ᠳᠡᠭᠡᠷ᠎ᠡ ᠬᠠᠭᠠᠰ ᠵᠢᠯ ᠳᠤ᠂ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ ᠶᠡᠷᠦᠩᠬᠡᠶ ᠥᠷᠲᠡᠭ ᠠᠳᠠᠯᠢ | ᠬᠤᠭᠤᠴᠠᠭᠠᠨ ᠤ ᠬᠢ ᠠᠴᠠ 0.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ | ᠤᠯᠠᠷᠢᠯ ᠤᠨ ᠬᠢ ᠠᠴᠠ ᠡᠶᠡᠷᠭᠦ ᠪᠣᠯᠵᠤ᠂ 11.4 ᠵᠠᠭᠤᠨ ᠤ ᠴᠡᠭ ᠳᠡᠭᠡᠭᠰᠢᠯᠡᠵᠡᠶ᠃ | ᠪᠠᠷᠢᠯᠭ᠎ᠠ ᠶᠢᠨ ᠲᠥᠷᠥᠯ ᠵᠦᠢᠯ ᠤᠨ ᠲᠠᠯ᠎ᠠ ᠠᠴᠠ ᠦᠵᠡᠪᠡᠯ᠂ ᠪᠠᠷᠢᠯᠭ᠎ᠠ ᠶᠢᠨ ᠠᠵᠢᠯ ᠲᠤᠯᠭᠠᠭᠤᠷᠢ ᠪᠠᠶᠢᠷᠢ ᠶᠢ | ᠡᠵᠡᠯᠡᠵᠦ᠂ ᠪᠠᠷᠢᠯᠭ᠎ᠠ ᠶᠢᠨ ᠠᠵᠢᠯ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠪᠡ︔ ᠤᠭᠰᠠᠷᠠᠬᠤ | ᠢᠨᠵᠧᠨᠧᠷᠢᠩ ᠠᠳᠠᠯᠢ ᠬᠤᠭᠤᠴᠠᠭᠠᠨ ᠤ ᠬᠢ ᠠᠴᠠ 41.5% ᠪᠠᠷ ᠪᠠᠭᠤᠷᠠᠪᠠ︔ ᠪᠤᠰᠤᠳ ᠢᠨᠵᠧᠨᠧᠷᠢᠩ ᠠᠳᠠᠯᠢ | ᠬᠤᠭᠤᠴᠠᠭᠠᠨ ᠤ ᠬᠢ ᠠᠴᠠ 1.1 ᠳᠠᠬᠢᠨ ᠨᠡᠮᠡᠭᠳᠡᠪᠡ᠃ ᠪᠠᠷᠢᠯᠭ᠎ᠠ ᠶᠢᠨ ᠢᠨᠵᠧᠨᠧᠷᠢᠩ ᠨᠢ ᠪᠠᠷᠢᠯᠭ᠎ᠠ ᠶᠢᠨ ᠦᠢᠯᠡᠰ ᠤᠨ | ᠦᠢᠯᠡᠳᠬᠦᠨ ᠤ ᠶᠡᠷᠦᠩᠬᠡᠢ ᠥᠷᠲᠡᠭ ᠢ ᠲᠣᠭᠲᠠᠭᠤᠨ ᠢᠶᠠᠷ ᠨᠡᠮᠡᠭᠳᠡᠭᠦᠯᠬᠦ ᠭᠤᠣᠯ ᠬᠦᠴᠦᠨ ᠪᠣᠯᠤᠭᠰᠠᠨ ᠤ ᠬᠤᠪᠢ ᠳᠤ᠂ | ᠪᠠᠷᠢᠯᠭ᠎ᠠ ᠶᠢᠨ ᠦᠢᠯᠡᠰ ᠤᠨ ᠶᠡᠷᠦᠩᠬᠡᠢ ᠥᠷᠲᠡᠭ ᠤᠨ 87.5% ᠶᠢ ᠡᠵᠡᠯᠡᠵᠦ᠂ ᠤᠭᠰᠠᠷᠠᠬᠤ ᠪᠠᠷᠢᠯᠭ᠎ᠠ ᠪᠠ ᠪᠤᠰᠤᠳ | ᠢᠨᠵᠧᠨᠧᠷᠢᠩ ᠨᠢ ᠲᠤᠰ ᠲᠤᠰ ᠪᠠᠷᠢᠯᠭ᠎ᠠ ᠶᠢᠨ ᠦᠢᠯᠡᠰ ᠤᠨ ᠶᠡᠷᠦᠩᠬᠡᠢ ᠥᠷᠲᠡᠭ ᠤᠨ 7%᠂ 5.5% ᠶᠢ ᠡᠵᠡᠯᠡᠵᠦ | ᠪᠠᠶᠢᠪᠠ᠃ | ᠬᠢᠷᠢ ᠬᠡᠮ ᠤᠨ ᠲᠥᠷᠥᠯ ᠬᠡᠯᠪᠡᠷᠢ ᠠᠴᠠ ᠠᠪᠴᠤ ᠦᠵᠡᠪᠡᠯ᠂ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ | ᠨᠡᠯᠢᠶᠡᠳ ᠶᠡᠭᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠨ᠂ ᠪᠠᠷᠢᠯᠭ᠎ᠠ ᠶᠢᠨ ᠦᠢᠯᠡᠰ ᠤᠨ | ᠶᠡᠷᠦᠩᠬᠡᠶ ᠦᠢᠯᠡᠳᠬᠦᠨ ᠤ ᠥᠷᠲᠡᠭ ᠤᠨ 92.9% ᠶᠢ ᠡᠵᠡᠯᠡᠵᠦ᠂ ᠪᠠᠷᠢᠯᠭ᠎ᠠ ᠶᠢᠨ ᠦᠢᠯᠡᠰ ᠤᠨ ᠦᠢᠯᠡᠳᠭᠦᠨ ᠤ | ᠥᠷᠲᠡᠭ ᠤᠨ ᠨᠡᠮᠡᠭᠳᠡᠯ ᠢ 5 ᠵᠠᠭᠤᠨ ᠤ ᠬᠤᠪᠢ ᠶᠢᠨ ᠴᠡᠭ ᠳᠠᠶᠢᠴᠢᠯᠠᠪᠠ᠃ | ᠶᠡᠷᠦᠩᠬᠡᠶ ᠳᠤᠨᠢ ᠠᠪᠴᠤ ᠦᠵᠡᠪᠡᠯ᠂ ᠰᠢᠷᠣᠶ ᠮᠣᠳᠣᠨ ᠤ ᠪᠠᠷᠢᠯᠭ᠎ᠠ ᠶᠢᠨ ᠦᠢᠯᠡᠰ ᠤᠨ ᠬᠤᠪᠢ ᠨᠡᠮᠡᠷᠢ | ᠲᠣᠪᠤᠶᠢᠮ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 39% ᠪᠠᠷ ᠨᠡᠮᠡᠭᠳᠡᠨ᠂ ᠪᠠᠷᠢᠯᠭ᠎ᠠ ᠶᠢᠨ ᠦᠢᠯᠡᠰ ᠤᠨ | ᠶᠡᠷᠦᠩᠬᠡᠶ ᠥᠷᠲᠡᠭ ᠤᠨ 57.8% ᠶᠢ ᠡᠵᠡᠯᠡᠪᠡ᠃ |