ᠪᠠᠭᠠᠴᠤᠳ ᠬᠡᠦᠬᠡᠳ ᠤᠨ ᠤᠩᠰᠢᠭᠴᠢᠳ ᠤᠨ ᠣᠯᠠᠨ ᠡᠰᠢᠲᠦ᠂ ᠥᠪᠡᠷᠮᠢᠴᠡ ᠰᠣᠶᠣᠯ ᠤᠨ ᠬᠡᠷᠡᠭᠴᠡᠭᠡ ᠶᠢ | ᠬᠠᠩᠭᠠᠵᠤ᠂ ᠪᠠᠭᠠᠴᠤᠳ ᠬᠡᠦᠬᠡᠳ ᠤᠨ ᠵᠤᠨ ᠤ ᠠᠮᠠᠷᠠᠯᠲᠠ ᠶᠢᠨ ᠨᠣᠮ ᠤᠩᠰᠢᠬᠤ ᠠᠮᠢᠳᠤᠷᠠᠯ ᠢ | ᠪᠠᠶᠠᠯᠢᠭᠵᠢᠭᠤᠯᠬᠤ ᠶᠢᠨ ᠲᠥᠯᠥᠭᠡ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠨᠣᠮ ᠤᠨ ᠰᠠᠩ ᠪᠤᠭᠤᠲᠦ | ᠬᠤᠲᠠ ᠶᠢᠨ ᠤᠷᠠᠨ ᠤᠩᠰᠢᠯᠭ᠎ᠠ ᠶᠢᠨ ᠤᠷᠠᠯᠢᠭ ᠤᠨ ᠨᠡᠢᠭᠡᠮᠯᠢᠭ ᠲᠠᠢ ᠬᠠᠮᠲᠤᠷᠠᠨ ᠠᠭᠤᠯᠭ᠎ᠠ ᠪᠠᠷ ᠪᠠᠶᠠᠯᠢᠭ᠂ ᠬᠡᠯᠪᠡᠷᠢ | ᠨᠢ ᠣᠯᠠᠨ ᠶᠠᠩᠵᠤ ᠪᠦᠬᠦᠢ ᠪᠠᠭᠠᠴᠤᠳ ᠬᠡᠦᠬᠡᠳ ᠤᠨ ᠤᠩᠰᠢᠯᠭ᠎ᠠ ᠶᠢ ᠳᠡᠯᠭᠡᠷᠡᠭᠦᠯᠬᠦ ᠰᠢᠷᠢᠰ ᠠᠵᠢᠯᠯᠠᠭ᠎ᠠ ᠶᠢ | ᠡᠷᠬᠢᠯᠡᠪᠡ᠃ | ᠲᠣᠰ ᠬᠤᠭᠤᠴᠠᠭᠠᠨ ᠤ ᠤᠩᠰᠢᠯᠭ᠎ᠠ ᠶᠢ ᠳᠡᠯᠭᠡᠷᠡᠭᠦᠯᠬᠦ ᠰᠢᠷᠢᠰ ᠠᠵᠢᠯᠯᠠᠭ᠎ᠠ ᠳᠤ ᠪᠢᠴᠢᠬᠠᠨ ᠨᠠᠶᠢᠵᠠ ᠨᠠᠷ | ᠳᠤᠮᠳᠠᠳᠤ ᠶᠢᠨ ᠤᠯᠠᠮᠵᠢᠯᠠᠯᠲᠤ ᠰᠣᠶᠣᠯ ᠢ ᠬᠠᠶᠢᠷᠠᠯᠠᠵᠤ᠂ ᠡᠷᠲᠡ ᠡᠳᠦᠭᠡᠬᠢ ᠰᠣᠶᠣᠯ ᠤᠨ ᠨᠠᠷᠠᠲᠤ ᠬᠥᠮᠦᠰ ᠢ ᠪᠢᠰᠢᠷᠡᠨ | ᠰᠢᠲᠦᠵᠦ᠂ ᠲᠠᠶᠢᠰᠠᠨ ᠤ ᠤᠷᠠᠨ ᠤᠩᠰᠢᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠤᠩᠰᠢᠯᠭ᠎ᠠ ᠶᠢᠨ | ᠥᠷᠭᠡᠵᠢᠯ ᠪᠠ ᠵᠣᠬᠢᠶᠠᠨ ᠪᠦᠲᠦᠭᠡᠬᠦ ᠴᠠᠭ ᠤᠨ ᠳᠤᠮᠳᠠ ᠠᠴᠠ ᠪᠠᠶᠠᠷ ᠪᠠᠭ᠋ᠠᠳᠤᠯ ᠪᠠ ᠢᠲᠡᠭᠡᠯ ᠢ ᠣᠯᠵᠤ᠂ ᠢᠩᠭᠢᠵᠦ | ᠳᠡᠭᠡᠳᠦ ᠬᠡᠮᠵᠢᠶ᠎ᠡ ᠪᠠᠷ ᠦᠨᠡᠯᠡᠭᠰᠡᠨ ᠪᠠ ᠬᠠᠷᠢᠭᠤ ᠲᠤᠰᠬᠠᠭᠰᠠᠨ ᠨᠢ ᠪᠥᠬᠦ ᠠᠵᠢᠯᠲᠠᠨ ᠵᠢᠴᠢ ᠯᠧᠺᠲ᠋ᠣᠷ ᠲᠤ ᠮᠠᠰᠢ | ᠵᠣᠷᠢᠭᠵᠢᠭᠤᠯᠤᠯ ᠪᠣᠯᠤᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠨᠣᠮ ᠤᠨ ᠰᠠᠩ ᠪᠦᠬᠦ ᠠᠷᠠᠳ ᠤᠨ | ᠤᠩᠰᠢᠯᠭ᠎ᠠ ᠶᠢᠨ ᠰᠢᠷᠢᠰ ᠠᠵᠢᠯᠯᠠᠭ᠎ᠠ ᠶᠢ ᠲᠠᠰᠤᠷᠠᠯᠲᠠ ᠦᠭᠡᠢ ᠥᠷᠨᠢᠭᠦᠯᠵᠦ᠂ ᠦᠢᠯᠡᠴᠢᠯᠡᠭᠡᠨ ᠤ ᠠᠷᠭ᠎ᠠ | ᠬᠡᠯᠪᠡᠷᠢ ᠶᠢᠨ ᠰᠢᠨ᠎ᠡ ᠶᠢ ᠡᠭᠦᠳᠴᠦ᠂ ᠤᠯᠠᠨ ᠤ ᠤᠩᠰᠢᠯᠭ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠤᠶᠤᠨ | ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠭᠤᠣᠯ ᠵᠢᠭᠰᠠᠭᠠᠯ ᠤᠨ ᠭᠠᠵᠠᠷ ᠢ ᠪᠠᠶᠠᠯᠢᠭᠵᠢᠭᠤᠯᠵᠤ᠂ ᠨᠣᠮ | ᠤᠩᠰᠢᠬᠤ ᠶᠢ ᠳᠠᠳᠬᠠᠯ ᠪᠣᠯᠭᠠᠬᠤ ᠪᠣᠯᠤᠨ᠎ᠠ᠃ |