ᠴᠢᠩᠱᠠᠨ ᠲᠣᠭᠤᠷᠢᠭ 2024 ᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠢ ᠤᠭᠲᠤᠬᠤ ᠶᠣᠰᠣᠯᠠᠯ ᠵᠢᠴᠢ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/18
      ᠴᠡᠷᠢᠭ ᠤᠨ ᠠᠯᠪᠠ ᠠᠴᠠ ᠬᠠᠯᠠᠭᠳᠠᠭᠰᠠᠳ ᠤᠨ ︽ᠲᠠᠪᠤ ᠶᠢ ᠬᠠᠯᠠᠮᠵᠢᠯᠠᠬᠤ︾ ᠠᠵᠢᠯ ᠤᠨ ᠱᠠᠭᠠᠷᠳᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠯᠠᠮᠵᠢᠯᠠᠯ ᠢ ᠢᠯᠡᠷᠡᠭᠦᠯᠵᠦ᠂ ᠬᠦᠨᠳᠦᠳᠬᠡᠨ ᠡᠷᠬᠢᠮᠯᠡᠬᠦ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︽ᠴᠢᠩᠱᠠᠨ ᠲᠣᠭᠤᠷᠢᠭ ᠤᠨ 2024 ᠣᠨ ᠎ ᠤ ᠴᠡᠷᠢᠭ ᠤᠨ ᠠᠯᠪᠠ ᠠᠴᠠ ᠬᠠᠯᠠᠭᠳᠠᠭᠰᠠᠳ ᠢ ᠤᠭᠲᠤᠬᠤ ᠶᠣᠰᠣᠯᠠᠯ ᠵᠢᠴᠢ ᠶᠠᠷᠢᠯᠴᠠᠬᠤ ᠬᠤᠷᠠᠯ︾ ᠡᠷᠭᠢᠯᠡᠪᠡ᠃      2024 ᠣᠨ ᠳᠤ ᠴᠢᠩᠱᠠᠨ ᠲᠣᠭᠤᠷᠢᠭ  ᠵᠠᠰᠠᠭ ᠤᠨ ᠣᠷᠳᠣᠨ ᠤ ᠠᠵᠢᠯ ᠲᠣᠬᠢᠷᠠᠭᠤᠯᠬᠤ ᠨᠥᠬᠦᠴᠡᠯ ᠳᠤ ᠨᠡᠶᠢᠴᠡᠬᠦ ᠴᠡᠷᠢᠭ ᠤᠨ ᠠᠯᠪᠠ ᠠᠴᠠ ᠬᠠᠯᠠᠭᠳᠠᠭᠰᠠᠳ 8 ᠨᠡᠷᠡᠰ ᠪᠠᠶᠢᠯᠳᠤᠭᠴᠢ ᠶᠢ ᠬᠦᠯᠢᠶᠡᠨ ᠠᠪᠤᠪᠠ᠃ ᠤᠭᠲᠤᠬᠤ ᠶᠣᠰᠣᠯᠠᠯ ᠢ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢᠦ ᠱᠤᠤ ᠪᠥᠸᠧ ᠡᠷᠬᠢᠯᠡᠵᠦ᠂ ᠴᠢᠩᠱᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠲᠢᠶᠠᠨ ᠯᠢ ᠣᠷᠣᠯᠴᠠᠭᠰᠠᠨ ᠪᠥᠭᠡᠳ ᠤᠭᠲᠤᠬᠤ ᠦᠭᠡ ᠬᠡᠯᠡᠪᠡ᠃ ᠶᠣᠰᠣᠯᠠᠯ ᠨᠢ ᠲᠣᠮᠣ ᠤᠯᠠᠭᠠᠨ ᠬᠤᠸᠠᠷ ᠵᠡᠭᠦᠯᠭᠡᠬᠦ᠂ ︽ᠴᠡᠷᠢᠭ ᠤᠨ ᠠᠯᠪᠠ ᠠᠴᠠ ᠬᠠᠯᠠᠭᠳᠠᠭᠰᠠᠳ︾᠎ ᠤᠨ ᠪᠦᠴᠡ ᠵᠡᠭᠦᠬᠦ ᠪᠠᠷ ᠳᠠᠮᠵᠢᠭᠤᠯᠤᠨ ᠢᠷᠠᠭᠤ ᠠᠯᠳᠠᠷ ᠢᠶᠠᠨ ᠢᠯᠡᠷᠡᠭᠦᠯᠦᠭᠰᠡᠨ ᠪᠥᠭᠡᠳ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠲᠥᠷᠥ ᠶᠢᠨ ᠪᠣᠳᠣᠯᠭ᠎ᠠ᠂ ᠴᠡᠷᠢᠭ ᠬᠦᠷᠢᠶᠡᠯᠡᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢᠨ ᠲᠤᠬᠠᠶ ᠲᠣᠪᠴᠢ ᠲᠠᠶᠢᠯᠤᠮᠵᠢ ᠬᠢᠪᠠ᠃      ᠸᠠᠩ ᠲᠢᠶᠠᠨ ᠯᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠨᠤᠲᠤᠭ ᠲᠠᠭᠠᠨ ᠪᠤᠴᠠᠬᠤ ᠪᠣᠯ ᠣᠷᠣᠨ ᠨᠤᠲᠤᠭ ᠤᠨ ᠠᠵᠤ ᠠᠬᠤᠶ᠂ ᠨᠡᠶᠢᠭᠡᠮ ᠤᠨ ᠬᠥᠭᠵᠢᠯᠲᠡ ᠶᠢᠨ ᠴᠢᠬᠤᠯᠠ ᠰᠢᠨ᠎ᠡ ᠬᠦᠴᠦᠨ ᠮᠥᠨ᠃ ᠴᠡᠷᠢᠭ ᠤᠨ ᠠᠯᠪᠠ ᠠᠴᠠ ᠬᠠᠯᠠᠭᠳᠠᠭᠰᠠᠳ ᠨᠠᠮ ᠪᠠ ᠴᠡᠷᠢᠭ ᠠᠩᠭᠢ ᠶᠢᠨ ᠬᠥᠮᠦᠵᠢᠯ ᠢ ᠪᠠᠲᠤ ᠴᠡᠭᠡᠵᠢᠯᠡᠵᠦ᠂ ᠨᠡᠶᠢᠭᠡᠮ ᠤᠨ ᠠᠮᠢᠳᠤᠷᠠᠯ ᠳᠤᠮᠳᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠳᠠᠪᠠᠭᠤᠯᠢᠭ ᠢᠶᠠᠨ ᠪᠠᠳᠠᠷᠠᠭᠤᠯᠵᠤ᠂ ᠨᠡᠶᠢᠭᠡᠮ ᠤᠨ ᠢᠳᠡᠪᠬᠢ ᠬᠦᠴᠦᠨ ᠢ ᠲᠠᠰᠤᠷᠠᠯᠲᠠ ᠦᠭᠡᠢ ᠳᠠᠮᠵᠢᠭᠤᠯᠬᠤ ᠬᠡᠷᠡᠭᠲᠡᠶ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠪ ᠴᠢᠨᠠᠷ ᠢ ᠪᠠᠳᠠᠷᠠᠭᠤᠯᠤᠨ ᠳᠡᠯᠭᠡᠷᠡᠭᠦᠯᠵᠦ᠂ ᠬᠤᠶᠢᠰᠢᠳᠠ ᠶᠢᠨ ᠠᠵᠢᠯ ᠤᠨ ᠪᠠᠶᠢᠷᠢ ᠳᠡᠭᠡᠷ᠎ᠡ ᠪᠠᠨ ᠴᠡᠷᠢᠭ ᠤᠨ ᠬᠥᠮᠦᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠯᠢᠭᠡᠷ ᠳᠠᠭᠤᠷᠢᠶᠠᠯ ᠤᠨ ᠬᠤᠰᠢᠭᠤᠴᠢ ᠪᠣᠯᠬᠤ ᠪᠠᠷ ᠴᠢᠷᠮᠠᠶᠢᠵᠤ᠂ ᠪᠤᠭᠤᠲᠤ ᠬᠤᠳᠠ᠂ ᠴᠢᠩᠱᠠᠨ ᠲᠣᠭᠤᠷᠢᠭ ᠤᠨ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ᠂ ᠸᠠᠩ ᠲᠢᠶᠠᠨ ᠯᠢ ᠨᠥᠬᠦᠷ ᠢᠯᠡ ᠪᠠᠷ ᠲᠥᠪᠬᠢᠨᠡᠭᠦᠯᠬᠦ ᠠᠵᠢᠯ ᠤᠨ ᠪᠠᠶᠢᠷᠢ ᠰᠣᠩᠭᠤᠬᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠵᠠᠯᠭᠠᠮᠵᠢ ᠦᠢᠯᠡᠴᠢᠯᠡᠭᠡᠨ ᠤ ᠲᠤᠬᠠᠶ ᠲᠣᠪᠴᠢ ᠲᠠᠨᠢᠯᠴᠠᠭᠤᠯᠭ᠎ᠠ ᠬᠢᠪᠠ᠃      ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠬᠤᠪᠢ ᠲᠣᠭᠲᠠᠭᠠᠬᠤ ᠨᠡᠷᠡᠰ ᠤᠨ ᠵᠢᠭᠰᠠᠭᠠᠯᠲᠠ ᠶᠢᠨ ᠪᠠᠶᠢᠳᠠᠯ᠂ ᠲᠥᠪᠬᠢᠨᠡᠭᠦᠯᠬᠦ ᠠᠵᠢᠯ ᠤᠨ ᠪᠠᠶᠢᠷᠢ ᠶᠢᠨ ᠪᠠᠶᠢᠳᠠᠯ ᠢ ᠦᠨᠳᠦᠰᠦᠯᠡᠨ ︽ᠢᠯᠡ ᠪᠠᠷ ᠲᠥᠪᠬᠢᠨᠡᠭᠦᠯᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠲᠣᠬᠢᠷᠠᠭᠤᠯᠬᠤ ᠨᠥᠬᠦᠴᠡᠯ ᠳᠤ ᠨᠡᠶᠢᠴᠡᠬᠦ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠵᠢᠯ ᠢ ᠰᠠᠶᠢᠲᠤᠷ ᠬᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号