ᠳᠡᠭᠡᠷ᠎ᠡ ᠬᠠᠭᠠᠰ ᠵᠢᠯ ᠴᠢᠩᠱᠠᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/7/25
      ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠡᠯ᠎ᠡ ᠵᠦᠢᠯ ᠤᠨ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠭᠡᠷ᠎ᠡ ᠲᠣᠭᠲᠠᠵᠤ ᠣᠷᠣᠭᠤᠯᠤᠨ ᠠᠪᠴᠢᠷᠠᠬᠤ ᠪᠠ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠪᠠᠷ ᠪᠦᠬᠦ ᠲᠠᠯ᠎ᠠ ᠶᠢ ᠡᠵᠡᠮᠳᠡᠬᠦ ᠶᠢ ᠪᠠᠷᠢᠮᠲᠠᠯᠠᠵᠤ᠂ ᠪᠣᠳᠠᠲᠤ ᠴᠣᠭᠴᠠ ᠶᠢ ᠠᠳᠬᠤᠬᠤ᠂ ᠲᠦᠷᠦᠯ ᠵᠦᠢᠯ ᠢ ᠠᠬᠢᠭᠤᠯᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠲᠣᠭᠲᠠᠪᠤᠷᠢᠵᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠦᠬᠦ ᠲᠤᠭᠤᠷᠢᠭ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠪᠠ᠃      ᠳᠡᠭᠡᠷ᠎ᠡ ᠬᠠᠭᠠᠰ ᠵᠢᠯ ᠳᠤ᠂ ᠴᠢᠩᠱᠠᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠠᠴᠠ 21.5 ᠨᠡᠮᠡᠭᠳᠡᠵᠡᠢ᠃ ᠲᠥᠷᠥᠯ ᠵᠦᠢᠯ ᠬᠤᠪᠢᠶᠠᠨ ᠦᠵᠡᠪᠡᠯ᠂ 500 ᠲᠦᠮᠡᠨ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 36.1% ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 35.1% ᠪᠠᠭᠤᠷᠠᠪᠠ᠃ ᠠᠵᠤ ᠦᠢᠯᠡᠰ ᠬᠤᠪᠢᠶᠠᠨ ᠦᠵᠡᠪᠡᠯ᠂ ᠭᠤᠷᠪᠠᠨ ᠶᠡᠭᠡ ᠠᠵᠤ ᠦᠢᠯᠡᠰ ᠤᠨ ᠪᠡᠯᠡ ᠣᠷᠣᠭᠤᠯᠤᠯᠲᠠ  ︽ᠨᠢᠭᠡ ᠶᠢ ᠲᠣᠭᠲᠠᠭᠤᠨ ᠪᠠᠢᠯᠭᠠᠬᠤ ᠬᠤᠶᠠᠷ ᠳᠣᠣᠷ᠎ᠠ︾ ᠃ ᠳᠡᠭᠡᠷ᠎ᠡ ᠬᠠᠭᠠᠰ ᠵᠢᠯ ᠳᠤ᠂ ᠪᠥᠬᠦ ᠲᠤᠭᠤᠷᠢᠭ ᠤᠨ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 80.2%᠎ ᠢᠶᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠨᠡᠯᠢᠶᠡᠳ ᠤᠳᠠᠭᠠᠰᠢᠷᠠᠵᠤ᠂ ᠠᠳᠠᠯᠢ ᠬᠤᠭᠤᠴᠠᠭᠠᠨ ᠤ ᠬᠢ ᠠᠴᠠ 67.6%᠎ ᠪᠠᠷ ᠨᠡᠮᠡᠭᠳᠡᠨ᠂ 1 - 5 ᠳ᠋ᠤᠭᠠᠷ ᠰᠠᠷ᠎ᠠ ᠶᠢᠨ ᠬᠢ ᠠᠴᠠ 6.5 ᠵᠠᠭᠤᠨ ᠤ ᠴᠡᠭ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 46.7%᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠤᠯᠠᠮ ᠨᠢᠭᠡ ᠠᠯᠬᠤᠮ ᠥᠷᠭᠡᠳᠪᠡ᠃      ᠳᠡᠭᠡᠷ᠎ᠡ ᠬᠠᠭᠠᠰ ᠵᠢᠯ ᠳᠤ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠵᠦ᠂ ᠪᠦᠬᠦ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠪᠠ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.1 ᠳᠠᠬᠢᠨ ᠨᠡᠮᠡᠭᠳᠡᠵᠦ᠂ ᠨᠢᠭᠡᠳᠦᠭᠡᠷ ᠤᠯᠠᠷᠢᠯ ᠤᠨ ᠬᠢ ᠠᠴᠠ 132.1 ᠵᠠᠭᠤᠨ ᠤ ᠴᠡᠭ ᠳᠡᠭᠡᠭᠰᠢᠯᠡᠵᠦ᠂ ᠪᠦᠬᠦ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠢ ᠳᠠᠶᠢᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号