ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ᠴᠢᠩᠱᠠᠨ ᠲᠣᠭᠤᠷᠢᠭ ᠤᠨ ᠠᠷᠠᠳ ᠤᠨ ᠡᠶᠡᠳᠡᠭᠦᠯᠦᠭᠴᠢ ᠪᠠ | ︽ᠬᠠᠤᠯᠢ ᠴᠠᠭᠠᠵᠠ ᠶᠢᠨ ᠮᠡᠷᠭᠡᠨ ᠬᠥᠮᠦᠨ︾ ᠤ ᠬᠠᠤᠯᠢᠵᠢᠯ ᠤᠨ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ | ᠲᠥᠯᠥᠭᠡ᠂ 7 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠴᠢᠩᠱᠠᠨ ᠲᠣᠭᠤᠷᠢᠭ ᠤᠨ ᠬᠠᠤᠯᠢ | ᠴᠠᠭᠠᠵᠠ ᠶᠢᠨ ᠲᠣᠪᠴᠢᠶ᠎ᠠ ᠪᠦᠬᠦ ᠲᠤᠭᠤᠷᠢᠭ ᠤᠨ ᠠᠷᠠᠳ ᠤᠨ ᠡᠶᠡᠳᠡᠭᠦᠯᠦᠭᠴᠢ ᠪᠠ ︽ᠬᠠᠤᠯᠢ ᠴᠠᠭᠠᠵᠠ ᠶᠢᠨ ᠮᠡᠷᠭᠡᠨ | ᠬᠥᠮᠦᠨ︾ ᠤ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠩᠱᠠᠨ ᠲᠣᠭᠤᠷᠢᠭ ᠤᠨ ᠨᠠᠮ ᠤᠨ | ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ ᠯᠢᠦ ᠯᠢ ᠵᠢᠶᠧ᠂ ᠴᠢᠩᠱᠠᠨ ᠲᠣᠭᠤᠷᠢᠭ ᠤᠨ | ᠠᠷᠠᠳ ᠤᠨ ᠰᠢᠭᠦᠬᠦ ᠬᠤᠷᠢᠶ᠎ᠠ ᠶᠢᠨ ᠠᠳᠠᠯ ᠠᠬᠤᠢ ᠶᠢᠨ ᠲᠣᠭᠤᠷᠢᠨ ᠰᠢᠭᠦᠬᠦ ᠲᠢᠩᠬᠢᠮ ᠤᠨ ᠳᠠᠷᠤᠭ᠎ᠠ ᠹᠦ᠋ ᠵᠢᠶᠧ᠂ | ᠪᠤᠭᠤᠲᠤ ᠬᠤᠳᠠ ᠶᠢᠨ ᠠᠷᠠᠳ ᠤᠨ ᠡᠶᠡᠳᠡᠭᠦᠯᠦᠭᠴᠢ ᠶᠢᠨ ᠨᠡᠶᠢᠭᠡᠮᠯᠢᠭ ᠤᠨ ᠳᠡᠳ᠋ ᠳᠠᠷᠤᠭ᠎ᠠ ᠯᠢᠦ ᠶᠢᠨ ᠫᠧᠩ ᠵᠡᠷᠭᠡ | 8 ᠪᠠᠭᠰᠢ ᠶᠢ ᠲᠤᠰᠬᠠᠶᠢᠯᠠᠨ ᠤᠷᠢᠵᠤ ᠬᠢᠴᠢᠶᠡᠯ ᠤᠷᠤᠵᠦ᠂ ᠡᠯ᠎ᠡ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ᠂ ᠡᠯ᠎ᠡ | ᠵᠡᠭᠡᠯᠢ ᠪᠠᠯᠭᠠᠰᠤᠨ ᠤ ᠶᠡᠷᠦᠩᠬᠡᠶᠢᠯᠡᠨ ᠵᠠᠰᠠᠬᠤ ᠬᠠᠷᠢᠭᠤᠴᠠᠯᠭᠠᠲᠠᠨ᠂ ᠡᠯ᠎ᠡ ᠨᠡᠶᠢᠭᠡᠮ ᠲᠣᠭᠤᠷᠢᠭ ︵ᠲᠣᠰᠬᠤᠨ︶ ᠤᠨ | ᠠᠷᠠᠳ ᠤᠨ ᠡᠶᠡᠳᠡᠭᠦᠯᠦᠭᠴᠢ᠂ ︽ᠬᠠᠤᠯᠢ ᠴᠠᠭᠠᠵᠠ ᠶᠢᠨ ᠮᠡᠷᠭᠡᠨ ᠬᠥᠮᠦᠨ︾ ᠵᠡᠷᠭᠡ 200 ᠭᠠᠷᠤᠢ ᠬᠥᠮᠦᠨ | ᠪᠣᠯᠪᠠᠰᠤᠷᠠᠯ ᠳᠤ ᠤᠷᠤᠯᠴᠠᠪᠠ᠃ | ᠪᠤᠯᠪᠠᠰᠤᠷᠠᠯ ᠤᠨ ᠳᠤᠮᠳᠠ᠂ ᠪᠠᠭᠰᠢ ᠨᠠᠷ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ | ᠦᠨᠳᠦᠰᠦᠨ ᠪᠣᠷᠣ ᠲᠥᠯᠥᠪ ᠤᠨ ᠲᠤᠬᠠᠶ ᠲᠣᠰ ᠲᠣᠰ ᠲᠠᠶᠢᠯᠤᠮᠵᠢ ᠬᠢᠵᠦ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠷᠠᠳ ᠤᠨ ᠡᠶᠡᠳᠡᠭᠦᠯᠭᠡ ᠶᠢᠨ ᠬᠠᠤᠯᠢ︾᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾᠂ | ︽ᠠᠷᠠᠳ ᠤᠨ ᠡᠶᠡᠳᠡᠭᠦᠯᠭᠡ ᠶᠢᠨ ᠠᠵᠢᠯ ᠢ ᠬᠡᠷᠬᠢᠨ ᠰᠠᠶᠢᠲᠤᠷ ᠬᠢᠬᠦ ᠪᠣᠶ︾᠂ ︽ᠠᠷᠠᠳ ᠤᠨ ᠡᠶᠡᠳᠡᠭᠦᠯᠬᠦ ᠠᠵᠢᠯ ᠤᠨ | ᠤᠷ᠎ᠠ ᠮᠡᠷᠭᠡᠵᠢᠯ︾᠂ ︽ᠠᠷᠠᠳ ᠤᠨ ᠡᠶᠡᠳᠡᠭᠦᠯᠬᠦ ᠶᠠᠪᠤᠴᠠ ᠳᠤ ᠠᠩᠬᠠᠷᠬᠤ ᠴᠢᠬᠤᠯᠠᠲᠠᠶ ᠵᠦᠢᠯᠡᠰ︾᠂ ᠠᠳᠠᠯ ᠠᠬᠤᠶ ᠶᠢᠨ | ᠵᠢᠭᠤᠷᠠᠯᠳᠤᠭᠠᠨ ᠤ ᠬᠠᠤᠯᠢ ᠴᠠᠭᠠᠵᠠ ᠶᠢᠨ ᠦᠢᠯᠡᠳᠦᠯᠭᠡ ᠳᠤᠮᠳᠠᠬᠢ ᠲᠣᠪᠤᠶᠢᠮ᠎ᠠ ᠠᠰᠠᠭᠤᠳᠠᠯ ᠪᠠ ᠥᠮᠴᠢᠲᠡᠨ ᠤ | ᠡᠷᠬᠡ ᠡᠭᠦᠷᠭᠡ ᠵᠡᠷᠭᠡ ᠣᠯᠠᠨ ᠲᠦᠮᠡᠨ ᠤ ᠪᠣᠳᠠᠲᠠᠶ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠳᠠᠯ ᠠᠬᠤᠶ ᠶᠢᠨ | ᠠᠰᠠᠭᠤᠳᠠᠯ ᠵᠢᠴᠢ ᠦᠨᠡᠨᠴᠢ ᠢᠲᠡᠭᠡᠮᠵᠢ ᠶᠢᠨ ᠠᠭᠤᠯᠤᠭᠳᠠᠬᠤᠨ᠂ ᠦᠨᠡᠨᠴᠢ ᠢᠲᠡᠭᠡᠮᠵᠢ ᠶᠢ ᠡᠷᠬᠢᠮᠯᠡᠬᠦ ᠴᠢᠬᠤᠯᠠ | ᠦᠢᠯᠡᠳᠦᠯ᠂ ᠴᠢᠩᠱᠠᠨ ᠲᠣᠭᠤᠷᠢᠭ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠣᠳᠣᠬᠢ ᠪᠠᠶᠢᠳᠠᠯ ᠵᠢᠴᠢ | ᠲᠠᠷᠠᠭᠠᠴᠢ ᠶᠢᠨ ᠠᠯᠬᠤᠮ ᠳᠤ ᠲᠣᠰ ᠠᠵᠢᠯ ᠢ ᠬᠡᠷᠬᠢᠨ ᠥᠷᠨᠢᠭᠦᠯᠬᠦ ᠵᠡᠷᠭᠡ ᠠᠭᠤᠯᠭ᠎ᠠ ᠶᠢ ᠲᠠᠶᠢᠯᠪᠤᠷᠢᠯᠠᠪᠠ᠃ ᠡᠭᠦᠨ ᠤ | ᠬᠠᠮᠲᠤ᠂ ︽ᠢᠷᠭᠡᠨ ᠤ ᠬᠠᠤᠯᠢ ᠶᠢᠨ ᠪᠢᠴᠢᠭ ᠮᠠᠨ ᠤ ᠳᠡᠷᠭᠡᠳᠡᠬᠢ ᠶᠠᠪᠤᠳᠠᠯ ᠤᠨ ᠵᠠᠯᠭᠠᠮᠵᠢᠯᠠᠭᠴᠢ︾ ᠭᠡᠬᠦ ᠲᠠᠶᠢᠯᠤᠮᠵᠢ | ᠥᠷᠨᠢᠭᠦᠯᠵᠦ᠂ ᠪᠣᠳᠠᠲᠠᠶ ᠬᠡᠷᠡᠭ ᠤᠨ ᠵᠢᠱᠢᠶ᠎ᠡ ᠪᠣᠯᠤᠨ ᠬᠠᠤᠯᠢ ᠴᠠᠭᠠᠵᠠ ᠶᠢᠨ ᠵᠦᠢᠯ ᠵᠤᠷᠪᠤᠰ ᠢ ᠲᠠᠶᠢᠯᠪᠤᠷᠢᠯᠠᠬᠤ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠯᠭᠠᠮᠵᠢᠯᠠᠬᠤ ᠠᠰᠠᠭᠤᠳᠠᠯ ᠤᠨ ᠲᠤᠬᠠᠶ ᠡᠳᠦᠶ ᠲᠡᠳᠦᠶ | ᠵᠦᠢᠯᠡᠰ ᠢ ᠨᠠᠷᠢᠨ ᠲᠠᠶᠢᠯᠪᠤᠷᠢᠯᠠᠪᠠ᠃ | ︽ᠬᠠᠤᠯᠢ ᠴᠠᠭᠠᠵᠠ ᠶᠢᠨ ᠮᠡᠷᠭᠡᠨ ᠬᠥᠮᠦᠨ︾ ᠤᠨ ᠬᠢᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ | ᠪᠣᠯᠪᠠᠰᠤᠷᠠᠯ ᠨᠢ ᠲᠡᠳᠡᠨᠤᠰ ᠤᠨ ᠮᠠᠰᠢ ᠣᠯᠠᠨ ᠲᠥᠭᠡᠷᠢᠭᠳᠡᠯ ᠢ ᠨᠢ ᠬᠠᠷᠢᠭᠤᠯᠵᠤ᠂ ᠢᠯᠠᠩᠭᠤᠶ᠎ᠠ ᠬᠠᠤᠯᠢ | ᠴᠠᠭᠠᠵᠠ ᠶᠢᠨ ᠵᠠᠷᠢᠮ ᠵᠦᠢᠯ ᠤᠨ ᠲᠠᠶᠢᠯᠤᠮᠵᠢ ᠪᠠ ᠬᠡᠷᠡᠭᠯᠡᠯᠲᠡ ᠨᠢ ︽ᠰᠠᠨᠠᠭ᠎ᠠ ᠠᠮᠤᠷ ᠪᠠᠶᠢᠯᠭᠠᠬᠤ︾᠂ ᠬᠤᠶᠢᠰᠢᠳᠠ | ᠡᠶᠢᠮᠦᠷᠬᠦ ᠪᠣᠯᠪᠠᠰᠤᠷᠠᠭᠤᠯᠤᠯ ᠢ ᠢᠯᠡᠭᠦᠬᠡᠨ ᠡᠷᠭᠢᠯᠡᠵᠦ᠂ ᠲᠡᠳᠡᠨᠤᠰ ᠢ ᠬᠠᠪᠰᠤᠷᠤᠨ ᠬᠠᠤᠯᠢ ᠴᠠᠭᠠᠵᠠ ᠶᠢᠨ | ᠴᠢᠳᠠᠪᠤᠷᠢ ᠶᠢ ᠨᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠡᠶ᠃ | 2 ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠤᠨ ᠠᠩᠭᠢ ᠶᠢᠨ ᠬᠢᠴᠢᠶᠡᠯ᠂ ᠠᠭᠤᠯᠭ᠎ᠠ ᠨᠢ ᠪᠠᠶᠠᠯᠢᠭ᠂ | ᠬᠤᠯᠪᠣᠭᠳᠠᠬᠤ ᠠᠵᠢᠯ ᠨᠢ ᠥᠷᠭᠡᠨ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠨᠡᠶᠢᠲᠡᠯᠢᠭ ᠴᠢᠨᠠᠷ ᠢᠶᠠᠷ ᠴᠢᠩᠭ᠎ᠠ ᠪᠠᠶᠢᠵᠤ᠂ | ᠲᠣᠯᠢ ᠪᠣᠯᠭᠠᠵᠤ ᠪᠣᠯᠬᠤ ᠲᠤᠷᠰᠢᠯᠭ᠎ᠠ ᠨᠢ ᠣᠯᠠᠨ ᠪᠠᠶᠢᠵᠤ᠂ ᠨᠡᠶᠢᠭᠡᠮ ᠲᠣᠭᠤᠷᠢᠭ᠂ ᠲᠣᠰᠬᠤᠨ ᠤ ᠪᠣᠳᠠᠲᠠᠶ ᠠᠵᠢᠯ ᠲᠠᠢ | ᠨᠢᠭᠲᠠ ᠤᠶᠠᠯᠳᠤᠭᠤᠯᠵᠤ᠂ ᠠᠷᠠᠳ ᠤᠨ ᠡᠶᠡᠳᠡᠭᠦᠯᠦᠭᠴᠢ᠂ ︽ᠬᠠᠤᠯᠢ ᠴᠠᠠᠵᠠ ᠶᠢᠨ ᠮᠡᠷᠭᠡᠨ ᠬᠥᠮᠦᠨ︾ ᠠᠵᠢᠯ ᠤᠨ | ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠬᠦ ᠳᠤ ᠢᠳᠡᠪᠬᠢᠲᠡᠶ ᠯᠠᠪᠯᠠᠯᠲᠠ ᠪᠣᠯᠭᠠᠵᠤ᠂ ᠳᠡᠷᠭᠡᠳᠡᠬᠢ ᠣᠯᠠᠨ | ᠲᠦᠮᠡᠨ ᠢ ᠨᠠᠩ ᠰᠠᠶᠢᠲᠤᠷ ᠳᠠᠶᠢᠴᠢᠯᠠᠨ ᠬᠠᠤᠯᠢ ᠶᠢ ᠵᠢᠷᠤᠮᠯᠠᠬᠤ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ | ᠬᠠᠤᠯᠢ ᠶᠢ ᠬᠡᠷᠡᠭᠯᠡᠬᠦ ᠶᠢ ᠨᠠᠩ ᠰᠠᠶᠢᠲᠤᠷ ᠳᠠᠶᠢᠴᠢᠯᠠᠬᠤ ᠳᠤ ᠠᠰᠢᠭᠲᠠᠶ ᠪᠣᠯᠭᠠᠵᠠᠶ᠃ | | | | |