ᠰᠢ ᠶᠢᠨ ᠫᠢᠩ ᠶᠡᠷᠦᠩᠬᠡᠢ ᠱᠦᠵᠢ ᠶᠢᠨ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ | ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠤᠯᠠᠨ | ᠲᠦᠮᠡᠨ ᠤ ᠰᠢᠨᠵᠢᠯᠡᠬᠦ ᠤᠬᠠᠭᠠᠨᠴᠢ ᠭᠡᠷ ᠤᠨ ᠬᠥᠮᠦᠵᠢᠯ ᠤᠨ ᠣᠶᠢᠯᠠᠭᠠᠭᠳᠠᠬᠤᠨ ᠪᠠ ᠭᠡᠷ ᠤᠨ ᠬᠥᠮᠦᠵᠢᠯ ᠤᠨ | ᠮᠡᠳᠡᠯᠭᠡ ᠶᠢ ᠲᠦᠭᠡᠮᠡᠯᠵᠢᠭᠦᠯᠦᠨ ᠳᠡᠯᠭᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ᠂ 7 ᠰᠠᠷ᠎ᠠ ᠶᠢᠨ 19 ᠤ ᠡᠳᠦᠷ᠂ ᠬᠤᠰᠢᠭᠤᠴᠢ | ᠵᠠᠮ ᠤᠨ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ ᠬᠤᠯᠪᠣᠭ᠎ᠠ ᠪᠤᠭᠤᠲᠤ ᠬᠤᠳᠠ ᠶᠢᠨ ᠡᠮᠡᠭᠲᠡᠶᠢᠴᠦᠳ ᠤᠨ | ᠬᠤᠯᠪᠣᠭ᠎ᠠ ᠶᠢᠨ ᠭᠡᠷ ᠪᠦᠯᠢ ᠶᠢᠨ ᠬᠥᠮᠦᠵᠢᠯ ᠤᠨ ︽ᠭᠤᠷᠪᠠ ᠶᠢ ᠣᠷᠣᠭᠤᠯᠬᠤ︾ ᠦᠢᠯᠡᠴᠢᠯᠡᠭᠡᠨ ᠤ ᠲᠦᠷᠦᠯ | ᠵᠦᠢᠯ ᠳᠤ ᠲᠦᠰᠢᠭᠯᠡᠵᠦ᠂ ᠥᠪᠥᠷ ᠮᠣᠩᠭᠤᠯ ᠤᠨ ᠳ᠋ᠢᠩ ᠨᠢᠩ ᠠᠢ ᠰᠤᠶᠤᠯ ᠤᠨ ᠬᠠᠮᠢᠶᠠᠷᠤᠯᠲᠠ ᠶᠢᠨ ᠵᠥᠪᠯᠡᠯᠭᠡ | ᠥᠭᠬᠦ ᠬᠢᠵᠠᠭᠠᠷᠲᠤ ᠺᠣᠮᠫᠠᠨᠢ ᠶᠢᠨ ᠹᠠᠨ ᠭᠦᠸᠧ ᠬᠤᠸᠠ ᠪᠠᠭᠰᠢ ᠶᠢ ᠤᠷᠢᠵᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ︽ᠬᠠᠶᠢᠷ᠎ᠠ ᠬᠠᠯᠠᠮᠵᠢ ᠪᠠᠨ ᠬᠠᠮᠲᠤᠳᠬᠠᠨ | ᠬᠠᠮᠲᠤ ᠪᠠᠷ ᠦᠰᠦᠨ ᠪᠤᠶᠢᠵᠢᠬᠤ︾ ᠭᠡᠷ ᠪᠦᠯᠢ ᠶᠢᠨ ᠬᠥᠮᠦᠵᠢᠯ ᠤᠨ ᠮᠡᠳᠡᠯᠭᠡ ᠶᠢᠨ ᠲᠠᠶᠢᠯᠤᠮᠵᠢ ᠬᠢᠯᠭᠡᠪᠡ᠃ | ᠪᠠᠭᠰᠢ ᠠᠴᠠ ︽ᠦᠶ᠎ᠡ ᠠᠯᠤᠰᠠᠯᠠᠭᠰᠠᠨ ᠰᠤᠷᠭᠠᠨ ᠬᠥᠮᠦᠵᠢᠯ︾ ᠤᠨ ᠳᠤᠮᠳᠠ ᠳᠡᠭᠡᠳᠦᠰ ᠦᠶ᠎ᠡ ᠶᠢᠨ ᠬᠢᠨ ᠤ | ᠰᠤᠷᠭᠠᠨ ᠬᠥᠮᠦᠵᠢᠯ ᠤᠨ ︽ᠠᠰᠢᠭ ᠲᠤᠰᠠ︾ ᠪᠠ ︽ᠬᠡᠮ ᠰᠣᠭᠤᠭ︾᠂ ᠮᠡᠳᠡᠭᠡ ᠵᠠᠩᠭᠢ ᠶᠢᠨ ᠴᠠᠭ ᠦᠶ᠎ᠡ ᠶᠢᠨ | ᠬᠡᠤᠬᠡᠳ ᠪᠤᠶᠢᠵᠢᠭᠤᠯᠬᠤ ︽ᠬᠠᠶᠢᠷ᠎ᠠ︾ ᠪᠠ ︽ᠬᠠᠷᠰᠢ︾ ᠵᠡᠷᠭᠡ ᠠᠭᠤᠯᠭ᠎ᠠ ᠶᠢᠨ ᠲᠣᠭᠤᠷᠢᠨ ᠳᠤ᠂ ᠲᠡᠳᠡᠨᠤᠰ ᠤᠨ ᠬᠡᠷ | ᠪᠦᠯᠢ ᠶᠢᠨ ᠰᠤᠷᠭᠠᠨ ᠬᠥᠮᠦᠵᠢᠯ ᠤᠨ ᠳᠤᠮᠳᠠ ᠲᠤᠯᠭᠠᠷᠠᠭᠰᠠᠨ ᠲᠥᠭᠡᠷᠢᠭᠳᠡᠯ ᠪᠠ ᠥᠷᠢᠰᠥᠯᠳᠦᠭᠡᠨ ᠢ ᠬᠤᠪᠢᠶᠠᠯᠴᠠᠵᠤ᠂ | ᠬᠤᠷᠠᠯ ᠳᠤ ᠣᠷᠣᠯᠴᠠᠭᠰᠠᠳ ᠲᠠᠢ ᠬᠠᠮᠲᠤ ᠪᠠᠷ ᠬᠡᠷ ᠪᠦᠯᠢ ᠶᠢᠨ ᠰᠤᠷᠭᠠᠨ ᠬᠥᠮᠦᠵᠢᠯ ᠤᠨ ᠴᠢᠬᠤᠯᠠ ᠴᠢᠨᠠᠷ ᠪᠠ | ᠠᠷᠭ᠎ᠠ ᠶᠢ ᠰᠤᠳᠤᠯᠤᠨ ᠶᠠᠷᠢᠯᠴᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠦᠨ ᠵᠢᠯᠣᠭᠤᠳᠴᠤ | ᠪᠠᠶᠢᠭᠠᠳ ︽ᠦᠶ᠎ᠡ ᠠᠯᠤᠰᠯᠠᠨ ᠬᠡᠤᠬᠡᠳ ᠪᠤᠶᠢᠵᠢᠭᠤᠯᠬᠤ ᠪᠠᠭᠰᠢ︾ ᠪᠣᠯᠭᠠᠵᠤ᠂ ᠡᠪᠦᠭᠡ ᠳᠡᠭᠡᠳᠦᠰ ᠤᠨ ︽ᠦᠶ᠎ᠡ | ᠠᠯᠤᠰᠯᠠᠨ ᠰᠤᠷᠭᠠᠨ ᠬᠥᠮᠦᠵᠢᠭᠦᠯᠬᠦ︾ ᠵᠥᠪ ᠲᠠᠯ᠎ᠠ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠤᠨ᠂ ᠬᠡᠷ | ᠪᠦᠯᠢ ᠶᠢᠨ ᠰᠤᠷᠭᠠᠨ ᠬᠥᠮᠦᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠡᠤᠬᠡᠳ ᠤᠨ ᠡᠷᠡᠭᠦᠯ ᠢᠶᠠᠷ ᠦᠰᠦᠨ | ᠪᠤᠶᠢᠵᠢᠬᠤ ᠶᠢ ᠬᠠᠮᠲᠤ ᠪᠠᠷ ᠲᠤᠰᠠᠯᠠᠪᠠ᠃ | ᠦᠶ᠎ᠡ ᠠᠯᠤᠰᠯᠠᠨ ᠥᠰᠬᠡᠨ ᠪᠤᠶᠢᠵᠢᠭᠤᠯᠬᠤ ᠨᠢ ᠬᠠᠷᠢᠭᠤᠴᠠᠯᠭ᠎ᠠ ᠪᠠ ᠡᠭᠦᠷᠭᠡᠯᠡᠯ ᠪᠣᠯᠬᠤ ᠪᠠᠷ ᠪᠠᠷᠠᠬᠤ ᠦᠭᠡᠢ᠂ | ᠨᠡᠩ ᠴᠤ ᠤᠶᠤᠨ ᠤᠬᠠᠭᠠᠨ ᠪᠠ ᠬᠠᠶᠢᠷ᠎ᠠ ᠬᠠᠯᠠᠮᠵᠢ ᠶᠢᠨ ᠳᠠᠮᠵᠢᠭᠤᠯᠭ᠎ᠠ ᠶᠤᠮ᠃ ᠲᠣᠰ ᠤᠳᠠᠭᠠᠨ ᠤ ᠲᠠᠶᠢᠯᠤᠮᠵᠢ ᠨᠢ | ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠶ᠎ᠡ ᠠᠯᠤᠰᠯᠠᠨ ᠰᠤᠷᠭᠠᠨ ᠬᠥᠮᠦᠵᠢᠯ ᠤᠨ ᠲᠤᠬᠠᠶ | ᠣᠶᠢᠯᠠᠭᠠᠯᠲᠠ ᠶᠢ ᠨᠡᠮᠡᠭᠳᠡᠭᠦᠯᠵᠦ᠂ ᠰᠢᠨᠵᠢᠯᠡᠬᠦ ᠤᠬᠠᠭᠠᠨᠴᠢ ᠬᠡᠷ ᠪᠦᠯᠢ ᠶᠢᠨ ᠬᠥᠮᠦᠵᠢᠯ ᠤᠨ ᠣᠨᠣᠯᠵᠢᠬᠤᠨ ᠢ | ᠤᠯᠠᠮᠵᠢᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠦᠶ᠎ᠡ | ᠠᠯᠤᠰᠯᠠᠨ ᠰᠤᠷᠭᠠᠨ ᠬᠥᠮᠦᠵᠢᠯ ᠳᠤ ᠨᠠᠩ ᠰᠠᠶᠢᠨ ᠣᠷᠣᠯᠴᠠᠭᠤᠯᠵᠤ᠂ ᠦᠶ᠎ᠡ ᠠᠯᠤᠰᠯᠠᠨ ᠬᠡᠷ ᠪᠦᠯᠢ ᠠᠯᠤᠰᠯᠠᠨ | ᠬᠠᠮᠲᠤ ᠪᠠᠷ ᠪᠤᠶᠢᠵᠢᠭᠤᠯᠬᠤ ᠶᠢ ᠦᠨᠡᠨ ᠬᠦ ᠪᠡᠶᠡᠯᠡᠭᠦᠯᠵᠦ᠂ ᠬᠡᠤᠬᠡᠳ ᠤᠨ ᠡᠷᠡᠭᠦᠯ ᠴᠢᠭᠢᠷᠠᠭ ᠪᠠᠶᠠᠷ ᠬᠥᠷ ᠲᠠᠢ | ᠦᠰᠦᠨ ᠪᠤᠶᠢᠵᠢᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃ | | | | | | |