3 ᠰᠠᠷ᠎ᠠ ᠶᠢᠨ 4 ᠤ ᠡᠳᠦᠷ᠂ ᠪᠦᠬᠦ ᠤᠯᠤᠰ ᠤᠨ ᠡᠮᠡᠭᠲᠡᠢᠴᠦᠳ ᠤᠨ ᠬᠤᠯᠪᠣᠭ᠎ᠠ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠡᠮᠡᠭᠲᠡᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠢᠴᠢᠯ ᠺᠢᠨᠣ ᠶᠢᠨ | ᠤᠷᠤᠯᠳᠤᠭᠠᠨ᠂ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠡᠮᠡᠭᠲᠡᠢ ᠰᠠᠶᠢᠨ ᠳᠤᠷ᠎ᠠ ᠶᠢᠨ ᠦᠢᠯᠡᠴᠢᠯᠡᠭᠡ ᠶᠢᠨ | ᠴᠤᠭᠯᠠᠭᠤᠯᠤᠨ ᠳᠡᠯᠭᠡᠨ ᠦᠵᠡᠭᠦᠯᠬᠦ ᠠᠵᠢᠯᠯᠠᠭ᠎ᠠ ᠶᠢ ᠨᠡᠢᠲᠡᠯᠡᠬᠦ ᠶᠣᠰᠣᠯᠠᠯ ᠶᠠᠪᠤᠭᠤᠯᠵᠤ᠂ 10 ᠪᠦᠲᠦᠭᠡᠯ ᠨᠢ ᠠᠷᠪᠠᠨ | ᠰᠢᠯᠢᠳᠡᠭ ᠪᠢᠴᠢᠯ ᠺᠢᠨᠣ ᠪᠠᠷ ᠦᠨᠡᠯᠡᠭᠳᠡᠵᠦ᠂ ᠪᠤᠭᠤᠲᠤ ᠬᠤᠲᠠ ᠶᠢᠨ ᠡᠮᠡᠭᠲᠡᠢᠴᠦᠳ ᠤᠨ ᠬᠤᠯᠪᠣᠭ᠎ᠠ᠂ ᠴᠢᠩᠱᠠᠨ | ᠲᠣᠭᠤᠷᠢᠭ ᠤᠨ ᠡᠮᠡᠭᠲᠡᠢᠴᠦᠳ ᠤᠨ ᠬᠤᠯᠪᠣᠭᠠᠲᠤ ᠬᠤᠷᠠᠯ ᠠᠴᠠ ᠬᠠᠮᠲᠤᠷᠠᠨ ᠦᠢᠯᠡᠳᠦᠭᠰᠡᠨ ᠡᠮᠡᠭᠲᠡᠢ ᠰᠠᠶᠢᠨ | ᠳᠤᠷ᠎ᠠ ᠶᠢᠨ ᠦᠢᠯᠡᠴᠢᠯᠡᠭᠡᠨ ᠤ ᠪᠢᠴᠢᠯ ᠺᠢᠨᠣ ︽ᠴᠣᠩᠬᠤ︾᠂ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ | ᠰᠣᠩᠭᠤᠭᠳᠠᠭᠰᠠᠨ ᠪᠦᠲᠦᠭᠡᠯ ᠪᠣᠯᠤᠨ᠎ᠠ᠃ | 3 ᠰᠠᠷ᠎ᠠ ᠶᠢᠨ 5 ᠤ ᠡᠳᠦᠷ᠂ ᠴᠢᠩᠱᠠᠨ ᠲᠣᠭᠤᠷᠢᠭ ᠤᠨ ᠠᠵᠢᠯᠴᠢᠨ ᠤ ᠡᠪᠯᠡᠯ ᠤᠨ ᠬᠡᠷᠡᠭ ᠤᠨ ᠵᠢᠱᠢᠶ᠎ᠡ ᠨᠢ | ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠤᠨ 2024 ᠣᠨ ᠤ ᠭᠤᠤᠯᠳᠠᠯᠭ᠎ᠠ ᠲᠠᠢ ᠠᠵᠢᠯ ᠤᠨ ᠰᠢᠨ᠎ᠡ ᠶᠢ | ᠡᠭᠦᠳᠦᠭᠰᠡᠨ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ᠪᠦᠬᠦ ᠤᠯᠤᠰ ᠲᠤ ᠨᠡᠶᠢᠲᠡ 15 ᠵᠦᠢᠯ ᠤᠨ 129 | ᠬᠡᠷᠡᠭ ᠤᠨ ᠵᠢᠱᠢᠶ᠎ᠡ ᠰᠣᠩᠭᠤᠭᠳᠠᠵᠤ᠂ ᠡᠭᠦᠨ ᠳᠤ ︽ᠴᠢᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠢ | ᠡᠪᠯᠡᠯ ᠠᠴᠠ ︿ᠬᠥᠨᠳᠡᠯᠡᠨ ᠠᠴᠠ ᠲᠠᠰᠤᠯᠬᠤ + ᠠᠵᠢᠯᠴᠢᠨ ᠤ ᠡᠪᠯᠡᠯ﹀ ᠤᠨ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ | ᠬᠤᠯᠪᠣᠯᠳᠤᠭᠰᠠᠨ ᠵᠠᠭᠪᠤᠷ ᠢ ᠪᠠᠶᠢᠭᠤᠯᠵᠤ ᠬᠥᠳᠡᠯᠮᠦᠷᠢ ᠶᠢᠨ ᠮᠠᠷᠭᠤᠯᠳᠤᠭᠠᠨ ᠢ ᠤᠯᠠᠨ ᠡᠰᠢᠵᠢᠭᠦᠯᠬᠦ ᠰᠢᠨ᠎ᠡ | ᠲᠠᠪᠴᠠᠩ ᠢ ᠪᠤᠢ ᠪᠣᠯᠭᠠᠬᠤ︾ ᠲᠠᠪᠴᠠᠩ ᠳᠤ ᠣᠷᠣᠵᠤ᠂ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠪᠠ | ᠠᠵᠢᠯᠳᠠᠨ ᠠᠵᠢᠯᠴᠢᠨ ᠤ ᠬᠠᠤᠯᠢ ᠴᠠᠭᠠᠵᠠ ᠶᠢᠨ ᠲᠤᠰᠠᠯᠠᠮᠵᠢ ᠳᠤ ᠣᠷᠣᠯᠴᠠᠪᠠ᠃ | 3 ᠰᠠᠷ᠎ᠠ ᠶᠢᠨ 11 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠪᠣᠯᠤᠨ | ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠮᠲᠤᠷᠠᠨ ︽ᠴᠢᠩᠱᠠᠨ ᠤ ᠰᠡᠳᠭᠢᠯ ᠠᠷᠠᠳ ᠤᠨ | ᠲᠥᠯᠥᠭᠡ ᠵᠢᠳᠬᠦᠬᠦ︾ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠲᠤᠰᠬᠠᠢ ᠰᠠᠭᠤᠷᠢ ᠮᠥᠩᠭᠦ ᠶᠢᠨ ᠭᠡᠷ᠎ᠡ | ᠲᠣᠭᠲᠠᠬᠤ ᠶᠣᠰᠣᠯᠠᠯ ᠢ ᠡᠷᠬᠢᠯᠡᠪᠡ᠃ ︽ᠴᠢᠩᠱᠠᠨ ᠤ ᠰᠡᠳᠭᠢᠯ ᠠᠷᠠᠳ ᠤᠨ ᠲᠥᠯᠥᠭᠡ ᠵᠢᠳᠬᠦᠬᠦ︾ ᠬᠠᠤᠯᠢ | ᠴᠠᠭᠠᠵᠠ ᠶᠢᠨ ᠠᠪᠤᠷᠠᠨ ᠲᠤᠰᠠᠯᠠᠬᠤ ᠲᠤᠰᠬᠠᠶ ᠰᠠᠭᠤᠷᠢ ᠮᠥᠩᠭᠦ ᠶᠢ ᠬᠤᠶᠠᠷ ᠡᠷᠦᠬᠡ ᠶᠢᠨ ᠬᠢᠨ ᠬᠠᠮᠲᠤ ᠪᠠᠷ | ᠰᠠᠨᠠᠭᠠᠴᠢᠯᠠᠵᠤ᠂ ︽ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ + ᠨᠡᠶᠢᠭᠡᠮ ᠤᠨ ᠠᠪᠤᠷᠠᠨ ᠲᠤᠰᠠᠯᠠᠯᠲᠠ︾ ᠶᠢᠨ | ᠠᠪᠤᠷᠠᠨ ᠲᠤᠰᠠᠯᠠᠬᠤ ᠵᠠᠭᠪᠤᠷ ᠢᠶᠠᠷ ᠳᠠᠮᠵᠢᠭᠤᠯᠤᠨ᠂ ᠶᠠᠯᠠᠲᠤ ᠠᠵᠢᠯᠯᠠᠭ᠎ᠠ ᠶᠢᠨ ᠬᠠᠯᠳᠠᠯᠭ᠎ᠠ ᠳᠤ ᠤᠴᠠᠷᠠᠭᠰᠠᠨ ᠪᠤᠶᠤ | ᠢᠷᠭᠡᠨ ᠤ ᠬᠡᠷᠡᠭ ᠤᠨ ᠡᠷᠬᠡ ᠳᠤ ᠬᠠᠯᠳᠠᠭᠰᠠᠨ᠂ ᠵᠠᠷᠭᠤ ᠪᠠᠷ ᠳᠡᠮᠵᠢᠨ ᠪᠦᠲᠦᠮᠵᠢᠲᠡᠶ ᠲᠥᠯᠥᠪᠦᠷᠢ ᠣᠯᠵᠤ ᠳᠡᠶᠢᠯᠬᠦ | ᠦᠭᠡᠢ᠂ ᠠᠮᠢᠳᠤᠷᠠᠯ ᠳᠤ ᠪᠠᠴᠢᠮ ᠬᠦᠴᠢᠷᠳᠡᠯ ᠲᠤᠯᠭᠠᠷᠠᠭᠰᠠᠨ ᠲᠤᠬᠠᠢ ᠶᠢᠨ ᠬᠥᠮᠦᠨ ᠳᠤ ᠬᠠᠤᠯᠢ ᠴᠠᠭᠠᠵᠠ ᠶᠢᠨ | ᠠᠪᠤᠷᠠᠨ ᠲᠤᠰᠠᠯᠠᠯᠲᠠ ᠪᠠ ᠬᠠᠪᠰᠤᠷᠤᠨ ᠲᠡᠳᠬᠦᠮᠵᠢ ᠬᠠᠩᠭᠠᠵᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢ | ᠬᠥᠮᠦᠯᠢᠭ ᠦᠵᠡᠯ ᠤᠨ ᠠᠪᠤᠷᠠᠨ ᠲᠤᠰᠠᠯᠠᠯᠲᠠ ᠲᠠᠢ ᠨᠢᠭᠲᠠ ᠤᠶᠠᠯᠳᠤᠭᠤᠯᠤᠨ᠎ᠠ᠃ | 3 ᠰᠠᠷ᠎ᠠ ᠶᠢᠨ 14 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠢ ᠶᠦᠨ ᠰᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 | ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ ᠵᠡᠷᠭᠡ ᠬᠤᠯᠪᠣᠭᠳᠠᠯ ᠪᠦᠬᠦᠢ | ᠶᠠᠪᠤᠳᠠᠯ ᠢ ᠰᠤᠳᠤᠯᠵᠠᠢ᠃ | 3 ᠰᠠᠷ᠎ᠠ ᠶᠢᠨ 21 ᠤ ᠡᠳᠦᠷ᠂ ᠴᠢᠩᠱᠠᠨ ᠲᠣᠭᠤᠷᠢᠭ ᠪᠦᠬᠦ ᠲᠤᠭᠤᠷᠢᠭ ᠤᠨ ᠬᠠᠤᠯᠢᠵᠢᠯ ᠤᠨ ᠵᠠᠰᠠᠭ ᠤᠨ | ᠣᠷᠳᠣᠨ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠠᠬᠢᠭᠤᠯᠬᠤ ᠬᠤᠷᠠᠯ | ᠬᠤᠷᠠᠯᠳᠤᠭᠤᠯᠵᠤ᠂ ᠬᠤᠷᠠᠯ ᠠᠴᠠ 2023 ᠣᠨ ᠤ ᠪᠦᠬᠦ ᠲᠤᠭᠤᠷᠢᠭ ᠤᠨ ᠬᠠᠤᠯᠢᠵᠢᠯ ᠤᠨ ᠵᠠᠰᠠᠭ ᠤᠨ ᠣᠷᠳᠣᠨ ᠤ | ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ | ᠬᠠᠤᠯᠢᠵᠢᠯ ᠤᠨ ᠵᠠᠰᠠᠭ ᠤᠨ ᠣᠷᠳᠣᠨ ᠪᠣᠯᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ | ᠭᠤᠣᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ | 3 ᠰᠠᠷ᠎ᠠ ᠶᠢᠨ 22 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠶᠦᠨ ᠰᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 | ᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠴᠢᠩᠱᠠᠨ | ᠲᠣᠭᠤᠷᠢᠭ ᠤᠨ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ | ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ | ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠲᠣᠭᠲᠠᠭᠠᠯ ᠤᠳ᠂ ᠪᠦᠬᠦ ᠬᠤᠳᠠ ᠶᠢᠨ ᠰᠢᠨ᠎ᠡ ᠴᠠᠭ | ᠦᠶ᠎ᠡ ᠶᠢᠨ ᠰᠣᠶᠣᠯ ᠤᠨ ᠥᠨᠳᠦᠷᠯᠢᠭ ᠢ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠦᠯ ᠵᠡᠷᠭᠡ ᠬᠤᠯᠪᠣᠭᠳᠠᠯ ᠪᠦᠬᠦᠢ | ᠤᠴᠢᠷ ᠶᠠᠪᠤᠳᠠᠯ ᠢ ᠰᠤᠳᠤᠯᠵᠠᠢ᠃ | 3 ᠰᠠᠷ᠎ᠠ ᠶᠢᠨ 27 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠶᠦᠨ ᠰᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 | ᠣᠨ ᠤ 9 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠴᠢᠩᠱᠠᠨ | ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ | ᠬᠡᠷᠡᠭᠵᠢᠭᠦᠯᠬᠦ ᠲᠥᠰᠦᠯ᠂ ᠴᠢᠩᠱᠠᠨ ᠲᠣᠭᠤᠷᠢᠭ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠢᠨᠵᠧᠨᠧᠷᠢᠩ ᠤᠨ ᠬᠡᠷᠡᠭᠵᠢᠭᠦᠯᠬᠦ ᠲᠥᠰᠦᠯ᠂ ᠴᠢᠩᠱᠠᠨ ᠲᠣᠭᠤᠷᠢᠭ ᠤᠨ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠤᠨ | ᠬᠡᠷᠡᠭᠵᠢᠭᠦᠯᠬᠦ ᠲᠥᠰᠦᠯ ᠵᠡᠷᠭᠡ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃ | | | | |