ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ︽ᠰᠠᠬᠢᠯᠭ᠎ᠠ ᠪᠠᠲᠤ ᠶᠢᠨ ᠲᠣᠭᠤᠷᠢᠨ ᠪᠠᠶᠢᠴᠠᠭᠠᠯᠲᠠ︾ ᠶᠢ ᠨᠡᠪᠲᠡᠷᠡᠭᠦᠯᠦᠨ ᠬᠤᠯᠪᠣᠯᠳᠤᠭᠤᠯᠬᠤ ᠶᠢ ᠠᠬᠢᠭᠤᠯᠵᠤ᠂ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠬᠦᠴᠦᠲᠡᠶ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/7/17
      ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠭᠤᠯᠭ᠎ᠠ᠂ ᠲᠥᠪ ᠤᠨ ᠬᠢᠨᠠᠨ ᠪᠤᠳᠤᠬᠤ ᠠᠯᠪᠠᠨ ᠭᠡᠷ ᠵᠡᠷᠭᠡ ᠲᠠᠪᠤᠨ ᠰᠠᠯᠠᠭ᠎ᠠ ᠮᠥᠴᠢᠷ ᠤᠨ ︽ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠳᠠᠷᠠᠭᠤᠯᠵᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠬᠤ ᠲᠣᠭᠤᠷᠢᠨ ᠪᠠᠶᠢᠴᠠᠭᠠᠬᠤ ᠬᠢᠨᠠᠯᠲᠠ ᠲᠠᠯᠪᠢᠬᠤ ᠪᠠ ᠬᠢᠨᠠᠨ ᠪᠤᠳᠤᠬᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠬᠤᠯᠪᠣᠯᠳᠤᠭᠤᠯᠬᠤ ᠶᠢ ᠥᠨᠳᠥᠷ ᠪᠦᠲᠦᠮᠵᠢᠲᠡᠢ ᠪᠣᠯᠭᠠᠬᠤ ᠶᠢ ᠬᠦᠴᠦᠲᠡᠢ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠨᠡᠪᠲᠡᠷᠡᠭᠦᠯᠬᠦ᠂ ᠬᠦᠴᠦᠨ ᠢ ᠨᠡᠪᠲᠡᠷᠡᠭᠦᠯᠬᠦ᠂ ᠦᠷ᠎ᠡ ᠪᠦᠲᠦᠭᠡᠯ ᠢ ᠨᠡᠪᠲᠡᠷᠡᠭᠦᠯᠬᠦ ᠶᠢ ᠪᠠᠷᠢᠮᠲᠠᠯᠠᠵᠤ᠂ ᠬᠢᠨᠠᠯᠲᠠ ᠲᠠᠯᠪᠢᠬᠤ ᠬᠠᠮᠲᠤᠷᠠᠯ ᠤᠨ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ︽ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ︾ ᠶᠢᠨ ᠳᠠᠪᠠᠭᠤᠯᠢᠭ ᠪᠠ ᠬᠢᠨᠠᠨ ᠪᠤᠳᠤᠬᠤ ︽ᠠᠵᠤ ᠠᠬᠤᠢ ᠶᠢᠨ ᠬᠢᠨᠠᠯᠲᠠ ᠲᠠᠯᠪᠢᠬᠤ︾ ᠳᠠᠪᠠᠭᠤᠯᠢᠭ ᠢ ᠨᠢᠭᠡ ᠴᠤᠬᠴᠠᠵᠢᠭᠤᠯᠤᠨ ᠪᠠᠳᠠᠷᠠᠭᠤᠯᠵᠤ᠂ ︽ᠰᠠᠬᠢᠯᠭ᠎ᠠ ᠪᠠᠲᠤ ᠶᠢᠨ ᠲᠣᠭᠤᠷᠢᠨ ᠪᠠᠶᠢᠴᠠᠭᠠᠬᠤ︾ ᠭᠤᠷᠪᠠᠨ ᠲᠠᠯ᠎ᠠ ᠶᠢ ᠨᠡᠪᠲᠡᠷᠡᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃      ᠨᠢᠭᠡ ᠳᠤ᠂ ᠨᠢᠭᠡᠳᠦᠯᠲᠡᠶ ᠲᠥᠯᠥᠪᠯᠡᠨ ᠨᠡᠪᠲᠡᠷᠡᠭᠦᠯᠬᠦ ᠪᠠᠷ ᠭᠠᠷᠳᠠᠬᠤ ᠴᠡᠭ ᠪᠣᠯᠭᠠᠵᠤ᠂ ᠬᠢᠨᠠᠯᠲᠠ ᠲᠠᠯᠪᠢᠵᠤ ᠬᠤᠯᠪᠣᠭᠠᠯᠠᠨ ᠬᠥᠳᠡᠯᠦᠯᠴᠡᠬᠦ ᠶᠢ ᠤᠯᠠᠮ ᠨᠢᠭᠡ ᠠᠯᠬᠤᠮ ᠴᠢᠩᠭᠠᠳᠬᠠᠪᠠ᠃ ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠯᠲᠠ ᠲᠠᠯᠪᠢᠬᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠬᠢᠭᠡᠳ ᠬᠢᠨᠠᠨ ᠪᠤᠳᠤᠬᠤ ᠬᠢᠨᠠᠯᠲᠠ ᠲᠠᠯᠪᠢᠬᠤ ᠶᠢᠨ ᠨᠡᠪᠲᠡᠷᠡᠯᠴᠡᠨ ᠬᠤᠯᠪᠣᠯᠳᠤᠭᠤᠯᠬᠤ᠂ ᠪᠠᠶᠢᠳᠠᠯ ᠢ ᠮᠡᠳᠡᠭᠳᠡᠬᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠬᠠᠮᠲᠤᠷᠠᠨ ᠬᠢᠨᠠᠯᠲᠠ ᠲᠠᠯᠪᠢᠬᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠵᠡᠷᠭᠡ ᠲᠠᠯ᠎ᠠ ᠶᠢᠨ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠰᠠᠬᠢᠯᠭ᠎ᠠ ᠪᠠᠲᠤ ᠶᠢᠨ ᠲᠣᠭᠤᠷᠢᠨ ᠪᠠᠶᠢᠴᠠᠭᠠᠯᠲᠠ︾ ᠶᠢᠨ ᠠᠵᠢᠯ ᠢ ᠨᠢᠭᠡ ᠴᠤᠭᠴᠠᠵᠢᠭᠤᠯᠤᠨ ᠪᠠᠶᠢᠷᠢᠯᠠᠭᠤᠯᠬᠤ᠂ ᠬᠠᠮᠵᠢᠯᠴᠠᠨ ᠥᠷᠨᠢᠭᠦᠯᠬᠦ ᠶᠢ ᠠᠬᠢᠭᠤᠯᠵᠤ᠂ ᠬᠤᠯᠪᠣᠭᠠᠯᠠᠨ ᠬᠥᠳᠡᠯᠦᠯᠴᠡᠵᠦ ᠬᠢᠨᠠᠯᠲᠠ ᠲᠠᠯᠪᠢᠨ᠎ᠠ᠃ ᠲᠤᠭᠤᠷᠢᠭ ᠤᠨ ᠬᠢᠨᠠᠨ ᠪᠤᠳᠤᠬᠤ ᠲᠣᠪᠴᠢᠶ᠎ᠠ ᠠᠴᠠ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠢᠳᠡᠪᠬᠢᠲᠡᠶ ᠬᠠᠮᠵᠢᠯᠴᠠᠨ ︽ᠴᠢᠩᠱᠠᠨ ᠲᠣᠭᠤᠷᠢᠭ ᠤᠨ ᠰᠠᠬᠢᠯᠭ᠎ᠠ ᠪᠠᠲᠤ ᠶᠢᠨ ᠬᠢᠨᠠᠯᠲᠠ ᠲᠠᠯᠪᠢᠬᠤ᠂ ᠪᠠᠶᠢᠴᠠᠭᠠᠵᠤ ᠬᠢᠨᠠᠯᠲᠠ ᠲᠠᠯᠪᠢᠬᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠬᠢᠭᠡᠳ ᠬᠢᠨᠠᠨ ᠪᠤᠳᠤᠵᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠵᠦ ᠬᠤᠯᠪᠣᠯᠳᠤᠭᠤᠯᠬᠤ ᠬᠡᠷᠡᠭᠵᠢᠭᠦᠯᠬᠦ ᠠᠷᠭ᠎ᠠ︾ ᠶᠢ ᠬᠠᠮᠲᠤᠪᠠᠷ ᠰᠤᠳᠤᠯᠤᠨ ᠲᠣᠭᠲᠠᠭᠠᠪᠠ᠃ ᠡᠭᠦᠨ ᠤ ᠬᠠᠮᠲᠤ᠂ ︽ᠨᠢᠭᠡ ᠳᠤᠭᠤᠶᠢᠯᠠᠩ ᠭᠤᠷᠪᠠᠨ ᠠᠵᠢᠯᠲᠠᠨ︾ ᠤ ᠵᠠᠭᠪᠤᠷ ᠢ ᠬᠡᠷᠡᠭᠵᠢᠭᠦᠯᠵᠦ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ᠂ ᠲᠣᠪᠴᠢᠶ᠎ᠠ ᠶᠢᠨ ᠪᠠᠭ ᠤᠨ ᠪᠦᠷᠢᠯᠳᠦᠬᠦᠨ᠂ ᠬᠢᠨᠠᠨ ᠪᠤᠳᠤᠬᠤ ᠳᠤᠭᠤᠶᠢᠯᠠᠩ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠢᠨᠠᠯᠲᠠ ᠲᠠᠯᠪᠢᠭᠴᠢ ᠭᠤᠷᠪᠠᠨ ᠠᠳᠠᠯᠢ ᠴᠢᠭᠯᠡᠯ ᠲᠠᠢ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠭᠰᠡᠨ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ᠎ᠠ᠃      ᠲᠤᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠵᠥᠪᠳᠡᠯᠴᠡᠨ ᠰᠤᠳᠤᠯᠤᠨ ᠮᠠᠭᠠᠳᠯᠠᠬᠤ᠂ ᠲᠤᠰᠬᠠᠶ ᠬᠥᠮᠦᠨ ᠲᠤᠰᠬᠠᠶ ᠠᠵᠢᠯ ᠤᠨ ᠪᠠᠶᠢᠷᠢ ᠵᠡᠷᠭᠡ ᠰᠢᠨ᠎ᠡ ᠶᠢ ᠡᠭᠦᠳᠬᠦ ᠬᠡᠯᠪᠡᠷᠢ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠬᠢᠯᠭ᠎ᠠ ᠪᠠᠲᠤ ᠪᠠᠶᠢᠴᠠᠭᠠᠬᠤ᠂ ᠲᠣᠭᠤᠷᠢᠨ ᠪᠠᠶᠢᠴᠠᠭᠠᠬᠤ ᠶᠢᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠲᠠᠰᠤᠷᠠᠯᠲᠠ ᠥᠬᠡᠶ ᠴᠢᠩᠭᠠᠳᠬᠠᠵᠤ᠂ ︽ᠰᠠᠬᠢᠯᠭ᠎ᠠ ᠪᠠᠲᠤ ᠶᠢᠨ ᠲᠣᠭᠤᠷᠢᠨ ᠪᠠᠶᠢᠴᠠᠭᠠᠯᠲᠠ︾ ᠶᠢ ᠨᠢᠭᠡᠳᠦᠯᠲᠡᠶ ᠲᠥᠯᠥᠪᠯᠡᠨ ᠨᠡᠪᠲᠡᠷᠡᠭᠦᠯᠬᠦ ᠶᠢ ᠳᠥᠯᠭᠢᠨ ᠠᠬᠢᠭᠤᠯᠵᠤ᠂ ᠬᠢᠨᠠᠯᠲᠠ ᠲᠠᠯᠪᠢᠬᠤ ᠬᠤᠯᠪᠣᠭᠠᠯᠠᠨ ᠬᠥᠳᠡᠯᠦᠯᠴᠡᠬᠦ ᠶᠢ ᠤᠯᠠᠮ ᠨᠢᠭᠡ ᠠᠯᠬᠤᠮ ᠴᠢᠩᠭᠠᠷᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠪᠦᠷᠢᠯᠳᠦᠬᠦᠨ ᠨᠢᠭᠡᠴᠢ ᠶᠢᠨ ᠠᠵᠢᠯ ᠢ ᠵᠣᠬᠢᠴᠠᠭᠤᠯᠤᠨ ᠠᠬᠢᠭᠤᠯᠬᠤ ᠲᠣᠭᠲᠠᠴᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠦᠷᠢᠯᠳᠦᠬᠦᠨ ᠨᠢᠭᠡᠴᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠬᠠᠮᠵᠢᠯᠴᠠᠬᠤ ᠠᠵᠢᠯ ᠤᠨ ᠠᠭᠤᠯᠭ᠎ᠠ ᠶᠢ ᠲᠡᠭᠦᠯᠳᠡᠷᠵᠢᠭᠦᠯᠪᠡ᠃ ᠲᠤᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠤᠨ ᠬᠤᠷᠠᠯ ᠤᠨ ᠲᠦᠷᠢᠮ ᠢ ᠲᠣᠭᠲᠠᠭᠠᠵᠤ᠂ ᠬᠤᠷᠠᠯ ᠢ ᠵᠣᠬᠢᠴᠠᠭᠤᠯᠬᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ ᠵᠡᠷᠭᠡ ᠵᠦᠢᠯᠡᠰ ᠢ ᠲᠣᠳᠣᠷᠬᠠᠶᠢᠯᠠᠵᠤ᠂ ᠬᠠᠮᠲᠤ ᠪᠠᠷ ᠵᠥᠪᠳᠡᠬᠦ᠂ ᠠᠰᠠᠭᠤᠳᠠᠯ ᠢ ᠡᠷᠢᠵᠦ᠂ ᠦᠷ᠎ᠡ ᠪᠦᠲᠦᠮᠵᠢ ᠭᠠᠷᠭᠠᠬᠤ ᠶᠢ ᠪᠡᠶᠡᠯᠡᠭᠦᠯᠪᠡ︔ ᠬᠠᠷᠢᠯᠴᠠᠵᠤ ᠨᠡᠪᠲᠡᠷᠡᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠪᠦᠷᠢᠯᠳᠦᠬᠦᠨ ᠨᠢᠭᠡᠴᠡ ᠳᠤ ᠬᠤᠯᠪᠣᠭᠠᠴᠢᠨ ᠲᠤᠬᠢᠷᠠᠭᠤᠯᠵᠤ᠂ ᠲᠤᠰᠬᠠᠢ ᠬᠥᠮᠦᠨ ᠢᠶᠠᠷ ᠲᠤᠰᠬᠠᠢ ᠡᠷᠬᠢᠯᠡᠬᠦ᠂ ᠳᠡᠭᠡᠭᠰᠢ ᠳᠠᠮᠵᠢᠭᠤᠯᠵᠤ ᠳᠣᠷᠣᠭᠰᠢ ᠪᠠᠭᠤᠯᠭᠠᠬᠤ᠂ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃      ᠬᠤᠶᠠᠷ ᠲᠤ᠂ ᠬᠦᠴᠦᠨ ᠢᠶᠠᠨ ᠨᠡᠪᠲᠡᠷᠡᠭᠦᠯᠬᠦ ᠪᠠᠷ ᠤᠶᠠᠯᠳᠤᠯ ᠤᠨ ᠴᠡᠭ ᠪᠣᠯᠭᠠᠵᠤ᠂ ᠠᠵᠢᠯ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠳᠠᠭᠠᠨ ᠰᠤᠳᠤᠯᠤᠨ ᠮᠠᠭᠠᠳᠯᠠᠬᠤ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠲᠣᠭᠤᠷᠢᠨ ᠪᠠᠶᠢᠴᠠᠭᠠᠬᠤ ᠠᠰᠠᠭᠤᠳᠠᠯ ᠤᠨ ᠨᠠᠷᠢᠨ ᠳᠠᠩᠰᠠ ᠪᠠ ᠬᠢᠨᠠᠨ ᠪᠤᠳᠤᠯᠳᠠ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠠᠮᠲᠤᠪᠠᠷ ᠡᠮᠬᠢᠯᠡᠵᠦ᠂ ᠲᠤᠰ ᠲᠤᠰ ᠤᠨ ᠲᠤᠬᠠᠶᠢᠯᠠᠭᠰᠠᠨ ᠠᠵᠢᠯ ᠤᠨ ᠡᠭᠦᠷᠭᠡ ᠴᠢᠳᠠᠪᠬᠢ ᠪᠣᠯᠤᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠢᠯᠡᠷᠡᠭᠦᠯᠦᠭᠰᠡᠨ ᠠᠰᠠᠭᠤᠳᠠᠯ ᠢ ᠬᠤᠷᠢᠶᠠᠩᠭᠤᠶᠢᠯᠠᠨ ᠰᠤᠳᠤᠯᠤᠨ ᠮᠠᠭᠠᠳᠯᠠᠵᠤ᠂ ᠭᠦᠨᠵᠡᠭᠡᠢ ᠠᠭᠤᠳᠠᠯᠤᠨ ᠨᠠᠷᠢᠨ ᠪᠠᠶᠢᠴᠠᠭᠠᠨ᠎ᠠ᠃ ᠵᠢᠯ ᠪᠦᠷᠢ ᠲᠣᠭᠤᠷᠢᠨ ᠪᠠᠶᠢᠴᠠᠭᠠᠬᠤ ᠶᠢ ᠥᠷᠨᠢᠭᠦᠯᠬᠦ ᠠᠴᠠ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠴᠥᠮ ᠬᠢᠨᠠᠨ ᠪᠤᠳᠤᠯᠲᠠ ᠬᠢᠯᠭᠡᠬᠦ ᠰᠠᠯᠠᠭ᠎ᠠ ᠮᠥᠴᠢᠷ ᠠᠴᠠ ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠤᠢᠢᠷ᠎ᠠ ᠶᠢᠨ ᠵᠢᠯ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ᠂ ᠲᠥᠰᠦᠪ ᠤᠨ ᠬᠡᠷᠡᠭᠵᠢᠭᠦᠯᠦᠯᠲᠡ ᠶᠢᠨ ᠬᠢᠨᠠᠨ ᠪᠤᠳᠤᠯᠲᠠ ᠵᠡᠷᠭᠡ ᠬᠠᠮᠢᠶ᠎ᠠ ᠪᠦᠬᠦᠢ ᠬᠢᠨᠠᠨ ᠪᠤᠳᠤᠯᠲᠠ ᠶᠢᠨ ᠮᠡᠳᠡᠭᠦᠯᠦᠯᠲᠡ ᠶᠢ ᠴᠤᠭᠯᠠᠭᠤᠯᠵᠤ᠂ ᠡᠮᠦᠨᠡᠬᠢ ᠬᠤᠭᠤᠴᠠᠭᠠᠨ ᠤ ᠬᠢᠨᠠᠨ ᠪᠤᠳᠤᠯᠲᠠ ᠶᠢᠨ ᠦᠷ᠎ᠡ ᠪᠦᠲᠦᠭᠡᠯ ᠢ ᠭᠦᠢᠴᠡᠳ ᠬᠡᠷᠡᠭᠯᠡᠵᠦ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠪᠬᠤᠷᠳᠠᠭᠰᠠᠨ ᠬᠥᠳᠡᠯᠮᠦᠷᠢ ᠶᠢ ᠪᠦᠲᠦᠮᠵᠢᠲᠡᠢ ᠪᠠᠭᠠᠰᠬᠠᠵᠤ᠂ ᠬᠢᠨᠠᠨ ᠪᠤᠳᠤᠯᠲᠠ ᠶᠢᠨ ︽ᠮᠢᠺᠷᠣᠰᠺᠣᠫ︾ ᠢ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠬᠤᠷᠴᠠ ᠵᠡᠪᠰᠡᠭ ᠪᠣᠯᠭᠠᠵᠤ᠂ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠳᠤ ᠬᠢᠨᠠᠨ ᠪᠤᠳᠤᠯᠲᠠ ᠶᠢᠨ ᠢᠯᠡᠷᠡᠭᠦᠯᠦᠭᠰᠡᠨ ᠠᠰᠠᠭᠤᠳᠠᠯ ᠪᠠ ᠰᠦᠪᠡᠭᠴᠢ ᠬᠠᠩᠭᠠᠵᠤ᠂ ᠲᠣᠭᠤᠷᠢᠨ ᠪᠠᠶᠢᠴᠠᠭᠠᠬᠤ ᠭᠤᠣᠯᠳᠠᠯᠭ᠎ᠠ ᠲᠠᠢ ᠴᠢᠭᠯᠡᠯ ᠢ ᠲᠣᠳᠣᠷᠬᠠᠶᠢᠯᠠᠬᠤ ᠳᠤ ᠠᠩᠬᠠᠨ ᠤ ᠮᠠᠲ᠋ᠧᠷᠢᠶᠠᠯ ᠬᠠᠩᠭᠠᠵᠤ᠂ ᠤᠨᠢᠨ ᠳᠡᠭᠡᠷ᠎ᠡ ᠨᠢ ᠲᠣᠭᠤᠷᠢᠨ ᠪᠠᠶᠢᠴᠠᠭᠠᠬᠤ ᠳᠤ ᠬᠦᠴᠦᠨ ᠨᠡᠮᠡᠷᠢᠯᠡᠨ᠎ᠡ᠃      ᠡᠭᠦᠨ ᠤ ᠬᠠᠮᠲᠤ᠂ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠲᠤᠰᠬᠠᠶ ᠮᠡᠷᠭᠡᠵᠢᠯ ᠤᠨ ᠬᠢᠨᠠᠨ ᠪᠤᠳᠤᠬᠤ ᠠᠵᠢᠯᠲᠠᠨ ᠢ ᠰᠢᠯᠵᠢᠭᠦᠯᠦᠨ ᠲᠣᠭᠤᠷᠢᠨ ᠪᠠᠶᠢᠴᠠᠭᠠᠬᠤ ᠠᠵᠢᠯ ᠳᠤ ᠣᠷᠣᠯᠴᠠᠭᠤᠯᠬᠤ ᠲᠠᠢ ᠬᠠᠮᠵᠢᠯᠴᠠᠨ᠂ ᠬᠢᠨᠠᠨ ᠪᠤᠳᠤᠬᠤ ᠲᠤᠰᠬᠠᠶ ᠮᠡᠷᠭᠡᠵᠢᠯ ᠤᠨ ᠳᠠᠪᠠᠭᠤᠯᠢᠭ ᠢ ᠨᠡᠯᠢᠶᠡᠳ ᠰᠠᠶᠢᠨ ᠪᠠᠳᠠᠷᠠᠭᠤᠯᠤᠨ᠎ᠠ᠃ ᠤᠯᠤᠰ ᠲᠥᠷᠥ ᠶᠢᠨ ᠲᠣᠭᠤᠷᠢᠨ ᠪᠠᠶᠢᠴᠠᠭᠠᠬᠤ ᠠᠵᠢᠯ ᠤᠨ ᠳᠤᠮᠳᠠ᠂ ᠬᠢᠨᠠᠨ ᠪᠤᠳᠤᠬᠤ ︽ᠬᠤᠰᠢᠭᠤᠴᠢ ᠴᠡᠷᠢᠭ︾ ᠪᠣᠯᠤᠨ ᠲᠣᠭᠤᠷᠢᠨ ᠪᠠᠶᠢᠴᠠᠭᠠᠬᠤ ︽ᠬᠤᠷᠴᠠ ᠰᠡᠯᠡᠮ᠎ᠡ︾ ᠵᠡᠷᠭᠡᠪᠡᠷ ᠣᠷᠣᠵᠤ ᠰᠠᠭᠤᠨ᠂ ᠴᠢᠬᠤᠯᠠ ᠶᠡᠭᠡ ᠰᠦᠪᠡᠭᠴᠢ ᠶᠢ ᠬᠠᠮᠲᠤ ᠪᠠᠷ ᠰᠤᠳᠤᠯᠤᠨ ᠮᠠᠭᠠᠳᠯᠠᠬᠤ᠂ ᠬᠢᠨᠠᠯᠲᠠ ᠲᠠᠯᠪᠢᠭᠰᠠᠨ ᠦᠷ᠎ᠡ ᠳ᠋ᠦᠩ ᠢ ᠬᠠᠮᠲᠤᠷᠠᠨ ᠮᠡᠳᠡᠭᠡᠯᠡᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠵᠠᠭᠪᠤᠷ ᠢ ᠬᠡᠷᠡᠭᠯᠡᠨ᠎ᠡ᠃ ᠣᠲᠣ ᠪᠣᠯᠲᠠᠯ᠎ᠠ᠂ ᠬᠢᠨᠠᠨ ᠪᠤᠳᠤᠬᠤ ᠲᠣᠪᠴᠢᠶ᠎ᠠ ᠨᠢᠭᠡᠨᠲᠡ ᠲᠤᠰᠬᠠᠶ ᠮᠡᠷᠭᠡᠵᠢᠯ ᠤᠨ ᠬᠢᠨᠠᠨ ᠪᠤᠳᠤᠬᠤ ᠠᠵᠢᠯᠲᠠᠨ ᠢ ᠰᠢᠯᠵᠢᠭᠦᠯᠦᠨ ᠲᠣᠮᠢᠯᠠᠵᠤ᠂ ᠴᠠᠭᠳᠠᠨ ᠪᠠᠶᠢᠴᠠᠭᠠᠬᠤ ᠳᠤ ᠣᠷᠣᠯᠴᠠᠭᠰᠠᠨ ᠬᠥᠮᠦᠨ ᠤᠳᠠᠭ᠎ᠠ ᠨᠡᠶᠢᠲᠡ 10 ᠭᠠᠷᠤᠶ ᠬᠥᠮᠦᠨ ᠤᠳᠠᠭ᠎ᠠ ᠳᠤ ᠬᠦᠷᠴᠡᠶ᠃ ᠬᠢᠨᠠᠨ ᠪᠤᠳᠤᠬᠤ ᠪᠠ ᠲᠣᠭᠤᠷᠢᠨ ᠪᠠᠶᠢᠴᠠᠭᠠᠬᠤ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ ᠪᠠᠷ ᠳᠠᠮᠵᠢᠭᠤᠯᠤᠨ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠳᠤ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ︽ᠨᠡᠪᠲᠡᠷᠡᠲᠡᠯ᠎ᠡ ᠪᠠᠶᠢᠴᠠᠭᠠᠬᠤ︾ ᠶᠢ ᠬᠠᠮᠲᠤ ᠪᠠᠷ ᠠᠬᠢᠭᠤᠯᠤᠨ᠎ᠠ᠃      ᠭᠤᠷᠪᠠ ᠳᠤ᠂ ᠦᠷ᠎ᠡ ᠪᠦᠲᠦᠭᠡᠯ ᠢ ᠨᠡᠪᠲᠡᠷᠡᠭᠦᠯᠬᠦ ᠪᠠᠷ ᠬᠦᠴᠦᠯᠡᠬᠦ ᠴᠡᠭ ᠪᠣᠯᠭᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠬᠢᠨᠠᠨ ᠪᠤᠳᠤᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠦᠷ᠎ᠡ ᠪᠦᠲᠦᠭᠡᠯ ᠤᠨ ᠬᠡᠷᠡᠭᠯᠡᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠤᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠪᠦᠷᠢᠯᠳᠦᠬᠦᠨ ᠨᠢᠭᠡᠴᠢ ᠶᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠬᠠᠷᠢᠯᠴᠠᠨ ᠬᠠᠨᠳᠤᠬᠤ ᠶᠢ ᠠᠬᠢᠭᠤᠯᠵᠤ᠂ ᠬᠢᠨᠠᠨ ᠪᠤᠳᠤᠭᠰᠠᠨ ᠦᠷ᠎ᠡ ᠪᠦᠲᠦᠭᠡᠯ ᠢ ᠦᠨᠡᠨ ᠬᠦ ᠬᠡᠷᠡᠭᠯᠡᠵᠦ᠂ ᠪᠣᠳᠠᠲᠠᠶ ᠳᠤ ᠬᠡᠷᠡᠭᠯᠡᠨ᠎ᠡ᠃ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠡᠳᠦᠷ ᠲᠤᠳᠤᠮ ᠤᠨ ᠬᠢᠨᠠᠯᠲᠠ ᠲᠠᠯᠪᠢᠬᠤ ᠠᠭᠤᠯᠭ᠎ᠠ ᠪᠣᠯᠭᠠᠵᠤ᠂ ᠬᠢᠨᠠᠯᠲᠠ ᠲᠠᠯᠪᠢᠵᠤ ᠨᠡᠪᠲᠡᠷᠡᠯᠴᠡᠭᠦᠯᠦᠨ ᠵᠣᠬᠢᠴᠠᠭᠤᠯᠤᠭᠰᠠᠨ ᠲᠤᠭ᠎ᠠ ᠪᠠᠷᠢᠮᠲᠠ ᠶᠢᠨ ᠲᠠᠪᠴᠠᠩ ᠢ ᠭᠦᠢᠴᠡᠳ ᠠᠰᠢᠭᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠪᠣᠶ ᠪᠥᠬᠦᠶ ᠬᠢᠨᠠᠨ ᠪᠤᠳᠤᠬᠤ ᠮᠡᠳᠡᠭᠦᠯᠦᠯᠲᠡ ᠵᠢᠴᠢ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠦᠬᠦᠨ ᠢ ᠲᠠᠪᠴᠠᠩ ᠳᠤ ᠳᠠᠮᠵᠢᠭᠤᠯᠵᠤ᠂ ᠣᠳᠣᠬᠠᠨ ᠳᠤ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠨᠢ ᠨᠢᠭᠡᠨᠲᠡ ︽ᠵᠠᠰᠠᠭ ᠤᠨ ᠣᠷᠳᠣᠨ ᠲᠦᠷᠦᠭᠦᠯᠡᠨ ᠶᠡᠷᠦᠩᠬᠡᠶᠢᠯᠡᠨ ᠠᠳᠬᠤᠬᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠶᠢ ᠠᠬᠢᠭᠤᠯᠬᠤ᠂ ᠬᠢᠨᠠᠨ ᠪᠤᠳᠤᠵᠤ ᠵᠢᠯᠣᠭᠤᠳᠤᠨ ᠮᠥᠷᠳᠡᠬᠦ᠂ ᠬᠠᠷᠢᠭᠤᠴᠠᠯᠭᠠᠲᠤ ᠨᠢᠭᠡᠴᠡ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠬᠤ︾ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠪᠡ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠥᠰᠦᠪ ᠤᠨ ᠭᠦᠢᠴᠡᠳᠬᠡᠯ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢᠨ ᠴᠢᠬᠤᠯᠠ ᠦᠨᠳᠦᠰᠦᠯᠡᠯ ᠪᠣᠯᠭᠠᠪᠠ︔ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠯᠲᠠ ᠶᠢᠨ ᠦᠷ᠎ᠡ ᠳ᠋ᠦᠩ ᠢ ᠺᠠᠳ᠋ᠷ ᠢ ᠬᠢᠨᠠᠨ ᠰᠢᠯᠭᠠᠬᠤ ᠴᠢᠬᠤᠯᠠ ᠯᠠᠪᠯᠠᠯᠲᠠ ᠪᠣᠯᠭᠠᠵᠤ᠂ ᠤᠯᠠᠨ ᠲᠠᠯ᠎ᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠦᠷ᠎ᠡ ᠪᠦᠲᠦᠭᠡᠯ ᠢᠶᠠᠷ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠴᠢᠨᠠᠭᠰᠢᠳᠠ ᠭᠦᠨᠵᠡᠭᠡᠶᠢᠷᠡᠭᠦᠯᠵᠦ᠂ ᠬᠢᠨᠠᠨ ᠪᠤᠳᠤᠬᠤ ᠪᠠ ᠰᠠᠬᠢᠯᠭ᠎ᠠ ᠪᠠᠲᠤ ᠪᠠᠶᠢᠴᠠᠭᠠᠬᠤ᠂ ᠲᠣᠭᠤᠷᠢᠨ ᠪᠠᠶᠢᠴᠠᠭᠠᠬᠤ ᠶᠢ ᠬᠠᠮᠵᠢᠯᠴᠠᠭᠤᠯᠤᠨ ᠨᠡᠪᠲᠡᠷᠡᠭᠦᠯᠵᠦ ᠬᠢᠨᠠᠯᠲᠠ ᠲᠠᠯᠪᠢᠬᠤ ︽ᠰᠡᠭᠦᠯᠴᠢ ᠶᠢᠨ ᠬᠠᠭᠠᠰ ᠠᠵᠢᠯ︾ ᠢ ᠦᠨᠡᠨ ᠬᠦ ᠰᠠᠶᠢᠲᠤᠷ ᠬᠢᠨ᠎ᠡ᠃      ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠪᠡᠶ᠎ᠡ ᠪᠠᠨ ᠳᠠᠭᠠᠭᠠᠵᠤ ᠬᠢᠨᠠᠨ ᠪᠤᠳᠤᠬᠤ ᠠᠵᠢᠯ ᠢ ᠥᠷᠨᠢᠭᠦᠯᠬᠦ ᠪᠠᠷ ᠬᠦᠴᠦᠯᠡᠨ ᠴᠢᠷᠮᠠᠶᠢᠬᠤ ᠶᠢᠨ ᠬᠠᠮᠲᠤ᠂ ᠬᠢᠨᠠᠯᠲᠠ ᠲᠠᠯᠪᠢᠬᠤ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ᠂ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠵᠤ᠂ ᠰᠠᠬᠢᠯᠭ᠎ᠠ ᠪᠠᠲᠤ ᠪᠠᠶᠢᠴᠠᠭᠠᠬᠤ᠂ ᠲᠣᠭᠤᠷᠢᠨ ᠪᠠᠶᠢᠴᠠᠭᠠᠬᠤ ᠬᠠᠷᠢᠯᠴᠠᠭ᠎ᠠ ᠶᠢ ᠰᠢᠯᠤᠭᠤᠳᠬᠠᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠠᠭᠴᠠ ᠲᠠᠯ᠎ᠠ ᠠᠴᠠ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠤᠨ ᠬᠡᠷᠡᠭ ᠤᠨ ᠳᠠᠷᠠᠭ᠎ᠠ ᠰᠠᠬᠢᠯᠭ᠎ᠠ ᠪᠠᠲᠤ ᠪᠠᠶᠢᠴᠠᠭᠠᠬᠤ᠂ ᠲᠣᠭᠤᠷᠢᠨ ᠪᠠᠶᠢᠴᠠᠭᠠᠬᠤ ᠰᠠᠯᠠᠭ᠎ᠠ ᠮᠥᠴᠢᠷ ᠲᠡᠰᠢ ᠰᠢᠯᠵᠢᠭᠦᠯᠦᠨ ᠬᠦᠷᠭᠡᠵᠦ᠂ ᠭᠤᠷᠪᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ ᠵᠡᠷᠭᠡᠪᠡᠷ ᠬᠢᠨᠠᠯᠲᠠ ᠲᠠᠯᠪᠢᠬᠤ ᠲᠡᠰᠢ ᠬᠤᠪᠢᠷᠠᠭᠤᠯᠵᠤ᠂ ᠨᠠᠮ ᠤᠨ ᠳᠣᠲᠣᠭᠠᠳᠤ ᠶᠢᠨ ᠬᠢᠨᠠᠯᠲᠠ᠂ ᠤᠯᠤᠰ ᠲᠦᠷᠦ ᠶᠢᠨ ᠬᠢᠨᠠᠯᠲᠠ ᠪᠠ ᠠᠵᠤ ᠠᠬᠤᠢ ᠶᠢᠨ ᠬᠢᠨᠠᠯᠲᠠ ᠲᠠᠯᠪᠢᠬᠤ ᠬᠠᠷᠠᠯᠲᠠ ᠢᠵᠢᠯ ᠴᠢᠭᠯᠡᠯ᠂ ᠲᠡᠰ ᠳᠠᠷᠠᠭᠠᠯᠠᠯ ᠬᠤᠯᠪᠣᠭᠠᠯᠠᠨ ᠬᠥᠳᠡᠯᠦᠯᠴᠡᠬᠦ᠂ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠡᠩ ᠰᠠᠶᠢᠲᠤᠷ ᠪᠤᠢ ᠪᠤᠯᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号