠠᠵᠠ ᠲᠣᠬᠢᠶᠠᠯ ᠪᠣᠯᠭᠠᠵᠤ᠂ ᠬᠢᠯᠠᠰ ᠴᠡᠭ ᠤᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠷᠦᠯᠴᠡᠬᠦ ᠦᠭᠡᠢ ᠲᠠᠯ᠎ᠠ ᠪᠠᠨ ᠰᠠᠶᠢᠵᠢᠷᠠᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠡᠷᠴᠢ ᠵᠣᠷᠢᠭ ᠢᠶᠠᠨ ᠬᠥᠪᠴᠢᠯᠡᠵᠦ᠂ ᠣᠷᠣᠨ ᠪᠦᠰᠡ ᠶᠢᠨ ᠴᠡᠴᠡᠷᠯᠢᠭ ᠡᠷᠬᠢᠯᠡᠬᠦ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠡᠴᠡᠷᠯᠢᠭ ᠤᠨ ᠬᠥᠭᠵᠢᠯᠲᠡ ᠶᠢᠨ ᠠᠭᠤᠯᠤᠭᠳᠠᠬᠤᠨ ᠢ ᠭᠦᠢᠴᠡᠳ ᠠᠭᠤᠳᠠᠯᠵᠤ᠂ ᠬᠡᠦᠬᠡᠳ ᠤᠨ ᠴᠡᠴᠡᠷᠯᠢᠭ ᠤᠨ ᠡᠷᠡᠭᠦᠯ ᠴᠢᠭᠢᠷᠠᠭ᠂ ᠦᠷᠭᠦᠯᠵᠢᠯᠡᠬᠦ ᠴᠢᠨᠠᠷᠲᠠᠢ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠥᠨᠳᠦᠷᠯᠢᠭ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ︕ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号