ᠴᠢᠩᠱᠠᠨ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠨᠡᠶᠢᠭᠡᠮ ᠲᠣᠭᠤᠷᠢᠭ ᠤᠨ ᠨᠠᠶᠢᠷᠠᠯ ᠳᠠᠭᠤᠤ ᠶᠢᠨ ᠤᠷᠠᠯᠢᠭ ᠤᠨ ᠨᠠᠶᠢᠷ ᠭᠤᠶᠢᠳᠠ ᠰᠠᠢᠬᠠᠨ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2024/7/22
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠦ᠂ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠦᠨᠳᠦᠰᠦᠨ ᠱᠠᠲᠤᠨ ᠳᠤ ᠬᠠᠯᠠᠮᠰᠢᠯ᠂ ᠣᠯᠠᠨ ᠲᠦᠮᠡᠨ ᠳᠤ ᠬᠠᠯᠠᠮᠰᠢᠯ ᠪᠠᠶᠢᠬᠤ ᠶᠢ ᠪᠠᠷᠢᠮᠲᠠᠯᠠᠵᠤ᠂ ᠴᠢᠩᠱᠠᠨ ᠲᠣᠭᠤᠷᠢᠭ ᠤᠨ ︽ᠨᠡᠶᠢᠭᠡᠮ ᠲᠣᠭᠤᠷᠢᠭ ᠤᠨ ᠨᠠᠶᠢᠷᠠᠯ ᠳᠠᠭᠤᠤ ᠶᠢᠨ ᠨᠠᠶᠢᠷ︾ ᠤᠨ ᠨᠠᠷᠠᠲᠤ ᠲᠡᠮᠳᠡᠭ ᠢ ᠦᠷᠭᠦᠯᠵᠢᠯᠡᠨ ᠭᠢᠯᠠᠯᠵᠠᠭᠤᠯᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 7 ᠰᠠᠷ᠎ᠠ ᠶᠢᠨ 19 ᠤ ᠡᠳᠦᠷ᠂ ︽ᠨᠠᠮ ᠤᠨ ᠠᠴᠢ ᠶᠢᠨ ᠮᠠᠭᠲᠠᠭᠠᠯ    ᠤᠮᠠᠷᠠᠲᠤ ᠬᠢᠯᠢ ᠶᠢ ᠬᠠᠩᠭᠢᠨᠠᠮ᠎ᠠ︾ ᠴᠢᠩᠱᠠᠨ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠨᠡᠶᠢᠭᠡᠮ ᠲᠣᠭᠤᠷᠢᠭ ᠤᠨ ᠨᠠᠶᠢᠷᠠᠯ ᠳᠠᠭᠤᠤ ᠶᠢᠨ ᠤᠷᠠᠯᠢᠭ ᠤᠨ ᠨᠠᠶᠢᠷ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠲᠥᠪ ᠤᠨ ᠵᠢᠵᠢᠭ ᠲᠢᠶᠠᠲᠷ ᠲᠤ ᠭᠤᠶᠢᠳᠠ ᠰᠠᠶᠢᠬᠠᠨ ᠲᠣᠭᠯᠠᠪᠠ᠃ ᠲᠣᠰ ᠤᠳᠠᠭᠠᠨ ᠤ ᠠᠵᠢᠯᠯᠠᠭ᠎ᠠ ᠶᠢ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠯ᠎ᠡ ᠵᠡᠭᠡᠯᠢ ᠪᠠᠯᠭᠠᠰᠤ ᠠᠴᠠ ᠭᠤᠤᠯᠯᠠᠨ ᠡᠷᠬᠢᠯᠡᠵᠦ᠂ ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠳᠠᠭᠠᠭᠠᠴᠢᠯᠠᠨ ᠡᠷᠬᠢᠯᠡᠪᠡ᠃      ᠬᠥᠮᠦᠰ ᠤᠨ ᠪᠠᠭ᠋ᠠᠷᠬᠠᠯ ᠢ ᠲᠠᠲᠠᠭᠰᠠᠨ ᠭᠤᠶᠢᠳᠠ ᠰᠠᠶᠢᠬᠠᠨ 20 ᠳᠠᠭᠤᠤ ᠬᠥᠭᠵᠢᠮ ᠵᠠᠯᠭᠠᠭ᠎ᠠ ᠪᠠᠷ ᠲᠠᠯᠠᠪᠠᠢ ᠳᠤ ᠭᠠᠷᠴᠤ᠂ ᠤᠷᠤᠯᠳᠤᠭᠠᠨ ᠳᠤ ᠣᠷᠣᠯᠴᠠᠬᠤ ᠡᠩᠨᠡᠭᠡ ᠨᠢᠭᠡᠪᠦᠷᠢ ᠴᠥᠮ ᠪᠡᠯᠡᠳᠬᠡᠯ ᠢᠶᠠᠨ ᠭᠦᠢᠴᠡᠳ ᠬᠢᠭᠰᠡᠨ ᠪᠥᠭᠡᠳ ᠤᠷᠤᠯᠳᠤᠭᠠᠨ ᠳᠤ ᠳᠡᠭᠡᠳᠦ ᠬᠡᠮᠵᠢᠶᠡᠨ ᠤ ᠪᠦᠯᠬᠦᠮᠳᠡᠨ ᠬᠠᠮᠵᠢᠯᠴᠠᠬᠤ ᠬᠦᠴᠦᠨ ᠢ ᠢᠯᠡᠷᠡᠭᠦᠯᠵᠦ᠂ ᠤᠯᠠᠮᠵᠢᠯᠠᠯᠲᠤ ᠳᠠᠭᠤᠤ ᠬᠥᠭᠵᠢᠮ ᠤᠨ ᠪᠦᠲᠦᠭᠡᠯ ᠠᠴᠠ ᠴᠠᠭ ᠦᠶ᠎ᠡ ᠶᠢᠨ ᠰᠢᠨ᠎ᠡ ᠳᠠᠭᠤᠨ ᠢᠯᠡᠳᠭᠡᠬᠦ ᠬᠦᠷᠲᠡᠯ᠎ᠡ᠂ ᠬᠥᠭᠵᠢᠮ ᠤᠨ ᠣᠯᠠᠨ ᠡᠰᠢᠲᠦ ᠴᠢᠨᠠᠷ ᠤᠷᠤᠯᠳᠤᠭᠠᠨ ᠤ ᠳᠤᠮᠳᠠ ᠪᠦᠷᠢᠨ ᠲᠡᠭᠦᠯᠳᠡᠷ ᠢᠯᠡᠷᠡᠵᠦ᠂ ᠨᠢᠭᠡ ᠬᠡᠰᠡᠭ ᠳᠠᠭᠤᠤ ᠬᠥᠭᠵᠢᠮ᠂ ᠨᠢᠭᠡ ᠬᠡᠰᠡᠭ ᠥᠯᠢᠭᠡᠷ ᠢ ᠰᠠᠶᠢᠲᠤᠷ ᠶᠠᠷᠢᠵᠤ᠂ ᠨᠢᠭᠡ ᠵᠦᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠰᠢᠨ᠎ᠡ ᠴᠤᠭ ᠵᠢᠪᠬᠤᠭ᠎ᠠ ᠶᠢ ᠢᠯᠡᠷᠡᠭᠦᠯᠵᠦ᠂ ᠴᠢᠩᠱᠠᠨ ᠲᠣᠭᠤᠷᠢᠭ ᠤᠨ ᠠᠷᠠᠳ ᠣᠯᠠᠨ ᠤ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃ ᠪᠦᠲᠦᠭᠡᠯᠴᠢ ᠬᠥᠳᠡᠯᠭᠡᠭᠡᠨ᠂ ︽ᠵᠥᠭᠡᠯᠡᠨ᠂ ᠭᠤᠶᠤ᠂ ᠥᠨᠳᠥᠷ︾ ᠳᠠᠭᠤᠤ ᠨᠢ ᠲᠤᠬᠠᠶ ᠶᠢᠨ ᠲᠠᠯᠠᠪᠠᠶ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠤ᠂ ᠡᠬᠡ ᠤᠯᠤᠰ ᠲᠠᠭᠠᠨ ᠬᠠᠨᠳᠤᠭᠤᠯᠤᠭᠰᠠᠨ ᠬᠠᠶᠢᠷ᠎ᠠ ᠰᠡᠳᠬᠢᠯᠭᠡ ᠶᠢ ᠬᠠᠩᠭᠢᠨᠠᠲᠠᠯ᠎ᠠ ᠮᠠᠭᠲᠠᠨ ᠳᠠᠭᠤᠯᠠᠪᠠ᠃     ᠴᠢᠩᠱᠠᠨ ᠲᠣᠭᠤᠷᠢᠭ ᠪᠦᠬᠦ ᠠᠷᠠᠳ ᠢᠶᠠᠷ ᠢᠶᠠᠨ ᠣᠷᠣᠯᠴᠠᠭᠰᠠᠨ ᠨᠠᠶᠢᠷᠠᠯ ᠳᠠᠭᠤᠤ ᠶᠢᠨ ᠤᠷᠤᠯᠳᠤᠭᠠᠨ ᠢᠶᠠᠷ ᠠᠴᠢᠶᠠᠯᠠᠪᠤᠷᠢ ᠪᠣᠯᠭᠠᠵᠤ᠂ ᠳᠠᠭᠤᠤ ᠪᠠᠷ ᠬᠠᠶᠢᠷ᠎ᠠ ᠰᠡᠳᠬᠢᠯᠭᠡ ᠪᠠᠨ ᠳᠠᠮᠵᠢᠭᠤᠯᠵᠤ᠂ ᠳᠠᠭᠤᠤ ᠪᠠᠷ ᠨᠠᠶᠢᠵᠠ ᠨᠥᠬᠦᠳ ᠢᠶᠠᠨ ᠳᠠᠭᠤᠯᠠᠵᠤ᠂ ᠪᠦᠬᠦ ᠲᠤᠭᠤᠷᠢᠭ ᠤᠨ ᠠᠷᠠᠳ ᠲᠦᠮᠡᠨ ᠣᠷᠭᠢᠯᠤᠮ᠎ᠠ ᠬᠠᠯᠠᠭᠤᠨ ᠰᠡᠳᠬᠢᠯᠭᠡ  ᠪᠠᠷ ᠣᠮᠣᠭᠰᠢᠬᠤ᠂ ᠪᠦᠯᠬᠦᠮᠳᠡᠯ ᠲᠠᠢ᠂ ᠡᠷᠴᠢ ᠵᠣᠷᠢᠭ ᠢᠶᠠᠨ ᠬᠦᠪᠴᠢᠯᠡᠬᠦ ᠶᠢ ᠳᠠᠭᠤᠯᠠᠵᠦ᠂ ᠥᠷᠭᠡᠨ ᠤᠯᠠᠨ ᠰᠠᠭᠤᠭᠠᠯᠢ ᠠᠷᠠᠳ ᠲᠤ ᠴᠢᠩᠱᠠᠨ ᠲᠣᠭᠤᠷᠢᠭ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠡᠳ᠋ᠯᠡᠭᠦᠯᠵᠦ᠂ ᠰᠣᠶᠣᠯ ᠤᠨ ᠡᠯᠪᠡᠭ ᠪᠠᠶᠠᠯᠢᠭ ᠰᠢᠮ᠎ᠡ ᠲᠡᠵᠢᠭᠡᠯ ᠢ ᠡᠳ᠋ᠯᠡᠭᠦᠯᠵᠦ᠂ ᠰᠣᠶᠣᠯ ᠤᠨ ᠢᠲᠡᠭᠡᠯ ᠲᠠᠢ ᠴᠠᠭ ᠦᠶ᠎ᠡ ᠶᠢᠨ ᠬᠦᠴᠦᠷᠬᠡᠭ ᠳᠠᠭᠤᠨ ᠢ ᠬᠠᠩᠭᠢᠨᠠᠭᠤᠯᠤᠨ᠎ᠠ᠃      ᠵᠠᠯᠭᠠᠭᠠᠳ᠂ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠦᠷᠭᠦᠯᠵᠢᠯᠡᠨ ᠠᠷᠠᠳ ᠲᠦᠮᠡᠨ ᠢᠶᠠᠷ ᠭᠤᠤᠯ ᠪᠣᠯᠭᠠᠵᠤ᠂ ᠨᠠᠩ ᠣᠯᠠᠨ ᠰᠢᠯᠢᠳᠡᠭ ᠪᠦᠲᠦᠭᠡᠯ ᠢ ᠵᠢᠯᠣᠭᠤᠳᠤᠨ ᠵᠣᠬᠢᠶᠠᠨ ᠪᠦᠲᠦᠭᠡᠵᠦ᠂ ᠥᠷᠭᠡᠨ ᠣᠯᠠᠨ ᠲᠦᠮᠡᠨ ᠤ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠴᠢᠩᠱᠠᠨ ᠲᠣᠭᠤᠷᠢᠭ ᠤᠨ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠴᠡᠴᠡᠭᠯᠡᠭᠦᠯᠦᠨ ᠬᠥᠭᠵᠢᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号