7 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ ᠳᠤᠭᠤᠶᠢᠯᠠᠩ ᠳᠠᠭᠠᠭᠤᠯᠤᠨ ᠤᠷᠢᠳ ᠬᠤᠵᠢᠳ | ᠸᠧᠶ ᠵᠢᠩ 3GW ᠶᠢᠨ ᠴᠠᠶᠢᠷ ᠤᠨ ᠲᠡᠮᠦᠷ ᠵᠠᠮ ᠤᠨ ᠰᠢᠩᠭᠡᠨ ᠤᠷᠤᠰᠬᠠᠯᠲᠤ ᠳ᠋ᠢᠶᠠᠨ ᡂᠢ᠂ ᠹᠦ᠋ ᠸᠧᠶ ᠫᠷᠣᠫᠧᠨ ᠤ | ᠪᠦᠯᠦᠭᠯᠡᠯ᠂ ᠰᠡᠴᠢ ᠪᠤᠯᠤᠩ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠲᠥᠪ ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠲᠤ ᠬᠦᠷᠴᠦ᠂ ᠲᠥᠷᠥᠯ ᠵᠦᠢᠯ ᠤᠨ ᠪᠠᠷᠢᠯᠭ᠎ᠠ ᠶᠢᠨ | ᠠᠬᠢᠴᠠ᠂ ᠬᠦᠴᠦᠨ ᠵᠦᠢᠯ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠦᠰᠡᠯ | ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ | ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠤᠨ ᠲᠤᠬᠠᠶ ᠲᠤᠬᠠᠶ ᠶᠢᠨ ᠭᠠᠵᠠᠷ ᠲᠤᠨᠢ ᠲᠣᠬᠢᠷᠠᠭᠤᠯᠤᠯᠲᠠ ᠬᠢᠪᠡ᠃ | ᠪᠠᠢ ᠶᠦᠨ ᠰᠢ᠂ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠢ ᠲᠥᠯᠥᠪᠵᠢᠭᠦᠯᠵᠦ᠂ ᠲᠦᠷᠦᠯ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ | ᠬᠠᠷᠠᠯᠲᠠ ᠡᠭᠦᠷᠭᠡ ᠪᠠᠨ ᠪᠠᠲᠤ ᠡᠵᠡᠮᠳᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ | ᠪᠠᠷᠢᠯᠭ᠎ᠠ ᠶᠢᠨ ᠵᠣᠬᠢᠶᠠᠨ ᠪᠠᠶᠢᠭᠤᠯᠤᠯᠲᠠ ᠪᠠᠨ ᠰᠢᠯᠢᠳᠡᠭᠵᠢᠭᠦᠯᠵᠦ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ | ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠲᠦᠷᠦᠯ ᠵᠦᠢᠯ ᠢ ᠡᠷᠲᠡ ᠳᠠᠭᠤᠰᠬᠠᠵᠤ᠂ | ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ︽ᠲᠦᠷᠦᠯ ᠵᠦᠢᠯ ᠢᠶᠠᠷ ᠭᠤᠣᠯ | ᠪᠣᠯᠭᠠᠬᠤ︾ ᠤᠢᠢᠯᠠᠭᠠᠭᠳᠠᠬᠤᠨ ᠢ ᠤᠯᠠᠮ ᠴᠢᠨᠠᠭᠰᠢᠳᠠ ᠪᠠᠲᠤ ᠪᠤᠢ ᠪᠣᠯᠭᠠᠵᠤ᠂ ︽ᠠᠵᠤ ᠦᠢᠯᠡᠰ ᠤᠨ ᠬᠡᠯᠬᠢᠶ᠎ᠡ︾ ᠶᠢᠨ | ᠰᠡᠳᠬᠢᠬᠦᠢ ᠶᠢ ᠶᠡᠬᠡᠪᠡᠷ ᠴᠢᠩᠭᠠᠳᠬᠠᠵᠤ᠂ ᠬᠡᠯᠬᠢᠶ᠎ᠡ ᠶᠢ ᠬᠦᠴᠦᠷᠬᠡᠭᠵᠢᠭᠦᠯᠦᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ | ᠤᠷᠲᠤᠳᠬᠠᠬᠤ ᠰᠢᠪᠲᠤᠯᠤᠯᠲᠠ ᠶᠢᠨ ᠴᠡᠭ ᠪᠠ ᠬᠦᠴᠦᠯᠡᠬᠦ ᠴᠡᠭ ᠢ ᠣᠨᠣᠪᠴᠢᠲᠠᠢ ᠣᠯᠵᠤ᠂ ᠠᠵᠤ ᠦᠢᠯᠡᠰ ᠤᠨ | ᠬᠡᠯᠬᠢᠶ᠎ᠡ ᠶᠢᠨ ᠬᠤᠯᠪᠣᠭᠳᠠᠬᠤ ᠬᠡᠮᠵᠢᠶ᠎ᠡ ᠪᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠲᠠᠭᠠᠭᠤᠯᠤᠬᠴᠢ ᠠᠵᠤ | ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ ᠪᠤᠶᠢᠵᠢᠭᠤᠯᠬᠤ ᠬᠡᠷᠡᠭᠲᠡᠢ᠃ ᠠᠵᠤ ᠠᠬᠤᠶᠢᠯᠠᠯ ᠤᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠲᠠᠨ ᠤ ᠰᠡᠳᠬᠢᠯ ᠳᠤ | ᠬᠠᠨᠤᠮᠵᠢᠲᠠᠢ ᠰᠠᠨᠠᠭ᠎ᠠ ᠠᠮᠤᠷ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠲᠦᠷᠦᠯ ᠲᠡᠮᠳᠡᠭ ᠤᠨ ᠨᠥᠯᠥᠭᠡᠯᠡᠬᠦ | ᠬᠦᠴᠦᠨ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ ︽ᠦᠢᠯᠡᠴᠢᠯᠡᠭᠴᠢ︾ ᠪᠤᠯᠵᠤ᠂ ᠭᠠᠵᠠᠷ | ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ | ᠭᠡᠵᠦ ᠴᠢᠬᠤᠯᠠᠴᠢᠯᠠᠭᠰᠠᠨ ᠪᠠᠶᠢᠨ᠎ᠠ᠃ | ᠲᠣᠭᠤᠷᠢᠭ ᠤᠨ ᠤᠳᠤᠷᠢᠳᠤᠯᠭ᠎ᠠ ᠵᠠᠩ ᠴᠢᠶᠠᠩ᠂ ᠯᠢ ᠶᠦᠩ ᠭᠠᠩ᠂ ᠯᠢ ᠬᠠᠢ ᠹᠧᠩ ᠵᠢᠴᠢ ᠬᠠᠮᠢᠶ᠎ᠠ ᠪᠦᠬᠦᠢ | ᠰᠠᠯᠠᠭ᠎ᠠ ᠮᠥᠴᠢᠷ᠂ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | |