ᠤᠢᠢᠷ᠎ᠠ ᠶᠢᠨ ᠵᠢᠯ ᠠᠴᠠ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠬᠠᠤᠯᠢᠵᠢᠯ ᠤᠨ | ᠠᠷᠠᠳ ᠤᠨ ᠲᠥᠯᠥᠭᠡ ᠭᠡᠬᠦ ᠤᠢᠢᠯᠠᠭᠠᠭᠳᠠᠬᠤᠨ ᠢ ᠢᠮᠠᠭᠲᠠ ᠪᠠᠷᠢᠮᠲᠠᠯᠠᠨ ᠦᠢᠯᠡᠳᠦᠯᠭᠡᠵᠢᠭᠦᠯᠵᠦ᠂ | ︽ᠪᠠᠷᠢᠮᠵᠢᠶᠠᠵᠢᠭᠤᠯᠬᠤ᠂ ᠠᠷᠠᠳ ᠲᠤ ᠲᠦᠬᠦᠮ ᠦᠵᠡᠭᠦᠯᠬᠦ᠂ ᠤᠶᠤᠨᠴᠢᠯᠠᠬᠤ᠂ ᠲᠤᠰᠬᠠᠶᠢᠵᠢᠭᠤᠯᠬᠤ᠂ ᠣᠨᠣᠪᠴᠢᠲᠠᠢ | ᠪᠣᠯᠭᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠲᠠᠰᠤᠷᠠᠯᠳᠠ ᠦᠭᠡᠢ | ᠰᠢᠯᠢᠳᠡᠭᠵᠢᠭᠦᠯᠵᠦ᠂ ᠬᠠᠤᠯᠢᠵᠢᠯ ᠤᠨ ︽ᠡᠷᠴᠢᠮ︾ ᠢᠶᠠᠷ ᠠᠷᠠᠳ ᠤᠨ ᠠᠮᠢᠳᠤᠷᠠᠯ ᠤᠨ ︽ᠳᠤᠯᠠᠭᠠᠴᠠ︾ ᠶᠢ ᠦᠨᠡᠨ ᠬᠦ | ᠳᠡᠭᠡᠭᠰᠢᠯᠡᠭᠦᠯᠪᠡ᠃ | ︽ᠪᠠᠷᠢᠮᠵᠢᠶᠠᠵᠢᠭᠤᠯᠬᠤ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠥᠷᠲᠡᠭᠡᠨ ᠤ ᠮᠠᠶ᠋ᠢᠭ︾ ᠤᠨ | ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ | ᠴᠢᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ C ᠰᠠᠭᠤᠳᠠᠯ ᠳᠤ | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ︽ᠳᠥᠷᠪᠡᠨ ᠲᠣᠭᠤᠷᠢᠭ | ᠳᠥᠷᠪᠡᠨ ᠲᠠᠰᠤᠭ︾ ︵ᠬᠥᠲᠥᠯᠦᠨ ᠵᠢᠯᠣᠭᠤᠳᠬᠤ ᠲᠣᠭᠤᠷᠢᠭ᠂ ᠬᠠᠷᠢᠯᠴᠠᠨ ᠦᠢᠯᠡᠴᠢᠯᠡᠬᠦ ᠲᠣᠭᠤᠷᠢᠭ᠂ ᠬᠠᠷᠢᠯᠴᠠᠨ | ᠦᠢᠯᠡᠳᠦᠯᠴᠡᠬᠦ ᠬᠠᠤᠯᠢ ᠶᠢᠨ ᠲᠣᠭᠤᠷᠢᠭ᠂ ᠲᠤᠬᠠᠶ ᠶᠢᠨ ᠲᠠᠯᠠᠪᠤᠷ ᠤᠨ ᠦᠢᠯᠡᠴᠢᠯᠡᠭᠡᠨ ᠤ ᠲᠣᠭᠤᠷᠢᠭ᠂ ᠠᠯᠤᠰ ᠠᠴᠠ | ᠡᠶᠡᠳᠡᠭᠦᠯᠬᠦ ᠲᠠᠰᠤᠭ᠂ ᠰᠦᠯᠵᠢᠶᠡᠨ ᠳᠡᠭᠡᠷᠡᠬᠢ ᠠᠯᠪᠠᠨ ᠭᠡᠷᠡᠴᠢᠯᠡᠭᠡ ᠶᠢᠨ ᠲᠠᠰᠤᠭ᠂ ᠠᠯᠤᠰ ᠠᠴᠠ ᠠᠭᠤᠯᠵᠠᠬᠤ | ᠲᠠᠰᠤᠭ᠂ ᠠᠯᠤᠰ ᠠᠴᠠ ᠠᠰᠠᠭᠤᠨ ᠯᠠᠪᠯᠠᠬᠤ ᠲᠠᠰᠤᠭ︶ ᠢ ᠪᠣᠶ ᠪᠣᠯᠭᠠᠵᠤ᠂ ᠬᠠᠤᠯᠢ ᠪᠠᠷ ᠵᠠᠰᠠᠬᠤ ᠤᠬᠠᠭᠤᠯᠭ᠎ᠠ᠂ | ᠰᠡᠳᠬᠢᠴᠡ ᠶᠢᠨ ᠬᠠᠪᠰᠤᠷᠤᠨ ᠵᠢᠯᠣᠭᠤᠳᠬᠤ᠂ ᠠᠷᠠᠳ ᠤᠨ ᠡᠶᠡᠳᠡᠭᠦᠯᠭᠡ᠂ ᠠᠯᠪᠠᠨ ᠭᠡᠷᠡᠴᠢᠯᠡᠭᠡ ᠬᠢᠬᠦ᠂ ᠠᠯᠤᠰ ᠠᠴᠠ | ᠡᠷᠭᠢᠵᠦ ᠦᠵᠡᠬᠦ ᠵᠡᠷᠭᠡ ᠣᠯᠠᠨ ᠵᠦᠢᠯ ᠤᠨ ᠦᠢᠯᠡᠴᠢᠯᠡᠭᠡ ᠶᠢ ᠨᠢᠭᠡ ᠯᠡ ᠥᠷᠲᠡᠭᠡᠨ ᠤ ᠮᠠᠶ᠋ᠢᠭ ᠢᠶᠠᠷ ᠬᠠᠩᠭᠠᠨ᠎ᠠ᠃ | ᠬᠠᠤᠯᠢ ᠴᠠᠭᠠᠵᠠ ᠶᠢᠨ ᠯᠠᠪᠯᠠᠭ᠎ᠠ᠂ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ ᠶᠢᠨ ᠦᠢᠯᠡᠴᠢᠯᠡᠭᠡ᠂ | ᠵᠠᠰᠠᠭ ᠵᠠᠬᠢᠷᠭᠠᠨ ᠤ ᠳᠠᠬᠢᠨ ᠵᠥᠪᠯᠡᠬᠦ ᠳᠥᠷᠪᠡᠨ ᠬᠥᠮᠦᠨ ᠤ ᠬᠦᠴᠦᠨ ᠤ ᠴᠤᠩᠬᠤᠪᠴᠢ ᠳᠣᠭᠢᠷᠠᠭᠤᠯᠵᠤ᠂ ᠠᠵᠢᠯᠲᠠᠨ᠂ | ᠲᠤᠰᠬᠠᠶ ᠮᠡᠷᠭᠡᠵᠢᠯ ᠤᠨ ᠬᠠᠤᠯᠢᠴᠢ ᠡᠭᠡᠯᠵᠢᠯᠡᠨ ᠵᠢᠵᠢᠭᠦᠷᠯᠡᠵᠦ᠂ ᠣᠯᠠᠨ ᠲᠦᠮᠡᠨ ᠳᠤ ᠨᠠᠩ ᠳᠥᠭᠦᠮ ᠳᠥᠲᠡ | ᠪᠥᠭᠡᠳ ᠲᠦᠷᠭᠡᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ︽ᠨᠢᠭᠡ ᠯᠡ ᠡᠭᠦᠳᠡ ᠪᠠᠷ ᠣᠷᠣᠵᠤ᠂ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠶᠠᠪᠤᠳᠠᠯ︾ ᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠦᠨ᠎ᠡ᠃ | ︽ᠠᠷᠠᠳ ᠲᠤ ᠲᠥᠬᠦᠮ ᠦᠵᠡᠭᠦᠯᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠥᠴᠦᠬᠡᠨ ᠴᠦ ᠵᠠᠶ ᠥᠬᠡᠶ︾ | ᠴᠢᠨᠠᠷ ᠰᠠᠶᠢᠲᠠᠶ ᠦᠢᠯᠡᠴᠢᠯᠡᠭᠡ ᠶᠢ ᠪᠠᠲᠤᠯᠠᠨ᠎ᠠ | ᠲᠣᠭᠤᠷᠢᠭ ᠤᠨ ᠱᠠᠲᠤᠨ ᠤ 1 ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠬᠠᠮᠢᠶᠠᠷᠤᠯᠲᠠ ᠶᠢᠨ ᠲᠠᠰᠤᠭ᠂ 10 ᠵᠡᠭᠡᠯᠢ ᠭᠤᠳᠤᠮᠵᠢ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠠᠵᠢᠯ ᠤᠨ ᠥᠷᠲᠡᠭᠡ᠂ 1 ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ᠂ 1 ᠴᠢᠩᠱᠠᠨ ᠲᠣᠭᠤᠷᠢᠭ ᠤᠨ | ᠬᠥᠳᠡᠯᠮᠦᠷᠢ ᠶᠢᠨ ᠮᠠᠷᠭᠤᠯᠳᠤᠭᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ᠂ 77 ᠨᠡᠶᠢᠭᠡᠮ | ᠲᠣᠭᠤᠷᠢᠭ ︵ᠲᠣᠰᠬᠤᠨ︶ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠰᠤᠭ ᠢ ᠪᠠᠶᠢᠭᠤᠯᠵᠤ᠂ | ᠴᠥᠮ ᠬᠠᠤᠯᠢ ᠴᠠᠭᠠᠵᠠ ᠶᠢᠨ ᠲᠤᠰᠠᠯᠠᠮᠵᠢ ᠶᠢᠨ ᠭᠤᠶᠤᠴᠢᠯᠠᠯ᠂ ᠰᠦᠢᠳᠬᠡᠯ ᠬᠤᠷᠢᠶᠠᠬᠤ ᠥᠬᠡᠶ ᠪᠠᠷ ᠬᠠᠤᠯᠢ | ᠴᠠᠭᠠᠵᠠ ᠶᠢᠨ ᠯᠠᠪᠯᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠡᠬᠢ ᠪᠠᠶᠠᠯᠢᠭ ᠢ ᠪᠥᠬᠦ ᠲᠠᠯ᠎ᠠ ᠪᠠᠷ ᠳᠣᠷᠣᠭᠰᠢ ᠪᠠᠭᠤᠯᠭᠠᠬᠤ ᠶᠢ ᠪᠡᠶᠡᠯᠡᠭᠦᠯᠦᠨ᠎ᠡ᠃ ᠬᠥᠭᠰᠢᠨ | ᠪᠠᠭᠤᠷᠠᠶ ᠡᠪᠡᠳᠴᠢᠨ ᠲᠠᠢ ᠵᠡᠮᠳᠡᠭ ᠵᠢᠴᠢ ᠴᠡᠷᠢᠭ ᠬᠥᠮᠦᠨ ᠵᠡᠷᠭᠡ ᠣᠨᠴᠠᠭᠠᠶ ᠬᠥᠮᠦᠰ ᠲᠤ ᠰᠠᠭᠠᠳ ᠥᠬᠡᠶ ᠨᠡᠪᠲᠡᠷᠡᠬᠦ | ᠵᠠᠮ ᠨᠡᠭᠡᠭᠡᠨ ᠥᠭᠴᠦ᠂ ᠬᠥᠳᠡᠯᠵᠦ ᠪᠠᠷᠢᠬᠤ ᠳᠤ ᠳᠥᠭᠦᠮ ᠦᠭᠡᠢ ᠣᠯᠠᠨ ᠲᠦᠮᠡᠨ ᠳᠤ ᠬᠡᠷ ᠲᠤᠨᠢ ᠬᠦᠷᠴᠦ | ᠦᠢᠯᠡᠴᠢᠯᠡᠬᠦ ᠦᠢᠯᠡᠴᠢᠯᠡᠭᠡ ᠬᠠᠩᠭᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠴᠡᠯ ᠳᠤ ᠨᠡᠶᠢᠴᠡᠬᠦ ᠶᠢ ᠨᠢ | ᠬᠢᠨᠠᠨ ᠬᠠᠷᠭᠤᠭᠤᠯᠵᠤ ᠨᠤᠲᠠᠯᠠᠭᠰᠠᠨ ᠤ ᠳᠠᠷᠠᠭ᠎ᠠ᠂ ᠲᠡᠷᠡ ᠳᠠᠷᠤᠶ ᠳᠤᠨᠢ ᠬᠠᠤᠯᠢᠴᠢ ᠲᠣᠮᠢᠯᠠᠨ ᠬᠠᠪᠰᠤᠷᠤᠯᠭ᠎ᠠ | ᠦᠵᠡᠭᠦᠯᠦᠨ᠎ᠡ᠃ ᠪᠥᠬᠦ ᠵᠢᠯ ᠳᠤ ᠠᠮᠠᠷᠠᠯᠲᠠ ᠶᠢᠨ ᠡᠳᠦᠷ ᠥᠬᠡᠶ᠂ ᠬᠡᠷ ᠲᠤᠨᠢ ᠬᠦᠷᠴᠦ ᠭᠦᠢᠴᠡᠳᠭᠡᠬᠦ᠂ ᠤᠷᠢᠳᠴᠢᠯᠠᠨ | ᠪᠣᠯᠵᠣᠵᠤ ᠦᠨᠡᠮᠯᠡᠯ ᠭᠦᠢᠴᠡᠳᠭᠡᠬᠦ ᠦᠢᠯᠡᠴᠢᠯᠡᠭᠡ ᠭᠠᠷᠭᠠᠵᠤ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠦᠨᠡᠨ ᠬᠦ | ᠣᠯᠠᠨ ᠲᠦᠮᠡᠨ ᠤ ᠬᠡᠷ ᠤᠨ ᠡᠭᠦᠳᠡᠨ ᠳᠤ ᠬᠦᠷᠲᠡᠯ᠎ᠡ ᠤᠷᠲᠤᠳᠬᠠᠵᠤ᠂ ᠣᠯᠠᠨ ᠲᠦᠮᠡᠨ ᠳᠤ ᠥᠨᠳᠥᠷ ᠪᠦᠲᠦᠮᠵᠢᠲᠡᠶ | ᠳᠥᠭᠦᠮ ᠳᠥᠲᠡ ᠬᠠᠤᠯᠢ ᠴᠠᠭᠠᠵᠠ ᠶᠢᠨ ᠦᠢᠯᠡᠴᠢᠯᠡᠭᠡ ᠶᠢ ᠦᠨᠡᠨ ᠬᠦ ᠮᠡᠳᠡᠷᠡᠭᠦᠯᠦᠨ᠎ᠡ᠃ | ︽ᠤᠶᠤᠨᠴᠢᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠢᠨᠲ᠋ᠧᠷ ᠰᠦᠯᠵᠢᠶ᠎ᠡ︾ ᠶᠢᠨ ᠳᠥᠭᠦᠮ ᠳᠥᠲᠡ | ᠦᠢᠯᠡᠴᠢᠯᠡᠭᠡ ᠶᠢ ᠭᠠᠷᠭᠠᠪᠠ | ︽ᠢᠨᠲ᠋ᠧᠷ ᠰᠦᠯᠵᠢᠶ᠎ᠡ + ᠬᠦᠮᠦᠨ ᠪᠠᠶᠢᠬᠤ ᠥᠬᠡᠶ ᠬᠠᠤᠯᠢ ᠶᠢᠨ ᠭᠠᠵᠠᠷ︾ ᠢ ᠭᠠᠷᠭᠠᠵᠤ᠂ ᠪᠥᠬᠦ ᠤᠯᠤᠰ ᠤᠨ | ᠡᠯ᠎ᠡ ᠭᠠᠵᠠᠷ ᠤᠨ 4.5 ᠲᠦᠮᠡᠨ ᠬᠠᠤᠯᠢᠴᠢ ᠴᠠᠭ ᠲᠤᠬᠠᠶ ᠳᠤᠨᠢ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠶᠢᠨ | ᠵᠥᠪᠯᠡᠯᠭᠡ ᠥᠭᠬᠦ ᠦᠢᠯᠡᠴᠢᠯᠡᠭᠡ᠂ ᠰᠦᠯᠵᠢᠶᠡᠨ ᠳᠡᠭᠡᠷᠡᠬᠢ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠬᠢᠨᠠᠨ | ᠬᠠᠷᠭᠤᠭᠤᠯᠵᠤ ᠣᠷᠣᠯᠠᠨ ᠪᠢᠴᠢᠬᠦ ᠵᠡᠷᠭᠡ ᠦᠢᠯᠡᠴᠢᠯᠡᠭᠡ ᠶᠢ ᠬᠠᠩᠭᠠᠪᠠ᠃ ︽ᠢᠨᠲ᠋ᠧᠷ ᠰᠦᠯᠵᠢᠶ᠎ᠡ + ᠠᠯᠪᠠᠨ | ᠭᠡᠷᠡᠴᠢᠯᠡᠭᠡ︾ ᠶᠢᠨ ᠦᠢᠯᠡᠴᠢᠯᠡᠭᠡ ᠶᠢ ᠬᠡᠷᠡᠭᠵᠢᠭᠦᠯᠵᠦ᠂ ᠸᠢᠳᠢᠣ᠋ ᠪᠠᠷ ᠳᠠᠮᠵᠢᠭᠤᠯᠤᠨ ᠰᠦᠯᠵᠢᠶᠡᠨ ᠳᠡᠭᠡᠷ᠎ᠡ | ᠭᠤᠶᠤᠴᠢᠯᠠᠬᠤ᠂ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠦᠨᠡᠮᠯᠡᠯ | ᠭᠦᠢᠴᠡᠳᠭᠡᠬᠦ ᠵᠡᠷᠭᠡ ᠠᠯᠢ ᠣᠯᠠᠨ ᠠᠯᠪᠠᠨ ᠭᠡᠷᠡᠴᠢᠯᠡᠭᠡ ᠶᠢᠨ ᠲᠠᠰ ᠳᠠᠷᠠᠭᠠᠯᠠᠯ ᠢ ᠪᠡᠶᠡᠯᠡᠭᠦᠯᠦᠨ᠎ᠡ᠃ ᠥᠪᠡᠷᠲᠡᠭᠡᠨ | ᠦᠢᠯᠡᠴᠢᠯᠡᠬᠦ ᠵᠠᠷᠭᠤ ᠶᠢᠨ ᠦᠢᠯᠡᠴᠢᠯᠡᠭᠡᠨ ᠤ ᠲᠣᠬᠢᠶᠠᠯ ᠢ ᠳᠡᠯᠭᠡᠵᠦ᠂ ᠤᠯᠠᠨ ᠲᠦᠮᠡᠨ ᠢ ᠬᠠᠪᠰᠤᠷᠤᠨ᠂ ᠠᠵᠤ | ᠠᠬᠤᠶᠢᠯᠠᠯ ᠤᠨ ᠥᠪᠡᠰᠦᠪᠡᠨ ᠳᠠᠩᠰᠠᠯᠠᠨ ᠬᠡᠷᠡᠭ ᠪᠣᠯᠭᠠᠨ ᠳᠠᠩᠰᠠᠯᠠᠬᠤ᠂ ᠬᠡᠷᠡᠭ ᠪᠣᠯᠭᠠᠨ ᠳᠠᠩᠰᠠᠯᠠᠬᠤ | ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠡᠰᠡᠬᠦ᠂ ᠬᠡᠷᠡᠭ ᠢ ᠪᠠᠶᠢᠴᠠᠭᠠᠨ ᠯᠠᠪᠯᠠᠬᠤ ᠪᠠ ᠠᠬᠢᠴᠠ ᠶᠢᠨ ᠪᠠᠶᠢᠳᠠᠯ ᠢ | ᠬᠢᠨᠠᠨ ᠪᠠᠶᠢᠴᠠᠭᠠᠨ᠎ᠠ᠃ ᠣᠶᠤᠨᠴᠢ ᠡᠵᠡᠮᠳᠡᠯ ᠤᠨ ᠨᠢᠭᠡ ᠴᠣᠭᠴᠠᠲᠤ ᠮᠠᠰᠢᠨ ᠢ ᠲᠣᠬᠢᠷᠠᠭᠤᠯᠵᠤ᠂ ᠬᠠᠤᠯᠢ ᠴᠠᠭᠠᠵᠠ | ᠬᠠᠤᠯᠢ ᠲᠣᠭᠲᠠᠭᠠᠯ ᠵᠢᠴᠢ ᠬᠡᠷᠡᠭ ᠤᠨ ᠵᠢᠱᠢᠶ᠎ᠡ᠂ ᠬᠠᠤᠯᠢ ᠲᠦᠭᠡᠮᠡᠯᠵᠢᠭᠦᠯᠬᠦ ᠸᠢᠳᠢᠣ᠋ ᠵᠡᠷᠭᠡ ᠶᠢ ᠴᠠᠭ ᠲᠤᠬᠠᠶ ᠳᠤᠨᠢ | ᠨᠡᠪᠲᠡᠷᠡᠭᠦᠯᠪᠡ᠃ ᠠᠯᠤᠰ ᠠᠴᠠ ᠡᠶᠡᠳᠡᠭᠦᠯᠬᠦ ᠲᠠᠪᠴᠠᠩ ᠢ ᠪᠠᠶᠢᠭᠤᠯᠵᠤ᠂ ᠡᠶᠡᠳᠡᠭᠦᠯᠦᠭᠴᠢ ᠪᠠ ᠲᠤᠬᠠᠶ ᠶᠢᠨ | ᠬᠥᠮᠦᠨ ᠨᠢ ᠣᠶᠤᠨᠴᠢ ᠪᠠᠷ ᠡᠶᠡᠳᠡᠭᠦᠯᠬᠦ ᠢᠶᠠᠷ ᠳᠠᠮᠵᠢᠭᠤᠯᠤᠨ ᠡᠶᠡᠳᠡᠭᠦᠯᠵᠦ ᠪᠣᠯᠤᠨ᠎ᠠ᠂ ᠣᠯᠠᠨ ᠲᠦᠮᠡᠨ ᠤ | ᠬᠠᠤᠯᠢ ᠪᠠᠷ ᠵᠠᠰᠠᠬᠤ ᠬᠦᠷᠲᠡᠮᠵᠢ ᠶᠢᠨ ᠲᠥᠷᠥᠭᠳᠡᠯ ᠢ ᠢᠯᠡᠳᠲᠡ ᠳᠡᠭᠡᠭᠰᠢᠯᠡᠭᠦᠯᠦᠨ᠎ᠡ᠃ | ︽ᠲᠤᠰᠬᠠᠶᠢᠵᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠣᠳᠠᠲᠤ ᠬᠦᠴᠦᠨ ᠤ ᠪᠦᠯᠦᠭ︾ ᠤᠨ | ᠦᠢᠯᠡᠴᠢᠯᠡᠭᠡᠨ ᠤ ᠪᠦᠯᠬᠦᠮ ᠢ ᠴᠣᠭᠴᠠᠯᠠᠪᠠ | ᠬᠠᠤᠯᠢ ᠴᠠᠭᠠᠵᠠ ᠶᠢᠨ ᠵᠥᠪᠯᠡᠭᠴᠢ ᠶᠢᠨ 13 ᠪᠦᠯᠬᠦᠮ ᠢ ᠢᠯᠡ ᠪᠠᠷ ᠰᠣᠩᠭᠤᠨ ᠤᠷᠢᠵᠤ ᠴᠢᠩᠱᠠᠨ | ᠲᠣᠭᠤᠷᠢᠭ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠪᠣᠯᠭᠠᠵᠤ᠂ ᠪᠠᠶᠢᠭᠤᠯᠭ᠎ᠠ ᠨᠢᠭᠡᠴᠡ ᠶᠢᠨ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠶᠡᠭᠡ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠳᠤ ᠬᠠᠤᠯᠢ | ᠴᠠᠭᠠᠵᠠ ᠶᠢᠨ ᠵᠥᠪᠯᠡᠯᠭᠡ ᠪᠠ ᠨᠤᠲᠠᠯᠠᠯᠲᠠ ᠬᠠᠩᠭᠠᠨ᠎ᠠ᠃ 77 ᠬᠠᠤᠯᠢᠴᠢ ᠶᠢ ᠰᠣᠩᠭᠤᠨ ᠨᠡᠶᠢᠭᠡᠮ ᠲᠣᠭᠤᠷᠢᠭ | ︵ᠲᠣᠰᠬᠤᠨ︶ ᠤᠨ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠢᠶᠠᠯ ᠢ ᠡᠭᠦᠷᠭᠡᠯᠡᠭᠦᠯᠵᠦ᠂ ︽ᠨᠢᠭᠡ ᠨᠡᠶᠢᠭᠡᠮ | ᠲᠣᠭᠤᠷᠢᠭ ︵ᠲᠣᠰᠬᠤᠨ︶ ᠨᠢᠭᠡ ᠬᠠᠤᠯᠢ ᠴᠠᠭᠠᠵᠠ ᠶᠢᠨ ᠵᠥᠪᠯᠡᠭᠴᠢ︾ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ | ᠬᠠᠤᠯᠢ ᠴᠠᠭᠠᠵᠠ ᠶᠢᠨ ᠵᠥᠪᠯᠡᠭᠴᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠲᠣᠭᠤᠷᠢᠭ ︵ᠲᠣᠰᠬᠤᠨ︶ ᠲᠤ | ᠭᠦᠨᠵᠡᠭᠡᠶᠢᠷᠡᠭᠦᠯᠦᠨ ᠢᠷᠭᠡᠨ ᠤ ᠬᠠᠤᠯᠢ ᠶᠢᠨ ᠪᠢᠴᠢᠭ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ᠂ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠠᠷᠢᠶᠠᠨ ᠤ ᠲᠠᠩᠬᠢᠮ ᠵᠡᠷᠭᠡ ᠠᠵᠢᠯᠯᠠᠭ᠎ᠠ ᠶᠢ | ᠥᠷᠨᠢᠭᠦᠯᠵᠦ᠂ ᠨᠡᠶᠢᠭᠡᠮ ᠲᠣᠭᠤᠷᠢᠭ ︵ᠲᠣᠰᠬᠤᠨ︶ ᠤᠨ ᠠᠷᠠᠳ ᠤᠨ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ ᠳᠠᠳᠤᠯᠭ᠎ᠠ ᠬᠢᠬᠦ ᠬᠠᠤᠯᠢᠴᠢ ᠶᠢ ᠵᠣᠬᠢᠶᠠᠨ ᠪᠠᠶᠢᠭᠤᠯᠤᠨ 10 ᠬᠠᠤᠯᠢ ᠴᠠᠭᠠᠵᠠ ᠶᠢᠨ | ᠭᠠᠵᠠᠷ ᠲᠤ ᠭᠦᠨᠵᠡᠭᠡᠶᠢᠷᠡᠭᠦᠯᠵᠦ᠂ ᠳᠠᠳᠤᠯᠭ᠎ᠠ ᠬᠢᠬᠦ ᠬᠠᠤᠯᠢᠴᠢ ᠳᠤ ᠰᠢᠰᠲ᠋ᠧᠮ ᠲᠠᠢ ᠪᠣᠯᠪᠠᠰᠤᠷᠠᠭᠤᠯᠤᠯ ᠬᠢᠵᠦ᠂ | ᠲᠡᠳᠡᠨᠤᠰ ᠢ ᠵᠢᠯᠣᠭᠤᠳᠤᠨ ᠲᠢᠩᠬᠢᠮ ᠤᠨ ᠰᠢᠭᠦᠯᠲᠡ ᠶᠢ ᠰᠤᠯᠠ ᠰᠣᠨᠣᠰᠬᠤ᠂ ᠵᠥᠷᠢᠴᠡᠯ ᠵᠢᠭᠤᠷᠠᠯᠳᠤᠭᠠᠨ ᠢ | ᠡᠶᠡᠳᠡᠭᠦᠯᠬᠦ ᠵᠢᠴᠢ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠵᠡᠷᠭᠡ ᠠᠵᠢᠯ ᠳᠤ ᠣᠷᠣᠯᠴᠠᠭᠤᠯᠵᠤ᠂ | ᠬᠠᠤᠯᠢ ᠴᠠᠭᠠᠵᠠ ᠶᠢᠨ ᠭᠠᠵᠠᠷ ᠤᠨ ᠠᠵᠢᠯ ᠤᠨ ᠲᠤᠰᠬᠠᠶᠢᠵᠢᠭᠰᠠᠨ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | ︽ᠣᠨᠣᠪᠴᠢᠵᠢᠭᠤᠯᠬᠤ︾ ᠳᠤ ᠠᠩᠬᠠᠷᠤᠯ ᠢᠶᠠᠨ ᠲᠦᠪᠯᠡᠷᠡᠭᠦᠯᠵᠦ᠂ ︽ᠲᠣᠪᠶᠤᠭ ᠤᠨ ᠬᠡᠯᠪᠡᠷᠢ︾ ᠶᠢᠨ | ᠦᠢᠯᠡᠴᠢᠯᠡᠭᠡᠨ ᠤ ᠬᠠᠩᠭᠠᠯᠭ᠎ᠠ ᠶᠢ ᠬᠡᠷᠡᠭᠵᠢᠭᠦᠯᠪᠡ | ᠲᠠᠷᠢᠶᠠᠴᠢᠨ ᠬᠦᠴᠦ ᠶᠠᠪᠤᠭᠰᠠᠳ᠂ ᠨᠠᠰᠤᠨ ᠳᠤ ᠥᠯᠥ ᠬᠦᠷᠦᠭᠰᠡᠳ᠂ ᠡᠮᠡᠭᠲᠡᠶᠢᠴᠦᠳ᠂ ᠵᠡᠮᠳᠡᠭᠴᠦᠳ᠂ | ᠨᠠᠰᠤᠲᠠᠶᠢᠴᠤᠳ᠂ ᠴᠡᠷᠢᠭ ᠤᠨ ᠬᠡᠷ ᠪᠦᠯᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠣᠨᠴᠠᠭᠠᠶ ᠬᠥᠮᠦᠰ ᠤᠨ | ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ︽ᠬᠠᠤᠯᠢ ᠴᠠᠭᠠᠵᠠ ᠶᠢᠨ | ᠲᠤᠰᠠᠯᠠᠮᠵᠢ ᠪᠠᠷ ᠲᠠᠷᠢᠶᠠᠴᠢᠨ ᠬᠦᠴᠦ ᠶᠠᠪᠤᠭᠰᠠᠳ ᠲᠤ ᠠᠰᠢᠭ ᠬᠦᠷᠲᠡᠭᠡᠬᠦ︾ ︽ᠬᠠᠤᠯᠢ ᠪᠠᠷ ᠵᠠᠰᠠᠬᠤ ᠣᠶᠤᠨ | ᠰᠠᠨᠠᠭᠠᠨ ᠤ ᠠᠮᠤ ᠪᠤᠳᠠᠭ᠎ᠠ︾ ᠶᠢ ᠴᠡᠷᠢᠭ ᠤᠨ ᠬᠤᠸᠠᠷᠠᠨ ᠳᠤ ᠣᠷᠣᠭᠤᠯᠬᠤ᠂ ︽ᠡᠮᠡᠭᠲᠡᠶᠢᠴᠦᠳ ᠤᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠳᠡᠭᠡ ᠲᠣᠰᠬᠤᠨ ᠤ ᠠᠶᠠᠯᠠᠯ︾᠂ ︽ᠬᠠᠤᠯᠢ ᠪᠠᠷ ᠵᠠᠰᠠᠬᠤ | ᠳ᠋ᠧᠩ ᠢ ᠠᠰᠠᠭᠠᠵᠤ ᠪᠠᠭᠠᠴᠤᠳ ᠢ ᠰᠠᠬᠢᠨ ᠬᠠᠮᠠᠭᠠᠯᠠᠬᠤ︾ ᠵᠡᠷᠭᠡ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠣᠯᠠᠨ | ᠲᠦᠮᠡᠨ ᠬᠠᠤᠯᠢ ᠶᠢ ᠬᠦᠨᠳᠦᠳᠬᠡᠨ ᠬᠠᠤᠯᠢ ᠶᠢ ᠰᠠᠬᠢᠵᠤ ᠬᠠᠤᠯᠢ ᠶᠢ ᠬᠡᠷᠡᠭᠵᠢᠭᠦᠯᠬᠦ ᠶᠢ ᠢᠳᠡᠪᠬᠢᠲᠡᠶ ᠪᠠᠷ ᠬᠦᠲᠦᠯᠦᠨ | ᠵᠢᠯᠤᠭᠤᠳᠤᠨ᠎ᠠ᠃ ᠰᠡᠳᠬᠢᠴᠡ ᠶᠢᠨ ᠯᠠᠪᠯᠠᠯᠲᠠ ᠶᠢ ᠵᠥᠷᠢᠴᠡᠯ ᠢ ᠨᠠᠮᠳᠠᠭᠤᠯᠬᠤ ᠳᠤ ᠬᠡᠷᠡᠭᠯᠡᠵᠦ᠂ ᠲᠤᠬᠠᠶ ᠶᠢᠨ | ᠬᠥᠮᠦᠨ ᠢ ᠬᠠᠪᠰᠤᠷᠤᠨ ᠰᠡᠳᠬᠢᠯ ᠰᠠᠨᠠᠭ᠎ᠠ ᠪᠠᠨ ᠰᠢᠯᠤᠭᠤᠳᠬᠠᠵᠤ᠂ ᠲᠤᠬᠠᠶ ᠶᠢᠨ ᠬᠥᠮᠦᠨ ᠤ ᠬᠠᠤᠯᠢ ᠶᠣᠰᠣᠭᠠᠷ | ᠣᠶᠤᠨᠴᠢ ᠪᠠᠷ ᠡᠷᠬᠡ ᠪᠠᠨ ᠬᠠᠮᠠᠭᠠᠯᠠᠬᠤ ᠶᠢ ᠬᠥᠲᠥᠯᠥᠨ ᠵᠢᠯᠣᠭᠤᠳᠴᠤ᠂ ᠵᠥᠷᠢᠴᠡᠯ ᠵᠢᠭᠤᠷᠠᠯᠳᠤᠭᠠᠨ ᠢ ᠦᠨᠡᠨ | ᠪᠣᠳᠠᠲᠠᠶ ᠪᠠᠷ ᠰᠢᠢᠳᠪᠦᠷᠢᠯᠡᠬᠦ ᠶᠢ ᠠᠬᠢᠭᠤᠯᠤᠨ᠎ᠠ᠃ ᠬᠥᠯᠥᠰᠥᠨ ᠠᠵᠢᠯᠴᠢᠨ᠂ ᠴᠡᠷᠢᠭ ᠪᠠ ᠴᠡᠷᠢᠭ ᠤᠨ ᠬᠡᠷ ᠪᠦᠯᠢ | ᠵᠡᠷᠭᠡ ᠣᠨᠴᠠᠭᠠᠶ ᠬᠥᠮᠦᠰ ᠲᠤ ᠬᠠᠤᠯᠢ ᠴᠠᠭᠠᠵᠠ ᠶᠢᠨ ᠲᠤᠰᠠᠯᠠᠮᠵᠢ ᠶᠢᠨ ᠭᠥᠯᠢᠶᠡᠨ ᠠᠪᠴᠤ ᠰᠢᠢᠳᠪᠦᠷᠢᠯᠡᠬᠦ | ᠭᠠᠷᠳᠠᠮ ᠢ ᠳᠥᠭᠦᠮᠴᠢᠯᠡᠵᠦ᠂ ︽ᠲᠤᠰᠠᠯᠠᠬᠤ ᠶᠣᠰᠣᠲᠠᠶ ᠶᠢ ᠨᠢ ᠴᠥᠮ ᠳᠡᠮᠵᠢᠵᠦ᠂ ᠲᠤᠰᠠᠯᠠᠬᠤ ᠶᠣᠰᠣᠲᠠᠶ ᠶᠢ ᠨᠢ | ᠰᠢᠯᠢᠳᠡᠭ ᠲᠤᠰᠠᠯᠠᠬᠤ︾ ᠶᠢ ᠴᠢᠷᠮᠠᠶᠢᠨ ᠪᠡᠶᠡᠯᠡᠭᠦᠯᠵᠦ᠂ ᠣᠯᠠᠨ ᠲᠦᠮᠡᠨ ᠤ ᠬᠠᠤᠯᠢ ᠪᠠᠷ ᠵᠠᠰᠠᠬᠤ ᠬᠦᠷᠲᠡᠮᠵᠢ ᠶᠢᠨ | ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ 200 ᠭᠠᠷᠤᠶ ᠬᠠᠤᠯᠢ ᠴᠠᠭᠠᠵᠠ ᠶᠢᠨ ᠲᠤᠰᠠᠯᠠᠮᠵᠢ ᠶᠢᠨ | ᠬᠡᠷᠡᠭ ᠢ ᠭᠥᠯᠢᠶᠡᠨ ᠠᠪᠴᠤ᠂ 11166 ᠬᠤᠪᠢ ᠠᠯᠪᠠᠨ ᠭᠡᠷᠡᠴᠢᠯᠡᠭᠡ ᠶᠢ ᠰᠢᠢᠳᠪᠦᠷᠢᠯᠡᠵᠦ᠂ ᠰᠤᠷᠪᠤᠯᠵᠢᠯᠠᠬᠤ ᠪᠠᠷ | ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ ᠬᠠᠤᠯᠢ ᠴᠠᠭᠠᠵᠠ ᠶᠢᠨ ᠯᠠᠪᠯᠠᠭ᠎ᠠ ᠳᠤ 580 ᠬᠤᠪᠢ᠂ 612 | ᠬᠥᠮᠦᠨ ᠤᠳᠠᠭ᠎ᠠ ᠬᠠᠷᠢᠭᠤᠯᠲᠠ ᠥᠭᠴᠦ᠂ ᠬᠠᠤᠯᠢᠴᠢ 113 ᠡᠳᠦᠷ ︵ᠤᠳᠠᠭ᠎ᠠ︶ ᠤᠨ ᠵᠢᠵᠢᠭᠦᠷᠯᠡᠬᠦ ᠳᠤ | ᠣᠷᠣᠯᠴᠠᠵᠤ᠂ 661 ᠤᠳᠠᠭ᠎ᠠ ᠬᠠᠤᠯᠢ ᠴᠠᠭᠠᠵᠠ ᠶᠢᠨ ᠵᠥᠪᠯᠡᠯᠭᠡ ᠬᠠᠩᠭᠠᠵᠤ᠂ ︽ᠬᠠᠤᠯᠢ ᠶᠢᠨ ᠲᠤᠰᠠᠯᠠᠮᠵᠢ ᠪᠠᠷ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠬᠥᠯᠥᠰᠥᠨ ᠠᠵᠢᠯᠴᠢᠨ ᠳᠤ ᠬᠦᠴᠦᠨ ᠨᠡᠮᠡᠷᠢᠯᠡᠬᠦ︾ ᠵᠡᠷᠭᠡ | ᠠᠵᠢᠯᠯᠠᠭ᠎ᠠ ᠶᠢ 200 ᠭᠠᠷᠤᠶ ᠤᠳᠠᠭ᠎ᠠ ᠥᠷᠨᠢᠭᠦᠯᠵᠦ᠂ ᠬᠦᠯᠢᠶᠡᠨ ᠠᠪᠤᠭᠴᠢᠳ ᠤᠨ ᠲᠤᠭ᠎ᠠ 3 ᠲᠦᠮᠡ ᠭᠠᠷᠤᠶ | ᠪᠣᠯᠪᠠ᠃ | | | | | | |