ᠴᠢᠩᠱᠠᠨ ᠲᠣᠭᠤᠷᠢᠭ ᠨᠢ ᠠᠵᠤ ᠦᠢᠯᠡᠳᠪᠦᠷᠢ ᠶᠢᠨ ᠬᠦᠴᠦᠷᠬᠡᠭ ᠣᠷᠣᠨ ᠪᠣᠯᠤᠭᠰᠠᠨ ᠤ ᠬᠤᠪᠢ ᠳᠤ᠂ ᠠᠵᠤ | ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠨᠢᠰᠬᠦ ᠮᠡᠲᠦ ᠲᠦᠷᠭᠡᠨ ᠬᠥᠭᠵᠢᠬᠦ ᠶᠢᠨ ᠬᠠᠮᠲᠤ᠂ | ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠪᠦᠲᠦᠴᠡ ᠴᠦ ᠨᠡᠩ ᠰᠢᠨᠵᠢᠯᠡᠬᠦ ᠤᠬᠠᠭᠠᠨᠴᠢᠯᠠᠯᠲᠠ᠂ ᠳᠡᠭᠡᠳᠦ | ᠲᠡᠰᠵᠢᠯᠲᠡ᠂ ᠤᠯᠠᠨ ᠡᠰᠢᠵᠢᠯᠲᠡ ᠲᠡᠰᠢ ᠤᠷᠤᠭᠰᠢᠯᠠᠵᠤ᠂ ᠲᠣᠨᠣᠭᠯᠠᠯ ᠦᠢᠯᠡᠳᠬᠦ᠂ ᠲᠡᠮᠦᠷᠯᠢᠭ ᠦᠢᠯᠡᠳᠬᠦ᠂ ᠲᠠᠩ | ᠲᠠᠯᠠᠰᠲᠤ ᠴᠠᠬᠢᠭᠤᠷ ᠤᠨ ᠰᠢᠨ᠎ᠡ ᠮᠠᠲ᠋ᠧᠷᠢᠶᠠᠯ᠂ ᠺᠣᠮᠫᠢᠦ᠋ᠲ᠋ᠧᠷ ᠤᠨ ᠴᠢᠮᠡᠭᠡ ᠬᠤᠯᠪᠣᠭ᠎ᠠ ᠪᠠ ᠪᠤᠰᠤᠳ ᠡᠯᠧᠺᠲᠷᠤᠨ | ᠲᠥᠬᠦᠭᠡᠷᠦᠮᠵᠢ ᠦᠢᠯᠡᠳᠬᠦ ᠦᠢᠯᠡᠰ ᠵᠡᠷᠭᠡ ᠠᠵᠤ ᠦᠢᠯᠡᠰ ᠢᠶᠠᠷ ᠲᠤᠯᠭᠠᠭᠤᠷᠢ ᠪᠣᠯᠭᠠᠭᠰᠠᠨ ᠠᠵᠤ ᠦᠢᠯᠡᠳᠪᠦᠷᠢ ᠶᠢᠨ | ᠪᠡᠯᠡ ᠣᠷᠣᠭᠤᠯᠤᠯᠲᠠ ᠶᠢᠨ ᠪᠦᠲᠦᠴᠡ ᠶᠢ ᠠᠯᠬᠤᠮ ᠠᠯᠬᠤᠮ ᠢᠶᠠᠷ ᠪᠦᠷᠢᠯᠳᠦᠭᠦᠯᠪᠡ᠃ | ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠤᠨ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠢᠯᠡ | ᠲᠣᠳᠣ ᠪᠠᠶᠢᠵᠦ᠂ ᠨᠡᠮᠡᠭᠳᠡᠯ ᠤᠨ ᠬᠤᠷᠳᠤᠴᠠ ᠨᠢ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠦᠷᠭᠦᠯᠵᠢᠯᠡᠨ | ᠪᠠᠲᠤᠯᠠᠵᠤ᠂ ᠪᠦᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠣᠭᠲᠠᠭᠤᠨ | ᠨᠡᠮᠡᠭᠳᠡᠯ ᠳᠤ ᠪᠦᠲᠦᠮᠵᠢᠲᠡᠢ ᠲᠤᠯᠭᠠᠭᠤᠷᠢᠯᠠᠯ ᠬᠠᠩᠭᠠᠭᠰᠠᠨ ᠪᠠᠢᠨ᠎ᠠ᠃ 1 - 6 ᠳ᠋ᠤᠭᠠᠷ ᠰᠠᠷ᠎ᠠ ᠳᠤ᠂ ᠪᠥᠬᠦ | ᠲᠤᠭᠤᠷᠢᠭ ᠤᠨ ᠬᠥᠮᠥᠷᠭᠡ ᠳᠤ ᠪᠠᠶᠢᠭ᠎ᠠ ᠠᠵᠤ ᠦᠢᠯᠡᠳᠪᠦᠷᠢ ᠶᠢᠨ ᠲᠥᠷᠥᠯ ᠵᠦᠢᠯ 25 ᠪᠠᠶᠢᠵᠤ᠂ ᠲᠣᠰ ᠵᠢᠯ ᠳᠤ | ᠪᠠᠯᠠ ᠣᠷᠣᠭᠤᠯᠤᠯᠲᠠ ᠶᠢ ᠠᠳᠠᠯᠢ ᠬᠤᠭᠤᠴᠠᠭᠠᠨ ᠤ ᠬᠢ ᠠᠴᠠ 66.1% ᠪᠠᠷ ᠨᠡᠮᠡᠭᠳᠡᠭᠦᠯᠪᠡ᠃ ᠶᠡᠷᠦᠩᠬᠡᠢ ᠪᠡᠯᠡ | ᠣᠷᠤᠭᠤᠯᠤᠯᠲᠠ ᠶᠢᠨ 80.7% ᠶᠢ ᠡᠵᠡᠯᠡᠵᠦ᠂ ᠪᠡᠯᠡ ᠣᠷᠤᠭᠤᠯᠤᠯᠲᠠ ᠶᠢ ᠳᠠᠶᠢᠴᠢᠯᠠᠨ 38.2 ᠵᠠᠭᠤᠨ ᠤ | ᠨᠢᠭᠡᠴᠢ ᠪᠠᠷ ᠨᠡᠮᠡᠭᠳᠡᠭᠦᠯᠵᠦ᠂ ᠬᠤᠪᠢ ᠨᠡᠮᠡᠷᠢ ᠶᠢᠨ ᠨᠣᠷᠮ᠎ᠠ ᠨᠢ 177.6% ᠳᠤ ᠬᠦᠷᠴᠡᠢ᠃ ᠡᠭᠦᠨ ᠳᠤ᠂ ᠤᠰᠤ | ᠬᠠᠩᠭᠠᠬᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠴᠢᠩᠭ᠎ᠠ ᠪᠠᠶᠢᠵᠤ᠂ ᠠᠵᠤ ᠦᠢᠯᠡᠳᠪᠦᠷᠢ ᠶᠢᠨ ᠪᠡᠯᠡ | ᠣᠷᠣᠭᠤᠯᠤᠯᠲᠠ ᠶᠢᠨ 9.2% ᠢ ᠡᠵᠡᠯᠡᠵᠦ᠂ ᠤᠰᠤᠨ ᠠᠰᠢᠭᠯᠠᠯᠲᠠ ᠶᠢᠨ ᠦᠢᠯᠡᠰ ᠪᠡᠯᠡ ᠣᠷᠣᠭᠤᠯᠤᠯᠲᠠ ᠶᠢᠨ | ᠨᠡᠮᠡᠭᠳᠡᠯ ᠢ 9.1 ᠵᠠᠭᠤᠨ ᠤ ᠴᠡᠭ ᠳᠡᠭᠡᠭᠰᠢᠯᠡᠭᠦᠯᠪᠡ᠃ ᠤᠰᠤᠨ ᠤ ᠡᠬᠢ ᠪᠠᠶᠠᠯᠢᠭ ᠢ ᠲᠥᠪᠯᠡᠷᠡᠭᠦᠯᠦᠨ | ᠰᠢᠢᠳᠪᠦᠷᠢᠯᠡᠵᠦ ᠬᠠᠩᠭᠠᠬᠤ᠂ ᠭᠡᠷ ᠤᠨ ᠣᠷᠦ᠋ᠢᠲᠤ ᠮᠠᠶ᠋ᠢᠭ ᠤᠨ ᠲᠠᠷᠬᠠᠯᠲᠠ ᠶᠢᠨ ᠭᠡᠷᠡᠯ ᠸᠣᠯᠲ ᠵᠡᠷᠭᠡ ᠨᠢᠭᠡ ᠪᠦᠯᠦᠭ | ᠴᠠᠬᠢᠯᠭᠠᠨ ᠭᠠᠷᠭᠠᠬᠤ᠂ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠶᠢᠨ ᠲᠥᠷᠥᠯ ᠵᠦᠢᠯ ᠢ ᠤᠷᠤᠭᠰᠢᠲᠠᠶ | ᠠᠬᠢᠭᠤᠯᠵᠤ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ ᠳᠤ ᠢᠯᠡᠳᠲᠡ ᠬᠤᠪᠢ ᠨᠡᠮᠡᠷᠢ ᠦᠵᠡᠭᠦᠯᠪᠡ᠃ |