ᠳᠡᠭᠡᠷ᠎ᠡ ᠬᠠᠭᠠᠰ ᠵᠢᠯ ᠳᠤ ᠴᠢᠩᠱᠠᠨ ᠲᠣᠭᠤᠷᠢᠭ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠠᠵᠢᠯᠯᠠᠵᠤ ᠪᠠᠢᠨ᠎ᠠ
ᠨᠡᠶᠢᠲᠡᠯᠡᠭᠰᠡᠨ ᠴᠠᠭ᠄
2024/7/24
      ᠳᠡᠭᠡᠷ᠎ᠡ ᠬᠠᠭᠠᠰ ᠵᠢᠯ ᠳᠤ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠤᠳᠤᠯᠭ᠎ᠠ᠂ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠵᠢᠴᠢ ᠪᠠᠶᠠᠷ ᠤᠨ ᠡᠳᠦᠷ ᠤᠨ ᠬᠦᠴᠦᠨ ᠵᠦᠢᠯ ᠤᠨ ᠲᠠᠶᠢᠴᠢᠯᠠᠯᠳᠠ ᠳᠣᠣᠷ᠎ᠠ᠂ ᠴᠢᠩᠱᠠᠨ ᠲᠣᠭᠤᠷᠢᠭ ᠤᠨ ᠬᠡᠷᠡᠭᠯᠡᠭᠡᠨ ᠤ ᠣᠷᠴᠢᠨ ᠲᠣᠭᠤᠷᠢᠨ ᠲᠠᠰᠤᠷᠠᠯᠲᠠ ᠦᠭᠡᠢ ᠰᠠᠶᠢᠵᠢᠷᠠᠵᠤ᠂ ᠬᠡᠷᠡᠭᠯᠡᠭᠡᠨ ᠤ ᠬᠡᠷᠡᠭᠴᠡᠭᠡ ᠲᠣᠭᠲᠠᠭᠤᠨ ᠢᠶᠠᠷ ᠰᠡᠷᠭᠦᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠠᠵᠢᠯᠯᠠᠪᠠ᠃ 1 - 6  ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 141.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.7% ᠨᠡᠮᠡᠭᠳᠡᠪᠡ᠃      ᠦᠨᠳᠦᠰᠦᠨ ᠠᠮᠢᠳᠤᠷᠠᠯ ᠤᠨ ᠲᠥᠷᠥᠯ ᠤᠨ ᠨᠡᠮᠡᠭᠳᠡᠯ ᠤᠨ ᠬᠠᠨᠳᠤᠰᠢ ᠪᠠᠲᠤ ᠪᠠᠬᠢ᠃ 1 - 6 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠠᠮᠤ ᠪᠤᠳᠠᠭ᠎ᠠ ᠲᠣᠰᠣ ᠢᠳᠡᠭᠡᠨ ᠤ ᠵᠦᠢᠯ᠂ ᠤᠮᠳᠠᠭᠠᠨ ᠤ ᠵᠦᠢᠯ᠂ ᠠᠷᠢᠬᠢ ᠲᠠᠮᠠᠬᠢᠨ ᠤ ᠵᠦᠢᠯ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠪᠠ ᠬᠢᠲᠠᠳ ᠧᠦ᠋ᠷᠣᠫᠠ ᠡᠮ ᠤᠨ ᠵᠦᠢᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 11.1%᠂ 201%᠂ 12.1%᠂ 17.2% ᠪᠠ 4.1% ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠵᠢᠵᠢᠭᠯᠡᠨ ᠬᠤᠳᠠᠯᠳᠤᠭᠰᠠᠨ ᠲᠤᠭ᠎ᠠ ᠶᠢ ᠨᠡᠶᠢᠲᠡ 2.9 ᠵᠠᠭᠤᠨ ᠤ ᠴᠡᠭ ᠳᠠᠶᠢᠴᠢᠯᠠᠪᠠ᠃ ᠡᠭᠦᠨ ᠳᠤ᠂ ᠠᠮᠤ ᠪᠤᠳᠠᠭ᠎ᠠ ᠲᠣᠰᠣ ᠢᠳᠡᠭᠡᠨ᠂ ᠤᠮᠳᠠᠭᠠᠨ ᠵᠢᠴᠢ ᠠᠷᠢᠬᠢ ᠲᠠᠮᠠᠬᠢ 3 ᠵᠦᠢᠯ ᠤᠨ ᠢᠳᠡᠭᠡᠨ ᠤ ᠲᠦᠷᠦᠯ ᠤᠨ ᠲᠠᠸᠠᠷ ᠵᠢᠵᠢᠭᠯᠡᠨ ᠬᠤᠳᠠᠯᠳᠤᠬᠤ ᠬᠡᠮᠵᠢᠶ᠎ᠡ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠵᠢᠵᠢᠭᠯᠡᠨ ᠬᠤᠳᠠᠯᠳᠤᠭᠰᠠᠨ ᠲᠤᠭ᠎ᠠ ᠶᠢ 2.4 ᠵᠠᠭᠤᠨ ᠤ ᠨᠢᠭᠡᠴᠢ ᠳᠠᠶᠢᠴᠢᠯᠠᠪᠠ᠃      ᠭᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡ ᠠᠭᠠᠵᠢᠮ ᠢᠶᠠᠷ ᠳᠤᠯᠠᠭᠠᠷᠠᠪᠠ᠃ ᠳᠡᠭᠡᠷ᠎ᠡ ᠬᠠᠭᠠᠰ ᠵᠢᠯ ᠳᠤ᠂ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠳᠡᠭᠡᠷ᠎ᠡ ᠤᠯᠠᠷᠢᠯ ᠤᠨ ᠬᠦᠴᠦᠨ ᠵᠦᠢᠯ ᠪᠣᠯᠵᠤ᠂ ᠭᠡᠷ ᠤᠨ ᠴᠠᠬᠢᠯᠭᠠᠨ ᠬᠡᠷᠡᠭᠰᠡᠯ ᠤᠨ ᠵᠠᠬ᠎ᠠ ᠳᠡᠯᠭᠡᠭᠦᠷ ᠰᠠᠢᠵᠢᠷᠠᠬᠤ  ᠬᠠᠨᠳᠤᠰᠢ ᠲᠠᠢ ᠪᠣᠯᠪᠠ᠃ 1 - 6  ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 4.2 % ᠪᠠᠷ ᠨᠡᠮᠡᠭᠳᠡᠵᠦ᠂ 1 - 5 ᠳ᠋ᠤᠭᠠᠷ ᠰᠠᠷ᠎ᠠ ᠶᠢᠨ ᠬᠢ ᠠᠴᠠ 0.6 ᠵᠠᠭᠤᠨ ᠤ ᠨᠢᠭᠡᠴᠢ ᠲᠦᠷᠭᠡᠨ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠵᠢᠵᠢᠭᠯᠡᠨ ᠬᠤᠳᠠᠯᠳᠤᠭᠰᠠᠨ ᠲᠤᠭ᠎ᠠ ᠶᠢ 0.3 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ᠂ ᠤᠶᠤᠨᠲᠤ ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 9.2 % ᠢᠶᠠᠷ ᠨᠡᠮᠡᠭᠳᠡᠵᠦ᠂ ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠠᠴᠠ 5 ᠵᠠᠭᠤᠨ ᠤ ᠨᠢᠭᠡᠴᠢ ᠥᠨᠳᠥᠷ ᠪᠣᠯᠪᠠ᠃      ᠭᠠᠷ ᠳᠠᠮᠵᠢᠭᠰᠠᠨ ᠮᠠᠰᠢᠨ ᠲᠡᠷᠭᠡ ᠶᠢᠨ ᠥᠨᠳᠥᠷ ᠨᠡᠮᠡᠭᠳᠡᠯ᠃ ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠤᠨ ᠬᠠᠭᠤᠴᠢᠨ ᠮᠠᠰᠢᠨ ᠲᠡᠷᠭᠡᠨ ᠤ ᠠᠷᠠᠯᠵᠢᠶᠠᠨ ᠤ ᠬᠡᠮᠵᠢᠶ᠎ᠡ ᠦᠷᠭᠦᠯᠵᠢᠯᠡᠨ ᠨᠡᠮᠡᠭᠳᠡᠵᠦ᠂ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠨᠢᠭᠡᠨ ᠴᠢᠬᠤᠯᠠ ᠨᠡᠮᠡᠭᠳᠡᠯ ᠤᠨ ᠴᠡᠭ ᠪᠣᠯᠵᠠᠢ᠃ 1 - 6 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠭᠠᠷ ᠳᠠᠮᠵᠢᠭᠰᠠᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 27.2 ᠳᠠᠬᠢᠨ ᠨᠡᠮᠡᠭᠳᠡᠵᠦ᠂ ᠵᠢᠵᠢᠭᠯᠡᠨ ᠬᠤᠳᠠᠯᠳᠤᠭᠰᠠᠨ ᠲᠤᠭ᠎ᠠ ᠠᠴᠠ 3 ᠵᠠᠭᠤᠨ ᠤ ᠴᠡᠭ ᠢᠶᠠᠷ ᠨᠡᠮᠡᠭᠳᠡᠬᠦ ᠶᠢ ᠳᠠᠶᠢᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号