ᠴᠢᠩᠱᠠᠨ ᠵᠠᠰᠠᠭ ᠲᠠᠷᠬᠠᠭᠠᠭᠰᠠᠨ ︹2024︺ 22 ᠳ᠋ᠤᠭᠠᠷ ᠲᠣᠭᠠᠲᠤ | ︽ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ︾ ᠢ ᠳᠠᠷᠤᠮᠠᠯᠯᠠᠨ | ᠶᠠᠪᠤᠭᠤᠯᠬᠤ ᠲᠤᠬᠠᠶ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠲᠤᠭᠤᠷᠢᠭ ᠤᠨ ᠬᠠᠷᠢᠶ᠎ᠠ᠂ ᠲᠤᠭᠤᠷᠢᠭ ᠲᠤ ᠰᠠᠭᠤᠭ᠎ᠠ ᠡᠯ᠎ᠡ ᠨᠢᠭᠡᠴᠢ᠄ | ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠤᠭᠤᠷᠢᠭ ᠤᠨ ᠵᠠᠰᠠᠭ ᠤᠨ ᠣᠷᠳᠣᠨ ᠤ ᠰᠤᠳᠤᠯᠤᠨ | ᠲᠣᠭᠲᠠᠭᠠᠬᠤ ᠪᠠᠷ ᠳᠡᠮᠵᠢᠨ᠂ ᠡᠳᠦᠭᠡ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠴᠢᠩᠱᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ | ᠲᠤᠤᠱᠯᠠᠭᠤᠯᠤᠨ ᠬᠡᠷᠡᠭᠵᠢᠭᠦᠯᠲᠦᠭᠡᠶ᠃ | ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | 2024 ᠣᠨ ᠤ 6 ᠰᠠᠷ᠎ᠠ ᠶᠢᠨ 27 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠵᠠᠰᠠᠭ ᠢ ᠴᠢᠩᠭ᠎ᠠ ᠵᠠᠰᠠᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ | ᠣᠷᠳᠣᠨ ᠤ ᠤᠳᠤᠷᠢᠳᠬᠤ ᠪᠠᠶᠢᠭᠤᠯᠤᠯ ᠪᠠ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠤ | ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠬᠤᠪᠢᠷᠠᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ | ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠭᠦᠳᠬᠦ᠂ ᠳᠦᠷᠢᠮᠵᠢᠭᠦᠯᠬᠦ᠂ ᠰᠢᠨᠵᠢᠯᠡᠬᠦ ᠤᠬᠠᠭᠠᠨᠴᠢᠯᠠᠬᠤ ᠶᠢ | ᠭᠦᠨᠵᠡᠭᠡᠶ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ | ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠦᠨᠳᠦᠰᠦᠯᠡᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ | ᠣᠷᠣᠨ ᠤ ᠥᠪᠡᠷᠲᠡᠭᠡᠨ ᠵᠠᠰᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ | ᠯᠠᠪᠯᠠᠯᠲᠠ ᠪᠣᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠵᠢᠯ ᠤᠨ ᠳᠦᠷᠢᠮ︾ ᠪᠠ ︽ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ︾ | ᠢᠶᠠᠷ ᠯᠠᠪᠯᠠᠯᠲᠠ ᠪᠣᠯᠭᠠᠵᠤ᠂ ᠴᠢᠩᠱᠠᠨ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠲᠦᠷᠢᠮ ᠢ | ᠲᠣᠭᠲᠠᠭᠠᠪᠠ᠃ | ᠬᠤᠶᠠᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠵᠢᠯᠣᠭᠤᠳᠬᠤ ᠦᠵᠡᠯ | ᠰᠠᠨᠠᠭ᠎ᠠ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ | ᠥᠨᠳᠥᠷ ᠮᠠᠨᠳᠤᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ | ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ | ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠦᠨᠳᠦᠰᠦᠨ ᠤᠨᠤᠯ᠂ ᠦᠨᠳᠦᠰᠦᠨ | ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠦ᠂ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠦᠨᠳᠦᠰᠦᠨ ᠬᠠᠤᠯᠢ | ᠪᠠ ᠬᠠᠤᠯᠢ ᠴᠠᠭᠠᠵᠠ ᠶᠢ ᠴᠢᠩᠭ᠎ᠠ ᠵᠢᠷᠤᠮᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠪᠦᠬᠦ ᠲᠠᠯ᠎ᠠ ᠪᠠᠷ | ᠵᠥᠪ ᠣᠨᠣᠪᠴᠢᠲᠠᠢ ᠭᠦᠢᠴᠡᠳᠬᠡᠵᠦ᠂ ᠡᠯ᠎ᠡ ᠬᠦᠷᠢᠶᠡᠨ ᠤ ᠠᠵᠢᠯ ᠤᠨ ᠲᠡᠰ ᠳᠡᠪᠰᠢᠬᠦ ᠶᠢ ᠠᠬᠢᠭᠤᠯᠵᠤ᠂ | ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠠᠤᠯᠢᠵᠢᠯ ᠤᠨ ᠵᠠᠰᠠᠭ ᠤᠨ | ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ | ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ | ᠭᠤᠷᠪᠠᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠪᠠᠷᠢᠮᠵᠢᠶ᠎ᠠ ᠪᠣᠯ᠄ ᠠᠷᠠᠳ ᠤᠨ | ᠲᠥᠯᠥᠭᠡ ᠲᠥᠷᠥ ᠪᠠᠷᠢᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠦᠨᠡᠨ ᠠᠴᠠ ᠵᠥᠪ ᠢ ᠡᠷᠢᠬᠦ᠂ ᠠᠷᠠᠳᠴᠢᠯᠠᠯ ᠲᠠᠢ | ᠢᠯᠡ ᠪᠠᠶᠢᠯᠭᠠᠬᠤ᠂ ᠪᠣᠳᠠᠲᠠᠶ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠶᠠᠪᠤᠳᠠᠯ ᠪᠣᠯᠤᠨ᠎ᠠ᠃ | | ᠬᠤᠶᠠᠳᠤᠭᠠᠷ ᠪᠦᠯᠦᠭ ᠪᠦᠷᠢᠯᠳᠦᠬᠦᠨ ᠪᠣᠯᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ | ᠳᠥᠷᠪᠡᠳᠦᠭᠡᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠪᠦᠷᠢᠯᠳᠦᠬᠦᠨ ᠳᠤ ᠲᠣᠭᠤᠷᠢᠭ ᠤᠨ | ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ᠂ ᠲᠣᠭᠤᠷᠢᠭ ᠤᠨ ᠳᠠᠷᠤᠭ᠎ᠠ ᠶᠢᠨ ᠲᠤᠰᠠᠯᠠᠭᠴᠢ᠂ ᠠᠯᠪᠠᠨ ᠭᠡᠷ ᠤᠨ | ᠡᠷᠬᠢᠯᠡᠭᠴᠢ ᠪᠣᠯᠣᠨ ᠵᠠᠰᠠᠭ ᠤᠨ ᠣᠷᠳᠣᠨ ᠤ ᠡᠯ᠎ᠡ ᠪᠦᠷᠢᠯᠳᠦᠭᠦᠨ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ | ᠬᠠᠷᠢᠭᠤᠴᠠᠯᠭᠠᠲᠠᠨ ᠪᠠᠭᠲᠠᠨ᠎ᠠ᠃ | ᠲᠠᠪᠤᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠳᠤ ᠲᠣᠭᠤᠷᠢᠭ ᠤᠨ ᠳᠠᠷᠤᠭ᠎ᠠ | ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ ᠲᠣᠭᠤᠷᠢᠭ ᠤᠨ ᠳᠡᠳ᠋ ᠳᠠᠷᠤᠭ᠎ᠠ᠂ ᠲᠣᠭᠤᠷᠢᠭ ᠤᠨ ᠳᠠᠷᠤᠭ᠎ᠠ ᠶᠢᠨ | ᠲᠤᠰᠠᠯᠠᠭᠴᠢ ᠲᠣᠭᠤᠷᠢᠭ ᠤᠨ ᠳᠠᠷᠤᠭ᠎ᠠ ᠶᠢ ᠬᠠᠮᠵᠢᠨ ᠠᠵᠢᠯᠯᠠᠨ᠎ᠠ᠃ | ᠲᠣᠭᠤᠷᠢᠭ ᠤᠨ ᠳᠠᠷᠤᠭ᠎ᠠ ᠭᠠᠳᠠᠭᠰᠢ ᠭᠠᠷᠤᠭᠰᠠᠨ ᠬᠤᠭᠤᠴᠠᠭᠠᠨ ᠳᠤ ᠲᠣᠭᠤᠷᠢᠭ ᠤᠨ ᠳᠠᠷᠤᠭ᠎ᠠ ᠶᠢᠨ | ᠨᠠᠶᠢᠳᠠᠯᠭ᠎ᠠ ᠪᠠᠷ ᠲᠣᠭᠤᠷᠢᠭ ᠤᠨ ᠳᠡᠳ᠋ ᠳᠠᠷᠤᠭ᠎ᠠ ᠠᠵᠢᠯ ᠡᠷᠬᠢᠯᠡᠨ᠎ᠡ᠃ ᠲᠣᠭᠤᠷᠢᠭ ᠤᠨ ᠳᠠᠷᠤᠭ᠎ᠠ ᠪᠠ ᠲᠣᠭᠤᠷᠢᠭ ᠤᠨ | ᠪᠠᠶᠢᠩᠭᠤ ᠶᠢᠨ ᠳᠡᠳ᠋ ᠳᠠᠷᠤᠭ᠎ᠠ ᠡᠭᠦᠨ ᠤ ᠬᠠᠮᠲᠤ ᠭᠠᠳᠠᠭᠰᠢ ᠭᠠᠷᠤᠭᠰᠠᠨ ᠬᠤᠭᠤᠴᠠᠭᠠᠨ ᠳᠤ᠂ ᠲᠣᠭᠤᠷᠢᠭ ᠤᠨ | ᠳᠠᠷᠤᠭ᠎ᠠ ᠪᠤᠰᠤᠳ ᠳᠡᠳ᠋ ᠳᠠᠷᠤᠭ᠎ᠠ ᠳᠤ ᠨᠠᠶᠢᠳᠠᠵᠤ ᠠᠵᠢᠯ ᠢ ᠡᠷᠭᠢᠯᠡᠵᠦ ᠪᠣᠯᠤᠨ᠎ᠠ᠃ | ᠲᠣᠭᠤᠷᠢᠭ ᠤᠨ ᠳᠡᠳ᠋ ᠳᠠᠷᠤᠭ᠎ᠠ ᠶᠢᠨ ᠬᠤᠭᠤᠷᠣᠨᠳᠣ AB ᠠᠵᠢᠯ ᠤᠨ ᠪᠠᠶᠢᠷᠢ ᠶᠢᠨ ᠠᠵᠢᠯᠯᠠᠬᠤ | ᠲᠣᠭᠲᠠᠴᠠ ᠶᠢ ᠬᠡᠷᠡᠭᠵᠢᠭᠦᠯᠦᠨ᠎ᠡ᠃ ᠬᠠᠷᠢᠯᠴᠠᠨ AB ᠠᠵᠢᠯ ᠤᠨ ᠪᠠᠶᠢᠷᠢ ᠶᠢᠨ ᠳᠡᠳ᠋ ᠳᠠᠷᠤᠭ᠎ᠠ᠂ ᠨᠢᠭᠡ ᠨᠢ ᠭᠠᠳᠠᠭᠰᠢ | ᠭᠠᠷᠤᠭᠰᠠᠨ ᠬᠤᠭᠤᠴᠠᠭᠠᠨ ᠳᠤ᠂ ᠨᠥᠭᠦᠭᠡ ᠨᠢ ᠵᠠᠰᠠᠭ ᠤᠨ ᠶᠠᠪᠤᠳᠠᠯ ᠤᠨ ᠠᠵᠢᠯᠯᠠᠭ᠎ᠠ ᠶᠢᠨ ᠡᠭᠦᠷᠭᠡ | ᠬᠠᠷᠢᠭᠤᠴᠠᠯᠭ᠎ᠠ ᠶᠢ ᠣᠷᠣᠯᠠᠨ ᠭᠦᠢᠴᠡᠳᠬᠡᠨ᠎ᠡ᠃ | ᠵᠢᠷᠭᠤᠳᠤᠭᠠᠷ ᠵᠦᠢᠯ ᠲᠤᠭᠤᠷᠢᠭ ᠤᠨ ᠳᠠᠷᠤᠭ᠎ᠠ ᠲᠤᠭᠤᠷᠢᠭ ᠤᠨ ᠵᠠᠰᠠᠭ ᠤᠨ ᠣᠷᠳᠣᠨ ᠤ ᠪᠥᠬᠦᠳᠡ ᠬᠤᠷᠠᠯ᠂ | ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠬᠤ ᠪᠠ ᠡᠷᠬᠢᠯᠡᠨ᠎ᠡ᠃ | ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠳᠤᠮᠳᠠᠬᠢ ᠴᠢᠬᠤᠯᠠ ᠶᠡᠭᠡ ᠵᠦᠢᠯᠡᠰ ᠢ ᠡᠷᠬᠡᠪᠰᠢ ᠲᠤᠭᠤᠷᠢᠭ ᠤᠨ | ᠵᠠᠰᠠᠭ ᠤᠨ ᠣᠷᠳᠣᠨ ᠤ ᠪᠥᠬᠦᠳᠡ ᠬᠤᠷᠠᠯ ᠪᠤᠶᠤ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠢᠶᠠᠷ ᠶᠠᠷᠢᠯᠴᠠᠨ ᠲᠤᠭᠲᠠᠭᠠᠨ᠎ᠠ᠃ | ᠳᠣᠯᠣᠳᠤᠭᠠᠷ ᠵᠦᠢᠯ ᠲᠤᠭᠤᠷᠢᠭ ᠤᠨ ᠵᠠᠰᠠᠭ ᠤᠨ ᠣᠷᠳᠣᠨ ᠵᠠᠰᠠᠭ ᠤᠨ ᠣᠷᠳᠣᠨ ᠤ ᠠᠵᠤ ᠠᠬᠤᠶ ᠶᠢᠨ | ᠵᠣᠬᠢᠴᠠᠭᠤᠯᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ | ᠦᠢᠯᠡᠴᠢᠯᠡᠭᠡ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠭᠦᠷᠭᠡ ᠴᠢᠳᠠᠪᠤᠷᠢ ᠪᠠᠨ | ᠭᠦᠢᠴᠡᠳᠬᠡᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠶ ᠬᠥᠭ ᠠᠶᠠᠰ ᠢ ᠪᠠᠷᠢᠮᠲᠠᠯᠠᠨ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ | ᠲᠣᠬᠢᠷᠠᠭᠤᠯᠤᠯᠲᠠ ᠳᠠᠬᠢ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠤ | ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠪᠦᠲᠦᠮᠵᠢᠲᠡᠶ ᠵᠠᠬ᠎ᠠ ᠳᠡᠯᠭᠡᠭᠦᠷ ᠪᠠ ᠴᠢᠷᠮᠠᠶᠢᠯᠭ᠎ᠠ ᠲᠠᠢ ᠵᠠᠰᠠᠭ ᠤᠨ | ᠣᠷᠳᠣᠨ ᠤ ᠨᠡᠩ ᠰᠠᠶᠢᠨ ᠤᠶᠠᠯᠳᠤᠯ ᠢ ᠠᠬᠢᠭᠤᠯᠤᠨ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ | ᠡᠭᠦᠳᠴᠦ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠨ᠂ ᠴᠢᠩᠱᠠᠨ ᠲᠣᠭᠤᠷᠢᠭ ᠤᠨ ᠡᠯ᠎ᠡ | ᠵᠦᠢᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ | ᠨᠠᠢᠮᠠᠳᠤᠭᠠᠷ ᠵᠦᠢᠯ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠳ | ᠲᠣᠪᠴᠢᠶᠠᠨ ᠳᠠᠷᠤᠭ᠎ᠠ᠂ ᠡᠷᠬᠢᠯᠡᠭᠴᠢ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠲᠤᠰ ᠰᠠᠯᠠᠭ᠎ᠠ | ᠮᠥᠴᠢᠷ ᠤᠨ ᠢᠶᠠᠨ ᠠᠵᠢᠯ ᠢ ᠤᠳᠤᠷᠢᠳᠤᠨ᠎ᠠ᠃ ᠲᠣᠭᠤᠷᠢᠭ ᠤᠨ ᠳᠡᠳ᠋ ᠳᠠᠷᠤᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠤᠪᠢᠳᠠᠨ ᠬᠠᠮᠢᠶᠠᠷᠬᠤ ᠠᠵᠢᠯ ᠢ ᠬᠠᠷᠢᠭᠤᠴᠠᠨ ᠰᠢᠢᠳᠪᠦᠷᠢᠯᠡᠨ᠎ᠡ︔ ᠲᠣᠭᠤᠷᠢᠭ ᠤᠨ ᠳᠠᠷᠤᠭ᠎ᠠ ᠶᠢᠨ ᠨᠠᠶᠢᠳᠠᠯᠭ᠎ᠠ ᠪᠠᠷ | ᠪᠤᠰᠤᠳ ᠲᠠᠯ᠎ᠠ ᠶᠢᠨ ᠠᠵᠢᠯ ᠪᠤᠶᠤ ᠲᠤᠰᠬᠠᠢ ᠡᠭᠦᠷᠭᠡ ᠶᠢ ᠬᠠᠷᠢᠭᠤᠴᠠᠨ᠎ᠠ︔ ᠠᠵᠢᠯ ᠤᠨ ᠳᠤᠮᠳᠠᠬᠢ ᠴᠢᠬᠤᠯᠠ ᠪᠠᠶᠢᠳᠠᠯ | ᠪᠤᠶᠤ ᠴᠢᠬᠤᠯᠠ ᠶᠡᠭᠡ ᠠᠰᠠᠭᠤᠳᠠᠯ ᠢ ᠲᠣᠭᠤᠷᠢᠭ ᠤᠨ ᠳᠠᠷᠤᠭ᠎ᠠ ᠳᠤ ᠴᠠᠭ ᠲᠤᠬᠠᠢ ᠳᠤᠨᠢ ᠮᠡᠳᠡᠭᠦᠯᠦᠨ᠎ᠡ︔ | ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠ ᠪᠦᠬᠦ ᠲᠠᠯ᠎ᠠ ᠶᠢᠨ ᠴᠢᠨᠠᠷᠲᠠᠢ ᠵᠦᠢᠯᠡᠰ ᠢ ᠨᠠᠷᠢᠨ ᠬᠢᠨᠠᠮᠠᠭᠠᠢ ᠪᠠᠶᠢᠴᠠᠭᠠᠨ | ᠰᠤᠳᠤᠯᠵᠤ᠂ ᠲᠣᠭᠤᠷᠢᠭ ᠤᠨ ᠳᠠᠷᠤᠭ᠎ᠠ ᠶᠢᠨ ᠰᠢᠢᠳᠪᠦᠷᠢᠯᠡᠬᠦ ᠰᠠᠨᠠᠭᠤᠯᠭ᠎ᠠ ᠳᠤᠷᠠᠳᠤᠨ᠎ᠠ᠃ | ᠶᠢᠰᠦᠳᠦᠭᠡᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠠᠵᠢᠯ ᠤᠨ ᠰᠠᠯᠠᠭ᠎ᠠ ᠮᠥᠴᠢᠷ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠲᠣᠭᠤᠷᠢᠭ ᠤᠨ ᠵᠠᠰᠠᠭ ᠤᠨ ᠣᠷᠳᠣᠨ ᠤ | ᠲᠣᠭᠲᠠᠭᠠᠯ᠂ ᠵᠠᠷᠯᠢᠭ ᠢ ᠦᠨᠳᠦᠰᠦᠯᠡᠨ᠂ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠠᠵᠢᠯ ᠢᠶᠠᠨ ᠦᠷᠨᠢᠭᠦᠯᠦᠨ᠎ᠡ᠃ | ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠲᠣᠭᠤᠷᠢᠭ ᠤᠨ ᠳᠠᠷᠤᠭ᠎ᠠ ᠶᠢᠨ ᠤᠳᠤᠷᠢᠳᠤᠯᠭ᠎ᠠ ᠳᠣᠤᠷ᠎ᠠ᠂ ᠬᠠᠤᠯᠢ | ᠴᠠᠭᠠᠵᠠ ᠶᠢᠨ ᠲᠣᠭᠲᠠᠭᠠᠯ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠪᠡᠶ᠎ᠡ ᠪᠠᠨ | ᠳᠠᠭᠠᠭᠠᠨ ᠭᠦᠢᠴᠡᠳᠬᠡᠵᠦ᠂ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ᠂ ᠨᠡᠶᠢᠭᠡᠮ ᠤᠨ ᠪᠦᠯᠬᠦᠮ ᠪᠠ ᠬᠤᠪᠢ | ᠬᠥᠮᠦᠨ ᠤ ᠭᠠᠷ ᠲᠦᠷᠦᠭᠦ ᠶᠢ ᠬᠦᠯᠢᠶᠡᠬᠦ ᠥᠬᠡᠶ᠃ | ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ | ᠲᠤᠰᠢᠶᠠᠯ ᠢᠶᠠᠨ ᠭᠦᠢᠴᠡᠳᠭᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠶᠡᠭᠡ ᠲᠠᠯ᠎ᠠ ᠶᠢ | ᠬᠠᠷᠠᠭᠠᠯᠵᠠᠨ᠂ ᠵᠣᠬᠢᠴᠠᠭᠤᠯᠤᠨ ᠬᠠᠮᠵᠢᠯᠴᠠᠵᠤ᠂ ᠪᠦᠯᠬᠦᠮᠳᠡᠯ ᠨᠢᠭᠡᠳᠦᠯ ᠪᠠ ᠵᠠᠰᠠᠭ ᠤᠨ ᠵᠠᠷᠯᠢᠭ ᠤᠨ ᠰᠠᠭᠠᠳ ᠥᠬᠡᠶ | ᠶᠠᠪᠤᠭᠳᠠᠬᠤ ᠶᠢ ᠦᠨᠡᠨᠬᠦ ᠬᠠᠮᠠᠭᠠᠯᠠᠨ᠎ᠠ᠃ | | ᠭᠤᠷᠪᠠᠳᠤᠭᠠᠷ ᠪᠦᠯᠦᠭ ᠠᠵᠢᠯ ᠤᠨ ᠵᠠᠷᠴᠢᠮ | ᠠᠷᠪᠠᠳᠤᠭᠠᠷ ᠵᠦᠢᠯ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠠᠵᠢᠯ ᠢᠶᠠᠨ ᠡᠷᠡᠰ | ᠥᠷᠨᠢᠭᠦᠯᠵᠦ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠨᠠᠮ ᠠᠴᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠤᠳᠤᠷᠢᠳᠬᠤ ᠪᠠᠶᠢᠭᠤᠯᠤᠯ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠲᠤᠭᠤᠷᠢᠭ ᠤᠨ | ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠴᠢᠯᠥᠭᠡ ᠭᠤᠶᠤᠬᠤ ᠶᠢ | ᠮᠡᠳᠡᠭᠦᠯᠬᠦ ᠲᠦᠷᠢᠮ ᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ | ᠶᠡᠭᠡ ᠵᠦᠢᠯᠡᠰ᠂ ᠴᠢᠬᠤᠯᠠ ᠪᠠᠶᠢᠳᠠᠯ ᠢ ᠴᠠᠭ ᠲᠤᠬᠠᠶ ᠳᠤᠨᠢ ᠲᠤᠭᠤᠷᠢᠭ ᠤᠨ ᠨᠠᠮ ᠤᠨ ᠬᠤᠷᠢᠶᠠᠨ ᠳᠤ ᠵᠢᠭᠠᠪᠤᠷᠢ | ᠠᠪᠴᠤ ᠮᠡᠳᠡᠭᠦᠯᠦᠨ᠎ᠡ᠃ | ᠠᠷᠪᠠᠨ ᠨᠢᠭᠡᠳᠦᠭᠡᠷ ᠵᠦᠢᠯ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠎ᠠ᠃ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠵᠠᠰᠠᠭ ᠤᠨ ᠣᠷᠳᠣᠨ ᠤ ᠠᠵᠢᠯ ᠤᠨ ᠵᠣᠷᠢᠯᠲᠠ ᠪᠠ | ᠲᠤᠰᠤᠯᠲᠠ ᠪᠣᠯᠭᠠᠵᠤ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠲᠥᠷᠥ ᠶᠢᠨ ᠪᠣᠳᠣᠯᠭ᠎ᠠ | ᠲᠣᠭᠲᠠᠭᠠᠵᠤ ᠠᠷᠠᠳ ᠤᠨ ᠠᠮᠢᠳᠤᠷᠠᠯ ᠲᠡᠶᠢᠰᠢ ᠲᠥᠪᠯᠡᠷᠡᠭᠦᠯᠦᠨ᠂ ᠡᠳ᠋ ᠤᠨ ᠬᠦᠴᠦᠨ ᠢ ᠲᠥᠪᠯᠡᠷᠡᠭᠦᠯᠦᠨ ᠠᠷᠠᠳ ᠤᠨ | ᠠᠮᠢᠳᠤᠷᠠᠯ ᠲᠡᠶᠢᠰᠢ ᠬᠡᠯᠪᠠᠶᠢᠯᠭᠡᠵᠦ᠂ ᠵᠠᠰᠠᠭ ᠤᠨ ᠣᠷᠳᠣᠨ ᠤ ᠦᠢᠯᠡᠴᠢᠯᠡᠭᠡ ᠶᠢ ᠠᠷᠠᠳ ᠤᠨ ᠠᠮᠢᠳᠤᠷᠠᠯ ᠳᠤ | ᠪᠦᠷᠬᠦᠭᠦᠯᠵᠦ᠂ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ | ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ ᠠᠷᠪᠠᠨ | ᠬᠤᠶᠠᠳᠤᠭᠠᠷ ᠵᠦᠢᠯ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠬᠠᠤᠯᠢ ᠰᠤᠷᠬᠤ ᠲᠦᠷᠢᠮ ᠢ | ᠬᠢᠨᠠᠮᠠᠭᠠᠶ ᠨᠠᠶᠢᠳᠠᠪᠤᠷᠢᠵᠢᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠡᠷᠬᠡ ᠰᠦᠷ ᠢ ᠲᠦᠷᠦᠭᠦᠯᠡᠨ | ᠬᠠᠮᠠᠭᠠᠯᠠᠵᠤ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠢ ᠲᠦᠷᠦᠭᠦᠯᠡᠨ ᠬᠡᠷᠡᠭᠵᠢᠭᠦᠯᠵᠦ᠂ | ᠤᠬᠠᠮᠰᠠᠷ ᠠᠴᠠ ᠪᠠᠨ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢ ᠠᠬᠢᠭᠤᠯᠵᠤ᠂ ᠵᠥᠷᠢᠴᠡᠯ ᠢ ᠨᠠᠮᠳᠠᠭᠤᠯᠵᠤ᠂ ᠲᠣᠭᠲᠠᠭᠤᠨ | ᠪᠠᠶᠢᠳᠠᠯ ᠢ ᠬᠠᠮᠠᠭᠠᠯᠠᠨ᠎ᠠ᠃ ᠬᠠᠤᠯᠢ ᠳᠤ ᠨᠡᠶᠢᠴᠡᠭᠦᠯᠦᠨ ᠵᠠᠰᠠᠭ ᠶᠠᠪᠤᠭᠤᠯᠬᠤ᠂ ᠵᠦᠢ ᠶᠣᠰᠣᠨ ᠳᠤ ᠨᠡᠶᠢᠴᠡᠭᠦᠯᠦᠨ ᠵᠠᠰᠠᠭ | ᠶᠠᠪᠤᠭᠤᠯᠬᠤ᠂ ᠳᠡᠰ ᠳᠠᠷᠠᠭᠠᠯᠠᠯ ᠢ ᠵᠦᠢ ᠶᠣᠰᠣᠨ ᠤ ᠪᠠᠶᠢᠯᠭᠠᠬᠤ᠂ ᠥᠨᠳᠥᠷ ᠦᠷ᠎ᠡ ᠪᠦᠲᠦᠮᠵᠢᠲᠡᠶ ᠪᠠᠷ ᠠᠷᠠᠳ ᠲᠤ | ᠳᠥᠭᠦᠮ ᠦᠵᠡᠭᠦᠯᠬᠦ᠂ ᠦᠨᠡᠨᠴᠢ ᠢᠲᠡᠭᠡᠮᠵᠢᠲᠡᠶ ᠪᠠᠶᠢᠬᠤ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ | ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠡᠷᠬᠡ ᠪᠠᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ | ᠬᠠᠷᠢᠭᠤᠴᠠᠯᠭ᠎ᠠ ᠶᠢ ᠡᠭᠦᠷᠭᠡᠯᠡᠨ᠎ᠡ᠃ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ | ᠵᠢᠷᠤᠮᠵᠢᠭᠤᠯᠵᠤ᠂ ᠲᠡᠰ ᠳᠠᠷᠠᠭᠠᠯᠠᠯ ᠢ ᠲᠡᠭᠦᠯᠳᠡᠷᠵᠢᠭᠦᠯᠦᠨ᠂ ᠠᠵᠢᠯᠯᠠᠭ᠎ᠠ ᠶᠢ ᠵᠢᠷᠤᠮᠵᠢᠭᠤᠯᠵᠤ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠠᠤᠯᠢ ᠶᠢ ᠵᠠᠪᠠᠯ ᠵᠢᠷᠤᠮᠯᠠᠬᠤ᠂ ᠬᠠᠤᠯᠢ ᠶᠢ ᠵᠠᠪᠠᠯ | ᠴᠢᠩᠭ᠎ᠠ ᠬᠡᠷᠡᠭᠵᠢᠭᠦᠯᠬᠦ᠂ ᠬᠠᠤᠯᠢ ᠠᠴᠠ ᠵᠥᠷᠢᠴᠡᠪᠡᠯ ᠵᠠᠪᠠᠯ ᠨᠡᠬᠡᠮᠵᠢᠯᠡᠬᠦ ᠶᠢ ᠪᠡᠶᠡᠯᠡᠭᠦᠯᠵᠦ᠂ ᠤᠯᠠᠨ ᠨᠡᠶᠢᠲᠡ ᠶᠢᠨ | ᠠᠰᠢᠭ ᠲᠤᠰᠠ᠂ ᠠᠷᠠᠳ ᠲᠦᠮᠡᠨ ᠤ ᠡᠷᠬᠡ ᠠᠰᠢᠭ ᠪᠠ ᠨᠡᠶᠢᠭᠡᠮ ᠤᠨ ᠡᠮᠬᠢ ᠳᠢᠭᠯᠢᠮ ᠢ ᠬᠠᠮᠠᠭᠠᠯᠠᠨ᠎ᠠ᠃ | ᠠᠷᠪᠠᠨ ᠭᠤᠷᠪᠠᠳᠤᠭᠠᠷ ᠵᠦᠢᠯ ᠰᠢᠨᠵᠢᠯᠡᠬᠦ ᠤᠬᠠᠭᠠᠨᠴᠢ ᠠᠷᠠᠳᠴᠢᠯᠠᠯ ᠢ ᠪᠠᠷᠢᠮᠲᠠᠯᠠᠨ᠎ᠠ᠃ ᠰᠢᠰᠲ᠋ᠧᠮᠳᠦ | ᠦᠵᠡᠯᠲᠡ ᠪᠠᠨ ᠴᠢᠩᠭᠠᠳᠬᠠᠵᠤ᠂ ᠠᠵᠢᠯ ᠤᠨ ᠪᠠᠷᠠᠭᠠᠯᠬᠢᠯᠠᠯᠳᠤ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ | ᠴᠢᠨᠠᠷ ᠢ ᠴᠢᠩᠭᠠᠳᠬᠠᠨ᠎ᠠ᠃ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ | ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ | ᠶᠠᠷᠢᠯᠴᠠᠨ ᠲᠣᠭᠲᠠᠭᠠᠬᠤ ᠶᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠴᠢᠬᠤᠯᠠ ᠪᠥᠬᠦᠶ ᠲᠠᠰ ᠳᠠᠷᠠᠭᠠᠯᠠᠯ | ᠪᠣᠯᠭᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ ᠤᠨ ᠰᠢᠨᠵᠢᠯᠡᠬᠦ ᠤᠬᠠᠭᠠᠨᠴᠢ᠂ ᠲᠠᠰ ᠳᠠᠷᠠᠭᠠᠯᠠᠯ ᠨᠢ ᠵᠦᠶ | ᠵᠣᠬᠢᠰᠲᠠᠶ᠂ ᠶᠠᠪᠤᠴᠠ ᠨᠢ ᠢᠯᠡ ᠲᠣᠳᠣ᠂ ᠬᠠᠷᠢᠭᠤᠴᠠᠯᠭ᠎ᠠ ᠨᠢ ᠲᠣᠳᠣᠷᠬᠠᠶ ᠪᠠᠶᠢᠬᠤ ᠶᠢ ᠦᠨᠡᠨᠬᠦ ᠪᠠᠲᠤᠯᠠᠨ᠎ᠠ᠃ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠵᠦ | ᠪᠠᠶᠢᠭ᠎ᠠ ᠪᠠᠶᠢᠳᠠᠯ ᠢ ᠮᠥᠷᠳᠡᠵᠦ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠠᠬᠢ ᠠᠰᠢᠭ ᠲᠤᠰᠠ ᠶᠢᠨ | ᠬᠤᠯᠪᠣᠭᠳᠠᠬᠤ ᠲᠠᠯ᠎ᠠ ᠪᠣᠯᠤᠨ ᠨᠡᠶᠢᠭᠡᠮ ᠤᠨ ᠣᠯᠠᠨ ᠨᠡᠶᠢᠲᠡ ᠶᠢᠨ ᠰᠠᠨᠠᠯ ᠪᠣᠯᠤᠨ ᠰᠠᠨᠠᠭᠤᠯᠭ᠎ᠠ ᠶᠢ ᠣᠶᠢᠯᠠᠭᠠᠨ᠂ | ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠳ᠋ᠦᠩ ᠢ ᠪᠦᠬᠦ ᠲᠠᠯ᠎ᠠ ᠪᠠᠷ ᠦᠨᠡᠯᠡᠨ ᠵᠢᠱᠢᠵᠦ᠂ ᠴᠠᠭ | ᠲᠤᠬᠠᠶ ᠳᠤᠨᠢ ᠲᠣᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠲᠤᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ | ᠰᠠᠯᠠᠭ᠎ᠠ ᠮᠥᠴᠢᠷ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ | ᠳᠦᠷᠢᠮ ᠵᠢᠴᠢ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠬᠡᠷᠡᠭᠵᠢᠭᠦᠯᠦᠨ᠎ᠡ᠃ | ᠠᠷᠪᠠᠨ ᠳᠥᠷᠪᠡᠳᠦᠭᠡᠷ ᠵᠦᠢᠯ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ | ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠨ᠂ ᠦᠨᠡᠨ ᠢ | ᠪᠠᠷᠢᠮᠲᠠᠯᠠᠨ ᠪᠣᠳᠠᠲᠠᠶ ᠶᠢ ᠡᠷᠬᠢᠮᠯᠡᠬᠦ᠂ ᠵᠠᠮ ᠨᠡᠭᠡᠭᠡᠨ ᠰᠢᠨ᠎ᠡ ᠶᠢ ᠡᠭᠦᠳᠬᠦ ᠶᠢ ᠪᠠᠷᠢᠮᠲᠠᠯᠠᠨ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠠᠰᠠᠭᠤᠳᠠᠯ ᠢ | ᠪᠣᠳᠣᠯᠬᠢᠯᠠᠨ᠂ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠠᠵᠢᠯ ᠶᠠᠪᠤᠳᠠᠯ ᠭᠦᠢᠴᠡᠳᠭᠡᠬᠦ ᠪᠠᠶᠢᠳᠠᠯ ᠪᠠ ᠠᠯᠢᠪᠠ | ᠶᠠᠪᠤᠳᠠᠯ ᠳᠤ ᠪᠣᠳᠠᠲᠠᠶ ᠠᠴᠠ ᠡᠭᠦᠰᠴᠦ᠂ ᠲᠠᠰᠤᠷᠠᠯᠲᠠ ᠤᠢᠭᠡᠢ ᠰᠢᠨ᠎ᠡ ᠪᠠᠶᠢᠳᠠᠯ ᠢ ᠰᠤᠳᠤᠯᠵᠤ᠂ ᠰᠢᠨ᠎ᠡ ᠠᠰᠠᠭᠤᠳᠠᠯ ᠢ | ᠰᠢᠢᠳᠪᠦᠷᠢᠯᠡᠵᠦ᠂ ᠰᠢᠨ᠎ᠡ ᠲᠤᠷᠰᠢᠯᠭ᠎ᠠ ᠶᠢ ᠳ᠋ᠦᠩᠨᠡᠵᠦ᠂ ᠰᠢᠨ᠎ᠡ ᠵᠢᠮ᠎ᠡ ᠶᠣᠰᠣ ᠶᠢ ᠬᠠᠶᠢᠨ ᠰᠦᠪᠡᠭᠴᠢᠯᠡᠵᠦ᠂ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠳᠤᠮᠳᠠᠬᠢ ᠲᠣᠪᠤᠶᠢᠮ᠎ᠠ ᠠᠰᠠᠭᠤᠳᠠᠯ ᠪᠠ ᠠᠷᠠᠳ ᠣᠯᠠᠨ ᠤ ᠪᠠᠴᠢᠮ | ᠪᠡᠷᠬᠡ ᠵᠤᠪᠠᠨᠢᠯ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠲᠣᠭᠠᠴᠢᠯᠠᠭᠰᠠᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠮᠡᠷᠭᠡᠵᠢᠯ ᠤᠨ ᠠᠭᠤᠰᠤᠯᠴᠠᠯ᠂ ᠲᠤᠬᠠᠶᠢᠯᠠᠭᠰᠠᠨ ᠠᠵᠢᠯ ᠤᠨ | ᠠᠭᠤᠰᠤᠯᠴᠠᠯ᠂ ᠲᠤᠭ᠎ᠠ ᠪᠠᠷᠢᠮᠲᠠ ᠶᠢᠨ ᠠᠭᠤᠰᠤᠯᠴᠠᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠶᠠᠪᠤᠴᠠ ᠶᠢ | ᠰᠢᠯᠢᠳᠡᠭᠵᠢᠭᠦᠯᠬᠦ᠂ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠵᠠᠰᠠᠭ ᠤᠨ ᠣᠷᠳᠣᠨ ᠤ ᠦᠢᠯᠡᠳᠦᠯ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠠᠷᠪᠠᠨ ᠲᠠᠪᠤᠳᠤᠭᠠᠷ ᠵᠦᠢᠯ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠨ᠎ᠠ᠃ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠱᠠᠭᠠᠷᠳᠠᠯᠭ᠎ᠠ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠣᠭᠲᠠᠭᠠᠯ ᠢ ᠨᠠᠶᠢᠳᠠᠪᠤᠷᠢᠵᠢᠭᠤᠯᠵᠤ᠂ | ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠢᠯᠵᠠᠷᠠᠬᠤ ᠠᠴᠠ ᠵᠢᠷᠦᠬᠡᠰᠢᠶᠡᠬᠦ᠂ | ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ | ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠷᠢᠭᠤᠨ ᠴᠢᠬᠡᠴᠢ | ᠨᠥᠬᠦᠳ ᠤᠨ ᠬᠠᠷᠢᠴᠠᠭ᠎ᠠ᠂ ᠶᠣᠰᠣ ᠨᠣᠮ ᠲᠠᠢ ᠳᠡᠭᠡᠳᠦ ᠲᠤᠤᠷᠠᠳᠤ ᠱᠠᠲᠤᠨ ᠤ ᠬᠠᠷᠢᠴᠠᠭ᠎ᠠ᠂ ᠳᠣᠲᠣᠨᠣ ᠴᠢᠬᠡᠴᠢ | ᠨᠢᠭᠡᠳᠦᠯᠲᠡᠢ ᠰᠢᠨ᠎ᠡ ᠬᠡᠯᠪᠡᠷᠢ ᠶᠢᠨ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠤᠢ ᠪᠣᠯᠭᠠᠬᠤ ᠶᠢ ᠠᠬᠢᠭᠤᠯᠤᠨ᠎ᠠ᠃ | | ᠳᠥᠷᠪᠡᠳᠦᠭᠡᠷ ᠪᠦᠯᠦᠭ ᠬᠢᠨᠠᠯᠲᠠ ᠲᠠᠯᠪᠢᠬᠤ ᠳᠦᠷᠢᠮ | ᠠᠷᠪᠠᠨ ᠵᠢᠷᠭᠤᠳᠤᠭᠠᠷ ᠵᠦᠢᠯ ᠲᠤᠭᠤᠷᠢᠭ ᠤᠨ ᠵᠠᠰᠠᠭ ᠤᠨ ᠣᠷᠳᠣᠨ ᠤᠬᠠᠮᠰᠠᠷ ᠠᠴᠠ ᠪᠠᠨ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ | ᠬᠢᠨᠠᠯᠲᠠ ᠶᠢ ᠬᠦᠯᠢᠶᠡᠵᠦ᠂ ᠠᠵᠢᠯ ᠢᠶᠠᠨ ᠨᠠᠷᠢᠨ ᠬᠢᠨᠠᠮᠠᠭᠠᠶ ᠬᠠᠷᠢᠭᠤᠴᠠᠯᠭ᠎ᠠ ᠲᠠᠢ ᠪᠠᠷ ᠮᠡᠳᠡᠭᠦᠯᠵᠦ᠂ ᠯᠠᠪᠯᠠᠨ ᠠᠰᠠᠭᠤᠬᠤ | ᠪᠠ ᠲᠤᠯᠭᠠᠨ ᠯᠠᠪᠯᠠᠬᠤ ᠶᠢ ᠬᠦᠯᠢᠶᠡᠵᠦ᠂ ᠵᠠᠰᠠᠭ ᠤᠨ ᠣᠷᠳᠣᠨ ᠤ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠳᠠᠩᠰᠠᠯᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ | ᠬᠦᠯᠢᠶᠡᠵᠦ᠂ ᠵᠥᠪᠯᠡᠯᠭᠡ ᠪᠠ ᠰᠠᠨᠠᠭᠤᠯᠭ᠎ᠠ ᠶᠢ ᠭᠦᠢᠴᠡᠳᠭᠡᠨ᠎ᠡ︔ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠳᠡᠵᠦ᠂ | ᠰᠠᠨᠠᠯ ᠳᠤᠷᠠᠳᠤᠯᠭ᠎ᠠ ᠶᠢ ᠭᠦᠢᠴᠡᠳᠭᠡᠨ᠂ ᠰᠠᠨᠠᠯ ᠰᠠᠨᠠᠭᠤᠯᠭ᠎ᠠ ᠶᠢ ᠳᠠᠷᠤᠤ ᠬᠢᠴᠢᠶᠡᠩᠭᠦᠶ ᠪᠠᠷ ᠰᠤᠨᠤᠰᠦᠨᠠ᠃ ᠲᠣᠭᠲᠠᠮᠠᠯ | ᠬᠤᠭᠤᠴᠠᠭ᠎ᠠ ᠲᠠᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ᠂ ᠠᠬᠠᠮᠠᠳ ᠺᠠᠳ᠋ᠷᠴᠤᠳ ᠲᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ | ᠮᠡᠳᠡᠭᠳᠡᠵᠦ᠂ ᠬᠤᠯᠪᠣᠭᠳᠠᠯ ᠪᠦᠬᠦᠢ ᠲᠠᠯ᠎ᠠ ᠶᠢᠨ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠲᠤᠬᠠᠢ ᠰᠠᠨᠠᠯ | ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠤᠨ᠎ᠠ᠃ | ᠠᠷᠪᠠᠨ ᠳᠣᠯᠣᠳᠤᠭᠠᠷ ᠵᠦᠢᠯ ᠲᠤᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ | ᠠᠯᠪᠠᠨ ᠲᠤᠰᠢᠶᠠᠯᠲᠠᠨ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ | ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠬᠠᠤᠯᠢ ᠴᠠᠭᠠᠵᠠ ᠶᠢᠨ | ᠲᠣᠭᠲᠠᠭᠠᠯ ᠶᠣᠰᠣᠭᠠᠷ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠤᠯᠢ | ᠴᠠᠭᠠᠵᠠ ᠶᠢᠨ ᠬᠢᠨᠠᠯᠲᠠ ᠶᠢ ᠬᠦᠯᠢᠶᠡᠵᠦ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠤᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠨ᠎ᠡ᠃ ᠬᠢᠨᠠᠯᠲᠠ ᠲᠠᠯᠪᠢᠬᠤ ᠳᠤᠮᠳᠠ ᠣᠯᠵᠤ ᠮᠡᠳᠡᠭᠰᠡᠨ ᠠᠰᠠᠭᠤᠳᠠᠯ ᠢ ᠨᠠᠷᠢᠨ ᠬᠢᠨᠠᠮᠠᠭᠠᠶ | ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠲᠤᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃ | ᠠᠷᠪᠠᠨ ᠨᠠᠢᠮᠠᠳᠤᠭᠠᠷ ᠵᠦᠢᠯ ᠲᠤᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠳ | ᠨᠡᠶᠢᠭᠡᠮ ᠤᠨ ᠣᠯᠠᠨ ᠨᠡᠶᠢᠲᠡ ᠪᠣᠯᠤᠨ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ | ᠬᠦᠯᠢᠶᠡᠵᠦ᠂ ᠬᠤᠯᠪᠣᠭᠳᠠᠯ ᠪᠦᠬᠦᠢ ᠪᠠᠶᠢᠳᠠᠯ ᠢ ᠬᠢᠨᠠᠮᠠᠭᠠᠶ ᠪᠠᠶᠢᠴᠠᠭᠠᠨ ᠬᠢᠨᠠᠨ ᠬᠠᠷᠭᠤᠭᠤᠯᠵᠤ᠂ ᠴᠠᠭ ᠲᠤᠬᠠᠶ ᠳᠤᠨᠢ | ᠬᠠᠤᠯᠢ ᠶᠣᠰᠣᠭᠠᠷ ᠰᠢᠢᠳᠪᠦᠷᠢᠯᠡᠬᠦ ᠪᠠ ᠠᠵᠢᠯ ᠢᠶᠠᠨ ᠰᠠᠶᠢᠵᠢᠷᠠᠭᠤᠯᠤᠨ᠎ᠠ᠃ ᠴᠢᠬᠤᠯᠠ ᠶᠡᠭᠡ ᠠᠰᠠᠭᠤᠳᠠᠯ ᠳᠤ ᠪᠣᠯ | ᠰᠢᠢᠳᠪᠦᠷᠢᠯᠡᠭᠰᠡᠨ ᠦᠷ᠎ᠡ ᠳ᠋ᠦᠩ ᠢᠶᠠᠨ ᠨᠡᠶᠢᠭᠡᠮ ᠳᠤ ᠨᠡᠶᠢᠲᠡᠯᠡᠨ᠎ᠡ᠃ ᠲᠤᠭᠤᠷᠢᠭ ᠤᠨ ᠵᠠᠰᠠᠭ ᠤᠨ ᠣᠷᠳᠣᠨ ᠵᠢᠴᠢ | ᠡᠯ᠎ᠡ ᠰᠠᠯᠠᠭ᠎ᠠ ᠮᠥᠴᠢᠷ ᠤᠳ ᠠᠷᠠᠳ ᠣᠯᠠᠨ ᠤ ᠰᠠᠨᠠᠭᠤᠯᠭ᠎ᠠ᠂ ᠰᠠᠨᠠᠯ ᠪᠠ ᠱᠠᠭᠠᠷᠳᠠᠯᠭ᠎ᠠ ᠶᠢ ᠬᠢᠨᠠᠮᠠᠭᠠᠶ ᠰᠣᠨᠣᠰᠴᠤ᠂ | ᠠᠷᠠᠳ ᠣᠯᠠᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠤᠳᠤᠷᠢᠳᠬᠤ ᠨᠥᠬᠦᠳ ᠣᠯᠠᠨ ᠲᠦᠮᠡᠨ ᠤ | ᠢᠷᠡᠭᠦᠯᠦᠭᠰᠡᠨ ᠵᠠᠬᠢᠳᠠᠯ ᠢ ᠪᠡᠶ᠎ᠡ ᠪᠠᠷ ᠢᠶᠠᠨ ᠦᠵᠡᠵᠦ ᠴᠣᠬᠤᠯᠠᠪᠤᠷᠢᠯᠠᠨ᠂ ᠠᠷᠠᠳ ᠣᠯᠠᠨ ᠤ ᠲᠤᠰ ᠪᠡᠶ᠎ᠡ ᠶᠢᠨ ᠠᠰᠢᠭ | ᠲᠤᠰᠠ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠱᠠᠯᠠᠪᠳᠠᠭᠤᠯᠤᠨ ᠰᠢᠢᠳᠪᠦᠷᠢᠯᠡᠨ᠎ᠡ᠃ | ᠠᠷᠪᠠ ᠶᠢᠰᠦᠳᠦᠭᠡᠷ ᠵᠦᠢᠯ ᠲᠤᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠳ | ᠠᠷᠠᠳ ᠣᠯᠠᠨ ᠤ ᠰᠠᠨᠠᠭᠤᠯᠭ᠎ᠠ᠂ ᠰᠠᠨᠠᠯ ᠪᠣᠯᠤᠨ ᠱᠠᠭᠠᠷᠳᠠᠯᠭ᠎ᠠ ᠶᠢ ᠬᠢᠨᠠᠮᠠᠭᠠᠶ ᠰᠣᠨᠣᠰᠴᠤ᠂ ᠠᠷᠠᠳ ᠣᠯᠠᠨ ᠤ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠤᠳᠤᠷᠢᠳᠬᠤ ᠨᠥᠬᠦᠳ ᠣᠯᠠᠨ ᠲᠦᠮᠡᠨ ᠤ ᠢᠷᠡᠭᠦᠯᠦᠭᠰᠡᠨ | ᠵᠠᠬᠢᠳᠠᠯ ᠢ ᠪᠡᠶ᠎ᠡ ᠪᠠᠷ ᠢᠶᠠᠨ ᠦᠵᠡᠵᠦ ᠴᠣᠬᠤᠯᠠᠪᠤᠷᠢᠯᠠᠨ᠂ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠳᠤ | ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠱᠠᠯᠠᠪᠳᠠᠭᠤᠯᠤᠨ ᠰᠢᠢᠳᠪᠦᠷᠢᠯᠡᠨ᠎ᠡ᠃ | | ᠲᠠᠪᠤᠳᠤᠭᠠᠷ ᠪᠦᠯᠦᠭ ᠬᠤᠷᠠᠯ ᠤᠨ ᠳᠦᠷᠢᠮ | ᠬᠤᠷᠢᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠪᠥᠬᠦᠳᠡ ᠬᠤᠷᠠᠯ᠂ ᠪᠠᠶᠢᠩᠭᠤ ᠶᠢᠨ ᠬᠤᠷᠠᠯ | ᠪᠠ ᠲᠣᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠳᠦᠷᠢᠮ ᠢ ᠬᠡᠷᠡᠭᠵᠢᠭᠦᠯᠦᠨ᠎ᠡ᠃ | ᠬᠤᠷᠢᠨ ᠨᠢᠭᠡᠳᠦᠭᠡᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠪᠥᠬᠦᠳᠡ ᠬᠤᠷᠠᠯ ᠢ | ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ᠂ ᠲᠣᠭᠤᠷᠢᠭ ᠤᠨ ᠳᠠᠷᠤᠭ᠎ᠠ ᠶᠢᠨ ᠲᠤᠰᠠᠯᠠᠭᠴᠢ᠂ ᠠᠯᠪᠠᠨ | ᠭᠡᠷ ᠤᠨ ᠡᠷᠬᠢᠯᠡᠭᠴᠢ ᠪᠣᠯᠤᠨ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠵᠠᠰᠠᠭ | ᠵᠠᠬᠢᠷᠭᠠᠨ ᠤ ᠬᠠᠷᠢᠭᠤᠴᠠᠯᠭᠠᠲᠠᠨ ᠢᠶᠠᠷ ᠪᠦᠷᠢᠯᠳᠦᠭᠦᠯᠵᠦ᠂ ᠲᠣᠭᠤᠷᠢᠭ ᠤᠨ ᠳᠠᠷᠤᠭ᠎ᠠ ᠬᠤᠷᠠᠯᠳᠤᠭᠤᠯᠬᠤ ᠪᠥᠭᠡᠳ | ᠡᠷᠬᠢᠯᠡᠨ᠎ᠡ᠃ ᠲᠤᠭᠤᠷᠢᠭ ᠤᠨ ᠵᠠᠰᠠᠭ ᠤᠨ ᠣᠷᠳᠣᠨ ᠤ ᠪᠥᠬᠦᠳᠡ ᠬᠤᠷᠠᠯ ᠤᠨ ᠭᠤᠤᠯ ᠡᠭᠦᠷᠭᠡ ᠪᠣᠯ᠄ | ︵ᠨᠢᠭᠡ︶ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ | ᠲᠣᠭᠤᠷᠢᠭ ᠤᠨ ᠨᠠᠮ ᠤᠨ ᠬᠤᠷᠢᠶ᠎ᠠ ᠶᠢᠨ ᠴᠢᠬᠤᠯᠠ ᠵᠢᠭᠠᠪᠤᠷᠢ᠂ ᠲᠣᠭᠲᠠᠭᠠᠯ᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ᠂ ᠲᠣᠭᠲᠠᠭᠠᠯ ᠢ | ᠤᠯᠠᠮᠵᠢᠯᠠᠨ ᠲᠤᠤᠱᠯᠠᠭᠤᠯᠤᠨ᠎ᠠ︔ | ︵ᠬᠤᠶᠠᠷ︶ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠳᠤᠮᠳᠠᠬᠢ ᠴᠢᠬᠤᠯᠠ ᠶᠡᠭᠡ ᠵᠦᠢᠯᠡᠰ ᠢ | ᠶᠠᠷᠢᠯᠴᠠᠨ ᠲᠣᠭᠲᠠᠭᠠᠨ᠎ᠠ︔ | ︵ᠭᠤᠷᠪᠠ︶ ᠪᠠᠶᠢᠳᠠᠯ ᠢ ᠮᠡᠳᠡᠭᠳᠡᠨ᠂ ᠪᠠᠶᠢᠳᠠᠯ ᠢ ᠵᠠᠳᠠᠯᠵᠤ᠂ ᠲᠤᠭᠤᠷᠢᠭ ᠤᠨ ᠵᠠᠰᠠᠭ ᠤᠨ ᠤᠷᠳᠤᠨ ᠤ ᠴᠢᠬᠤᠯᠠ | ᠠᠵᠢᠯ ᠢ ᠲᠤᠬᠢᠷᠠᠭᠤᠯᠤᠨ ᠪᠠᠶᠢᠷᠢᠯᠠᠭᠤᠯᠤᠨ᠎ᠠ︔ | ᠵᠠᠰᠠᠭ ᠤᠨ ᠣᠷᠳᠣᠨ ᠤ ᠪᠥᠬᠦᠳᠡ ᠬᠤᠷᠠᠯ ᠨᠢ ᠬᠡᠷᠡᠭᠴᠡᠭᠡ ᠪᠠᠨ ᠦᠨᠳᠦᠰᠦᠯᠡᠨ ᠪᠤᠰᠤᠳ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠨ ᠢ ᠬᠤᠷᠠᠯ ᠳᠤ ᠰᠤᠯᠠ ᠣᠷᠣᠯᠴᠠᠭᠤᠯᠬᠤ ᠪᠠᠷ | ᠲᠣᠬᠢᠷᠠᠭᠤᠯᠵᠤ ᠪᠣᠯᠤᠨ᠎ᠠ᠃ | ᠬᠤᠷᠢᠨ ᠬᠤᠶᠠᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠨᠢ | ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ᠂ ᠲᠣᠭᠤᠷᠢᠭ ᠤᠨ ᠳᠠᠷᠤᠭ᠎ᠠ ᠶᠢᠨ ᠲᠤᠰᠠᠯᠠᠭᠴᠢ᠂ ᠠᠯᠪᠠᠨ | ᠭᠡᠷ ᠤᠨ ᠡᠷᠬᠢᠯᠡᠭᠴᠢ ᠪᠠᠷ ᠪᠦᠷᠢᠯᠳᠦᠵᠦ᠂ ᠵᠥᠪᠯᠡᠬᠦ ᠵᠦᠢᠯ ᠤᠨ ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠵᠦ ᠪᠣᠯᠤᠨ᠎ᠠ᠃ ᠡᠩ ᠤᠨ | ᠪᠠᠶᠢᠳᠠᠯ ᠳᠤ ᠰᠠᠷ᠎ᠠ ᠪᠦᠷᠢ ᠬᠤᠶᠠᠷ ᠤᠳᠠᠭ᠎ᠠ ᠬᠤᠷᠠᠯᠳᠤᠭᠤᠯᠵᠤ᠂ ᠴᠢᠬᠤᠯᠠᠲᠠᠶ ᠦᠶ᠎ᠡ ᠳᠤ ᠲᠣᠭᠤᠷᠢᠭ ᠤᠨ ᠳᠠᠷᠤᠭ᠎ᠠ | ᠠᠴᠠ ᠲᠤᠭᠲᠠᠭᠠᠵᠤ ᠴᠠᠭ ᠲᠤᠬᠠᠶ ᠳᠤᠨᠢ ᠬᠤᠷᠠᠯᠳᠤᠭᠤᠯᠤᠨ᠎ᠠ᠃ ᠲᠤᠭᠤᠷᠢᠭ ᠤᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠤᠨ ᠭᠤᠤᠯ ᠡᠭᠦᠷᠭᠡ ᠪᠣᠯ᠄ | ︵ᠨᠢᠭᠡ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ | ᠲᠣᠭᠤᠷᠢᠭ ᠤᠨ ᠨᠠᠮ ᠤᠨ ᠬᠤᠷᠢᠶ᠎ᠠ ᠶᠢᠨ ᠴᠢᠬᠤᠯᠠ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠤᠨ᠎ᠠ︔ | ︵ᠬᠤᠶᠠᠷ︶ ᠪᠥᠬᠦ ᠲᠤᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠠᠯᠤᠰ ᠬᠡᠲᠦ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ᠂ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ | ᠲᠥᠰᠦᠪ ᠢ ᠶᠠᠷᠢᠯᠴᠠᠨ᠎ᠠ︔ | ︵ᠭᠤᠷᠪᠠ︶ ᠬᠤᠲᠠ ᠶᠢᠨ ᠵᠠᠰᠠᠭ ᠤᠨ ᠣᠷᠳᠣᠨ᠂ ᠲᠤᠭᠤᠷᠢᠭ ᠤᠨ ᠨᠠᠮ ᠤᠨ ᠬᠤᠷᠢᠶᠠᠨ ᠳᠤ ᠮᠡᠳᠡᠭᠦᠯᠬᠦ | ᠴᠢᠬᠤᠯᠠ ᠢᠯᠡᠳᠬᠡᠯ᠂ ᠵᠢᠭᠠᠪᠤᠷᠢ ᠠᠪᠬᠤ ᠵᠢᠴᠢ ᠲᠤᠭᠤᠷᠢᠭ ᠤᠨ ᠨᠠᠮ ᠤᠨ ᠬᠤᠷᠢᠶᠠᠨ ᠳᠤ ᠳᠡᠪᠰᠢᠭᠦᠯᠵᠦ ᠰᠤᠳᠤᠯᠬᠤ | ᠴᠢᠬᠤᠯᠠ ᠵᠦᠢᠯᠡᠰ ᠢ ᠶᠠᠷᠢᠯᠴᠠᠨ ᠲᠣᠭᠲᠠᠭᠠᠵᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠨ᠎ᠠ︔ | ︵ᠲᠦᠷᠪᠡ︶ ᠲᠤᠭᠤᠷᠢᠭ ᠤᠨ ᠵᠠᠰᠠᠭ ᠤᠨ ᠣᠷᠳᠣᠨ ᠠᠴᠠ ᠨᠡᠶᠢᠲᠡᠯᠡᠭᠰᠡᠨ ᠴᠢᠬᠤᠯᠠ ᠲᠣᠭᠲᠠᠭᠠᠯ ᠪᠠ ᠴᠢᠬᠤᠯᠠ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠵᠦᠪᠯᠡᠨ᠎ᠡ︔ | ︵ᠲᠠᠪᠤ︶ ᠲᠤᠭᠤᠷᠢᠭ ᠤᠨ ᠵᠠᠰᠠᠭ ᠤᠨ ᠣᠷᠳᠣᠨ ᠤ ᠪᠥᠬᠦᠳᠡ ᠬᠤᠷᠠᠯ ᠳᠤ ᠳᠡᠪᠰᠢᠭᠦᠯᠦᠨ ᠰᠤᠳᠤᠯᠤᠭᠰᠠᠨ | ᠵᠦᠢᠯᠡᠰ ᠢ ᠶᠠᠷᠢᠯᠴᠠᠨ᠎ᠠ︔ | ︵ᠵᠢᠷᠭᠤᠭ᠎ᠠ︶ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠳᠤᠮᠳᠠᠬᠢ ᠴᠢᠬᠤᠯᠠ ᠶᠡᠭᠡ ᠬᠡᠷᠡᠭ | ᠶᠠᠪᠤᠳᠠᠯ ᠢ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ ᠶᠡᠭᠡ ᠲᠦᠷᠦᠯ ᠵᠦᠢᠯ ᠢ ᠲᠣᠬᠢᠷᠠᠭᠤᠯᠬᠤ ᠪᠠ ᠶᠡᠭᠡ | ᠬᠡᠮᠵᠢᠶᠡᠨ ᠤ ᠪᠡᠯᠡ ᠮᠥᠩᠭᠦ ᠶᠢ ᠬᠡᠷᠡᠭᠯᠡᠬᠦ ᠵᠡᠷᠭᠡ ᠠᠵᠢᠯ ᠢ ᠶᠠᠷᠢᠯᠴᠠᠨ ᠲᠣᠭᠲᠠᠭᠠᠨ᠎ᠠ︔ | ︵ᠳᠤᠯᠤᠭ᠎ᠠ︶ ᠲᠤᠭᠤᠷᠢᠭ ᠤᠨ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯ ᠤᠨ ᠳᠤᠮᠳᠠ ᠨᠢᠭᠡᠳᠦᠯᠲᠡᠶ | ᠲᠥᠯᠥᠪᠯᠡᠨ ᠲᠣᠬᠢᠷᠠᠭᠤᠯᠬᠤ ᠴᠢᠬᠤᠯᠠᠲᠠᠶ ᠴᠢᠬᠤᠯᠠ ᠵᠦᠢᠯᠡᠰ ᠢ ᠰᠤᠳᠤᠯᠤᠨ ᠲᠣᠭᠲᠠᠭᠠᠨ᠎ᠠ︔ | ︵ᠨᠠᠢᠮᠠ︶ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠴᠢᠬᠤᠯᠠ ᠶᠡᠭᠡ ᠤᠯᠠᠨ ᠨᠡᠶᠢᠲᠡ ᠶᠢᠨ ᠠᠰᠢᠭ | ᠲᠤᠰᠠ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠵᠡᠷᠭᠡ ᠲᠠᠯ᠎ᠠ ᠳᠤ ᠬᠤᠯᠪᠣᠭᠳᠠᠬᠤ ᠴᠢᠬᠤᠯᠠ ᠤᠴᠢᠷ | ᠶᠠᠪᠤᠳᠠᠯ ᠢ ᠰᠤᠳᠤᠯᠤᠨ ᠲᠣᠭᠲᠠᠭᠠᠨ᠎ᠠ︔ | ︵ᠶᠢᠰᠦ︶ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ | ᠲᠣᠭᠲᠠᠭᠠᠯ ᠶᠣᠰᠣᠭᠠᠷ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ ᠲᠣᠭᠲᠠᠭᠠᠭᠰᠠᠨ | ᠪᠤᠰᠤᠳ ᠵᠦᠢᠯᠡᠰ ᠢ ᠶᠠᠷᠢᠯᠴᠠᠨ ᠲᠣᠭᠲᠠᠭᠠᠨ᠎ᠠ᠃ | ᠬᠤᠷᠢᠨ ᠭᠤᠷᠪᠠᠳᠤᠭᠠᠷ ᠵᠦᠢᠯ ᠲᠣᠭᠤᠷᠢᠭ ᠤᠨ ᠳᠠᠷᠤᠭ᠎ᠠ ᠶᠢᠨ ᠠᠯᠪᠠᠨ ᠬᠤᠷᠠᠯ ᠢ ᠲᠣᠭᠤᠷᠢᠭ ᠤᠨ | ᠳᠠᠷᠤᠭ᠎ᠠ ᠪᠤᠶᠤ ᠳᠡᠳ᠋ ᠳᠠᠷᠤᠭ᠎ᠠ ᠬᠤᠷᠠᠯᠳᠤᠭᠤᠯᠬᠤ ᠪᠠ ᠡᠷᠬᠢᠯᠡᠨ᠎ᠡ︔ ᠬᠤᠶᠠᠷ ᠠᠴᠠ ᠳᠡᠭᠡᠭᠰᠢᠬᠢ ᠳᠡᠳ᠋ ᠳᠠᠷᠤᠭ᠎ᠠ ᠶᠢᠨ | ᠬᠤᠪᠢᠳᠠᠨ ᠬᠠᠮᠢᠶᠠᠷᠬᠤ ᠠᠵᠢᠯ ᠳᠤ ᠬᠤᠯᠪᠣᠭᠳᠠᠭᠰᠠᠨ ᠪᠠᠶᠢᠪᠠᠯ᠂ ᠬᠠᠮᠲᠤ ᠪᠠᠷ ᠬᠤᠷᠠᠯ ᠬᠤᠷᠠᠯᠳᠤᠭᠤᠯᠵᠤ ᠪᠣᠯᠤᠨ᠎ᠠ᠂ | ᠬᠤᠷᠠᠯ ᠳᠤ ᠣᠷᠣᠯᠴᠠᠭᠰᠠᠳ ᠢ ᠬᠤᠷᠠᠯ ᠤᠨ ᠡᠷᠬᠢᠯᠡᠭᠴᠢ ᠠᠴᠠ ᠲᠣᠭᠲᠠᠭᠠᠵᠤ ᠪᠣᠯᠤᠨ᠎ᠠ᠂ ᠬᠡᠷᠡᠭᠴᠡᠭᠡ ᠪᠠᠨ | ᠦᠨᠳᠦᠰᠦᠯᠡᠨ ᠴᠠᠭ ᠲᠤᠬᠠᠶ ᠳᠤᠨᠢ ᠬᠤᠷᠠᠯᠳᠤᠭᠤᠯᠵᠤ ᠪᠣᠯᠤᠨ᠎ᠠ᠃ ᠲᠣᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ | ᠬᠤᠷᠠᠯ ᠤᠨ ᠭᠤᠣᠯ ᠡᠭᠦᠷᠭᠡ ᠪᠣᠯ᠄ | ︵ᠨᠢᠭᠡ︶ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠵᠦ ᠶᠠᠷᠢᠯᠴᠠᠬᠤ ᠪᠠᠷ | ᠪᠠᠶᠢᠭ᠎ᠠ ᠵᠦᠢᠯᠡᠰ ᠢ ᠰᠤᠳᠤᠯᠤᠨ ᠲᠣᠭᠲᠠᠭᠠᠨ᠎ᠠ︔ | ︵ᠬᠤᠶᠠᠷ︶ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠣᠭᠤᠷᠢᠭ ᠤᠨ ᠨᠠᠮ ᠤᠨ | ᠬᠤᠷᠢᠶ᠎ᠠ ᠶᠢᠨ ᠤᠳᠤᠷᠢᠳᠤᠯᠭ᠎ᠠ ᠶᠢᠨ ᠴᠣᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠤᠨ | ᠰᠢᠢᠳᠪᠦᠷᠢᠯᠡᠨ᠎ᠡ︔ | ︵ᠭᠤᠷᠪᠠ︶ ᠲᠣᠭᠤᠷᠢᠭ ᠤᠨ ᠳᠠᠷᠤᠭ᠎ᠠ ᠲᠣᠭᠤᠷᠢᠭ ᠤᠨ ᠵᠠᠰᠠᠭ ᠤᠨ ᠣᠷᠳᠣᠨ ᠤ ᠡᠳᠦᠷ ᠲᠤᠲᠤᠮ ᠤᠨ | ᠠᠵᠢᠯ ᠤᠨ ᠳᠤᠮᠳᠠ ᠪᠥᠬᠦ ᠲᠠᠯ᠎ᠠ ᠶᠢᠨ ᠠᠵᠢᠯ ᠵᠢᠴᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠴᠢᠬᠤᠯᠠᠲᠠᠶ | ᠴᠢᠬᠤᠯᠠ ᠠᠵᠢᠯ ᠢ ᠰᠤᠳᠤᠯᠤᠨ ᠰᠢᠢᠳᠪᠦᠷᠢᠯᠡᠨ᠎ᠡ︔ ᠲᠣᠭᠤᠷᠢᠭ ᠤᠨ ᠳᠡᠳ᠋ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ | ᠬᠡᠪᠴᠢᠶᠡᠨ ᠳᠣᠲᠣᠷ᠎ᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠴᠢᠬᠤᠯᠠᠲᠠᠶ ᠠᠵᠢᠯ ᠤᠨ ᠵᠦᠢᠯᠡᠰ ᠵᠢᠴᠢ ᠬᠤᠪᠢᠳᠠᠨ | ᠬᠠᠮᠢᠶᠠᠷᠴᠤ ᠪᠠᠶᠢᠭ᠎ᠠ ᠠᠵᠢᠯ ᠤᠨ ᠳᠤᠮᠳᠠᠬᠢ ᠴᠢᠬᠤᠯᠠ ᠠᠵᠢᠯᠯᠠᠭ᠎ᠠ ᠪᠠ ᠴᠢᠬᠤᠯᠠ ᠶᠡᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠵᠣᠬᠢᠴᠠᠭᠤᠯᠤᠨ ᠬᠡᠷᠡᠭᠵᠢᠭᠦᠯᠬᠦ ᠵᠦᠢᠯᠡᠰ ᠢ ᠰᠤᠳᠤᠯᠤᠨ | ᠰᠢᠢᠳᠪᠦᠷᠢᠯᠡᠨ᠎ᠡ︔ | ︵ᠲᠦᠷᠪᠡ︶ ᠶᠠᠮᠠᠷ ᠨᠢᠭᠡᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠰᠠᠨᠠᠯ ᠢ ᠰᠤᠳᠤᠯᠤᠨ᠎ᠠ︔ | ︵ᠲᠠᠪᠤ︶ ᠵᠠᠰᠠᠭ ᠤᠨ ᠣᠷᠳᠣᠨ ᠤ ᠪᠥᠬᠦᠳᠡ ᠬᠤᠷᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ | ᠪᠠᠶᠢᠩᠭᠤ ᠶᠢᠨ ᠬᠤᠷᠠᠯ ᠵᠡᠷᠭᠡ ᠴᠢᠬᠤᠯᠠ ᠬᠤᠷᠠᠯ ᠤᠨ ᠵᠥᠪᠯᠡᠬᠦ ᠰᠡᠳᠦᠪ ᠪᠠ ᠰᠠᠨᠠᠯ ᠢ ᠰᠤᠳᠤᠯᠤᠨ᠎ᠠ︔ | ︵ᠵᠢᠷᠭᠤᠭ᠎ᠠ︶ ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠤᠯᠪᠣᠭᠳᠠᠯ ᠪᠦᠬᠦᠢ | ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ | ᠡᠯ᠎ᠡ ᠨᠢᠭᠡᠴᠡ ᠶᠢᠨ ᠴᠢᠬᠤᠯᠠ ᠵᠢᠭᠠᠪᠤᠷᠢ ᠠᠪᠬᠤ᠂ ᠮᠡᠳᠡᠭᠦᠯᠦᠯᠲᠡ ᠵᠡᠷᠭᠡ ᠵᠦᠢᠯᠡᠰ ᠢ ᠰᠤᠳᠤᠯᠤᠨ ᠲᠣᠭᠲᠠᠭᠠᠨ᠎ᠠ︔ | ︵ᠳᠤᠯᠤᠭ᠎ᠠ︶ ᠲᠤᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠰᠢᠢᠳᠪᠦᠷᠢᠯᠡᠬᠦ | ᠴᠢᠬᠤᠯᠠ ᠲᠠᠢ ᠪᠤᠰᠤᠳ ᠵᠦᠢᠯ ᠢ ᠰᠤᠳᠤᠯᠤᠨ᠎ᠠ᠃ | ᠬᠤᠷᠢᠨ ᠳᠥᠷᠪᠡᠳᠦᠭᠡᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠪᠥᠬᠦᠳᠡ ᠬᠤᠷᠠᠯ ᠳᠤ | ᠳᠡᠪᠰᠢᠭᠦᠯᠬᠦ ᠵᠥᠪᠯᠡᠬᠦ ᠰᠡᠳᠦᠪ ᠢ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ | ᠲᠣᠭᠤᠷᠢᠭ ᠤᠨ ᠳᠠᠷᠤᠭ᠎ᠠ ᠠᠴᠠ ᠲᠣᠭᠲᠠᠭᠠᠨ᠎ᠠ︔ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ | ᠳᠡᠪᠰᠢᠭᠦᠯᠬᠦ ᠵᠥᠪᠯᠡᠬᠦ ᠰᠡᠳᠦᠪ ᠢ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ ᠪᠠ ᠠᠯᠪᠠᠨ | ᠭᠡᠷ ᠤᠨ ᠡᠷᠬᠢᠯᠡᠭᠴᠢ ᠵᠣᠬᠢᠴᠠᠭᠤᠯᠬᠤ ᠪᠤᠶᠤ ᠬᠢᠨᠠᠨ ᠬᠠᠷᠭᠤᠭᠤᠯᠤᠭᠰᠠᠨ ᠤ ᠳᠠᠷᠠᠭ᠎ᠠ ᠲᠣᠭᠤᠷᠢᠭ ᠤᠨ ᠳᠠᠷᠤᠭ᠎ᠠ ᠳᠤ | ᠮᠡᠳᠡᠭᠦᠯᠦᠨ ᠲᠣᠭᠲᠠᠭᠠᠯᠭᠠᠨ᠎ᠠ︔ ᠲᠣᠭᠤᠷᠢᠭ ᠤᠨ ᠳᠠᠷᠤᠭ᠎ᠠ ᠶᠢᠨ ᠠᠵᠢᠯᠯᠠᠬᠤ ᠬᠤᠷᠠᠯ ᠳᠤ ᠳᠡᠪᠰᠢᠭᠦᠯᠬᠦ ᠵᠥᠪᠯᠡᠬᠦ | ᠰᠡᠳᠦᠪ ᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠤᠪᠢᠳᠠᠨ ᠬᠠᠮᠢᠶᠠᠷᠬᠤ ᠳᠡᠳ᠋ ᠡᠷᠬᠢᠯᠡᠭᠴᠢ | ᠵᠣᠬᠢᠴᠠᠭᠤᠯᠬᠤ ᠪᠤᠶᠤ ᠬᠢᠨᠠᠨ ᠬᠠᠷᠭᠤᠭᠤᠯᠤᠭᠰᠠᠨ ᠤ ᠳᠠᠷᠠᠭ᠎ᠠ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ | ᠳᠠᠷᠤᠭ᠎ᠠ ᠳᠤ ᠮᠡᠳᠡᠭᠦᠯᠵᠦ ᠲᠣᠭᠲᠠᠭᠠᠯᠭᠠᠨ᠎ᠠ᠃ | ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠨᠢ ᠲᠤᠭᠤᠷᠢᠭ ᠤᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠪᠠ ᠲᠣᠭᠤᠷᠢᠭ ᠤᠨ ᠳᠠᠷᠤᠭ᠎ᠠ ᠶᠢᠨ ᠠᠯᠪᠠᠨ ᠬᠤᠷᠠᠯ ᠳᠤ ᠳᠡᠪᠰᠢᠭᠦᠯᠵᠦ ᠵᠥᠪᠯᠡᠬᠦ ᠰᠡᠳᠦᠪ ᠤᠨ | ᠠᠭᠤᠯᠭ᠎ᠠ ᠶᠢᠨ ᠶᠠᠰᠤ ᠴᠢᠨᠠᠷ᠂ ᠰᠠᠨᠠᠯ ᠬᠤᠷᠢᠶᠠᠬᠤ᠂ ᠨᠡᠪᠲᠡᠷᠡᠯᠴᠡᠨ ᠵᠣᠬᠢᠴᠠᠭᠤᠯᠬᠤ᠂ ᠠᠵᠢᠯᠯᠠᠭᠠᠨ ᠤ ᠳᠡᠰ ᠳᠠᠷᠠᠭᠠᠯᠠᠯ | ᠵᠡᠷᠭᠡ ᠲᠠᠯ᠎ᠠ ᠶᠢᠨ ᠬᠢᠨᠠᠨ ᠬᠠᠷᠭᠤᠭᠤᠯᠬᠤ ᠪᠣᠭᠤᠮᠲᠠ ᠶᠢ ᠠᠳᠬᠤᠬᠤ ᠶᠢ ᠴᠢᠩᠭᠠᠳᠬᠠᠵᠤ᠂ ᠵᠥᠪᠯᠡᠬᠦ ᠰᠡᠳᠦᠪ ᠤᠨ | ᠪᠣᠯᠪᠠᠰᠤᠷᠠᠩᠭᠤᠶ ᠪᠠᠶᠢᠬᠤ᠂ ᠬᠤᠷᠠᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠠᠰᠢᠭᠲᠠᠶ ᠪᠠᠶᠢᠬᠤ ᠶᠢ ᠦᠨᠡᠨᠬᠦ | ᠪᠠᠲᠤᠯᠠᠨ᠎ᠠ᠃ | ᠬᠤᠷᠢᠨ ᠲᠠᠪᠤᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠ ᠬᠤᠯᠪᠣᠭᠳᠠᠯ | ᠪᠥᠬᠦᠶ ᠰᠠᠯᠠᠭ᠎ᠠ ᠮᠥᠴᠢᠷ᠂ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠥᠬᠦᠳᠡ ᠬᠤᠷᠠᠯ᠂ ᠪᠠᠶᠢᠩᠭᠤ ᠶᠢᠨ ᠬᠤᠷᠠᠯ᠂ | ᠲᠣᠭᠤᠷᠢᠭ ᠤᠨ ᠳᠠᠷᠤᠭ᠎ᠠ ᠶᠢᠨ ᠠᠯᠪᠠᠨ ᠬᠤᠷᠠᠯ ᠳᠤ ᠣᠷᠣᠯᠴᠠᠵᠤ ᠳᠡᠶᠢᠯᠬᠦ ᠥᠬᠡᠶ ᠪᠠᠶᠢᠪᠠᠯ᠂ ᠬᠤᠷᠠᠯ | ᠡᠷᠬᠢᠯᠡᠭᠴᠢ ᠠᠴᠠ ᠴᠢᠯᠥᠭᠡ ᠭᠤᠶᠤᠬᠤ ᠬᠡᠷᠡᠭᠲᠡᠶ︔ ᠪᠤᠰᠤᠳ ᠬᠥᠮᠦᠰ ᠬᠤᠷᠠᠯ ᠳᠤ ᠣᠷᠣᠯᠴᠠᠵᠤ ᠳᠡᠶᠢᠯᠬᠦ ᠦᠭᠡᠢ | ᠪᠤᠶᠤ ᠬᠤᠷᠠᠯ ᠳᠤ ᠰᠤᠯᠠ ᠣᠷᠣᠯᠴᠠᠵᠤ ᠳᠡᠶᠢᠯᠬᠦ ᠦᠭᠡᠢ ᠪᠣᠯ ᠠᠯᠪᠠᠨ ᠭᠡᠷ ᠤᠨ ᠡᠷᠬᠢᠯᠡᠭᠴᠢ ᠠᠴᠠ ᠴᠢᠯᠥᠭᠡ | ᠭᠤᠶᠤᠬᠤ ᠬᠡᠷᠡᠭᠲᠡᠶ᠃ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠡᠯ᠎ᠡ ᠲᠥᠷᠥᠯ ᠤᠨ ᠬᠤᠷᠠᠯ ᠳᠤ | ᠣᠷᠣᠯᠴᠠᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠳᠡᠨ᠎ᠡ᠃ | ᠡᠯ᠎ᠡ ᠲᠥᠷᠥᠯ ᠤᠨ ᠬᠤᠷᠠᠯ ᠳᠤ ᠴᠥᠮ ᠭᠦᠢᠴᠡᠳ ᠪᠡᠯᠡᠳᠬᠡᠯ ᠲᠠᠢ ᠪᠠᠶᠢᠵᠤ᠂ ᠬᠤᠷᠠᠯ ᠤᠨ ᠰᠤᠷᠲᠠᠯ | ᠬᠤᠷᠠᠯ ᠤᠨ ᠰᠠᠬᠢᠯᠭ᠎ᠠ ᠪᠠᠲᠤ ᠶᠢ ᠲᠥᠪ ᠴᠢᠩᠭ᠎ᠠ ᠪᠠᠶᠢᠯᠭᠠᠵᠤ᠂ ᠦᠷ᠎ᠡ ᠪᠦᠲᠦᠮᠵᠢ ᠪᠠ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠣᠬᠤᠷ ᠬᠤᠷᠠᠯ ᠬᠢᠬᠦ᠂ ᠣᠬᠤᠷ ᠦᠭᠡ ᠬᠡᠯᠡᠬᠦ ᠶᠢ ᠪᠠᠷᠢᠮᠲᠠᠯᠠᠵᠤ᠂ ᠬᠤᠭᠤᠰᠣᠨ ᠦᠭᠡ ᠬᠡᠯᠡᠬᠦ ᠶᠢ | ᠴᠢᠩᠭ᠎ᠠ ᠴᠡᠭᠡᠷᠯᠡᠵᠦ᠂ ᠡᠬᠡ ᠪᠢᠴᠢᠭ ᠢᠶᠠᠨ ᠲᠠᠶᠢᠯᠵᠤ ᠬᠠᠷᠢᠭᠤ ᠮᠡᠳᠡᠭᠦᠯᠬᠦ ᠶᠢ ᠰᠠᠨᠠᠭᠠᠴᠢᠯᠠᠨ᠎ᠠ᠃ | ᠶᠠᠷᠢᠶᠠᠨ ᠤ ᠲᠠᠪᠴᠠᠩ᠂ ᠪᠠᠶᠠᠷ ᠤᠨ ᠶᠣᠰᠣᠯᠠᠯ᠂ ᠪᠠᠶᠠᠷ ᠤᠨ ᠡᠳᠦᠷ ᠤᠨ ᠴᠤᠭᠯᠠᠭᠠᠨ ᠵᠡᠷᠭᠡ ᠠᠵᠢᠯᠯᠠᠭ᠎ᠠ ᠶᠢ | ᠴᠢᠩᠭ᠎ᠠ ᠡᠵᠡᠮᠳᠡᠨ ᠵᠢᠷᠤᠮᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠬᠤᠷᠠᠯ ᠤᠨ ᠠᠵᠢᠯᠯᠠᠭ᠎ᠠ ᠶᠢᠨ ᠵᠠᠷᠤᠳᠠᠯ ᠢ | ᠲᠥᠰᠦᠪ ᠤᠨ ᠬᠠᠮᠢᠶᠠᠷᠤᠯᠲᠠ ᠳᠤ ᠤᠷᠤᠭᠤᠯᠤᠨ᠎ᠠ᠃ | ᠬᠤᠷᠢᠨ ᠵᠢᠷᠭᠤᠳᠤᠭᠠᠷ ᠵᠤᠷᠪᠤᠰ ᠲᠣᠭᠤᠷᠢᠭ ᠤᠨ ᠵᠠᠰᠠᠭ ᠤᠨ ᠣᠷᠳᠣᠨ ᠤ ᠪᠦᠭᠦᠳᠡ ᠬᠤᠷᠠᠯ᠂ | ᠪᠠᠶᠢᠩᠭᠤ ᠶᠢᠨ ᠬᠤᠷᠠᠯ ᠪᠣᠯᠣᠨ ᠲᠣᠭᠤᠷᠢᠭ ᠤᠨ ᠳᠠᠷᠤᠭ᠎ᠠ ᠶᠢᠨ ᠠᠯᠪᠠᠨ ᠬᠤᠷᠠᠯ ᠤᠨ ᠲᠣᠪᠴᠢ ᠶᠢ ᠬᠤᠷᠠᠯ | ᠡᠷᠬᠢᠯᠡᠭᠴᠢ ᠠᠴᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃ | | ᠵᠢᠷᠭᠤᠳᠤᠭᠠᠷ ᠪᠦᠯᠦᠭ ᠠᠯᠪᠠᠨ ᠪᠢᠴᠢᠭ ᠰᠢᠢᠳᠪᠦᠷᠢᠯᠡᠬᠦ | ᠬᠤᠷᠢᠨ ᠳᠣᠯᠣᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠬᠢᠭᠡᠳ ᠡᠯ᠎ᠡ ᠰᠠᠯᠠᠭ᠎ᠠ | ᠮᠥᠴᠢᠷ ᠤᠨ ᠠᠯᠪᠠᠨ ᠪᠢᠴᠢᠭ ᠰᠢᠢᠳᠪᠦᠷᠢᠯᠡᠬᠦ ᠳᠤ ︽ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠪᠢᠴᠢᠭ | ᠰᠢᠢᠳᠪᠦᠷᠢᠯᠡᠬᠦ ᠠᠵᠢᠯ ᠤᠨ ᠳᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ᠂ ᠨᠢᠭᠡᠳᠦᠯᠲᠡᠶ ᠰᠢᠰᠲ᠋ᠧᠮᠵᠢᠭᠦᠯᠵᠦ᠂ | ᠠᠵᠢᠯ ᠢᠶᠠᠨ ᠬᠤᠪᠢᠳᠠᠨ ᠭᠦᠢᠴᠡᠳᠬᠡᠵᠦ᠂ ᠣᠨᠣᠪᠴᠢᠲᠠᠶ ᠪᠥᠭᠡᠳ ᠴᠠᠭ ᠲᠤᠬᠠᠶ ᠳᠤᠨᠢ᠂ ᠠᠮᠤᠷ ᠲᠦᠪᠰᠢᠨ ᠪᠥᠭᠡᠳ | ᠨᠢᠭᠤᠴᠠ ᠶᠢ ᠬᠠᠮᠠᠭᠠᠯᠠᠵᠤ᠂ ᠪᠢᠲᠡᠭᠦᠦ ᠣᠷᠴᠢᠯᠲᠤ ᠪᠣᠯᠭᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠳᠡᠭᠡᠳᠦ ᠱᠠᠲᠤᠨ ᠤ ᠪᠠᠶᠢᠭᠤᠯᠤᠯᠭ᠎ᠠ᠂ ᠠᠳᠠᠯᠢ ᠱᠠᠲᠤᠨ ᠤ ᠪᠠᠶᠢᠭᠤᠯᠤᠯᠭ᠎ᠠ᠂ | ᠳᠣᠤᠷᠠᠳᠤ ᠱᠠᠲᠤᠨ ᠤ ᠪᠠᠶᠢᠭᠤᠯᠤᠯᠭ᠎ᠠ ᠵᠡᠷᠭᠡ ᠨᠢ ᠲᠤᠭᠤᠷᠢᠭ ᠤᠨ ᠵᠠᠰᠠᠭ ᠤᠨ ᠣᠷᠳᠣᠨ ᠳᠤ ᠬᠦᠷᠭᠡᠬᠦ ᠠᠯᠪᠠᠨ | ᠪᠢᠴᠢᠭ ᠢ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠷᠢᠭᠤᠴᠠᠨ ᠭᠦᠢᠴᠡᠳᠬᠡᠵᠦ᠂ ᠭᠠᠷ ᠤᠨ | ᠦᠰᠦᠭ ᠵᠢᠷᠤᠵᠤ ᠬᠦᠯᠢᠶᠡᠨ ᠠᠪᠬᠤ᠂ ᠪᠦᠷᠢᠳᠬᠡᠨ ᠳᠠᠩᠰᠠᠯᠠᠭᠰᠠᠨ ᠤ ᠳᠠᠷᠠᠭ᠎ᠠ᠂ ᠲᠤᠭᠤᠷᠢᠭ ᠤᠨ ᠵᠠᠰᠠᠭ ᠤᠨ | ᠣᠷᠳᠣᠨ ᠤ ᠤᠳᠤᠷᠢᠳᠬᠤ ᠨᠥᠬᠦᠳ ᠤᠨ ᠠᠵᠢᠯ ᠤᠨ ᠬᠤᠪᠢᠶᠠᠷᠢᠯᠠᠯ ᠶᠣᠰᠣᠭᠠᠷ ᠵᠥᠪᠰᠢᠶᠡᠷᠡᠭᠦᠯᠬᠦ ᠶᠢᠨ ᠬᠠᠮᠲᠤ | ᠬᠡᠷᠡᠭᠴᠡᠭᠡ ᠪᠠᠨ ᠦᠨᠳᠦᠰᠦᠯᠡᠨ ᠣᠷᠣᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ | ᠤᠳᠤᠷᠢᠳᠤᠯᠭ᠎ᠠ ᠠᠴᠠ ᠪᠤᠰᠤᠳ ᠤᠳᠤᠷᠢᠳᠤᠯᠭ᠎ᠠ ᠪᠠᠷ ᠵᠥᠪᠰᠢᠶᠡᠷᠡᠭᠦᠯᠦᠨ᠎ᠡ᠃ ᠠᠯᠪᠠᠨ ᠪᠢᠴᠢᠭ ᠢ ᠲᠠᠷᠬᠠᠭᠠᠵᠤ | ᠵᠥᠪᠰᠢᠶᠡᠷᠡᠬᠦ ᠪᠠᠨ ᠵᠠᠷᠴᠢᠮ ᠳᠡᠭᠡᠷ᠎ᠡ ᠪᠠᠨ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ | ᠳᠠᠷᠠᠭᠠᠯᠠᠯ ᠢᠶᠠᠷ ᠶᠠᠪᠤᠭᠳᠠᠭᠤᠯᠵᠤ᠂ ᠡᠩ ᠤᠨ ᠪᠠᠶᠢᠳᠠᠯ ᠳᠣᠤᠷ᠎ᠠ ᠬᠥᠨᠳᠡᠯᠡᠨ ᠢᠶᠠᠷ ᠳᠠᠮᠵᠢᠭᠤᠯᠬᠤ ᠥᠬᠡᠶ᠂ ᠰᠢᠭᠤᠳ | ᠬᠦᠷᠭᠡᠬᠦ ᠥᠬᠡᠶ᠃ | ᠬᠤᠷᠢᠨ ᠶᠢᠰᠦᠳᠦᠭᠡᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠠᠯᠪᠠᠨ | ᠪᠢᠴᠢᠭ ᠲᠤ ᠭᠠᠷ ᠤᠨ ᠦᠰᠦᠭ ᠵᠢᠷᠤᠵᠤ ᠶᠠᠪᠤᠭᠤᠯᠬᠤ ᠪᠤᠶᠤ ᠭᠠᠷ ᠤᠨ ᠦᠰᠦᠭ ᠵᠢᠷᠤᠵᠤ ᠶᠠᠪᠤᠭᠤᠯᠬᠤ ᠳᠤ᠂ | ᠰᠠᠨᠠᠯ ᠢᠶᠠᠨ ᠲᠣᠳᠣᠷᠬᠠᠶ ᠪᠢᠴᠢᠵᠦ᠂ ᠬᠦᠷᠢᠶᠡᠯᠡᠨ ᠦᠵᠡᠬᠦ ᠪᠤᠶᠤ ᠭᠠᠷ ᠤᠨ ᠦᠰᠦᠭ ᠵᠢᠷᠤᠬᠤ ᠪᠠᠷ | ᠵᠦᠪᠰᠢᠶᠡᠷᠡᠭᠰᠡᠨ ᠢᠶᠠᠷ ᠦᠵᠡᠨ᠎ᠡ︔ ᠪᠠᠶᠢᠭᠤᠯᠤᠮᠵᠢ ᠶᠢᠨ ᠣᠷᠣᠨ ᠲᠤᠭ᠎ᠠ᠂ ᠴᠢᠬᠤᠯᠠ ᠶᠡᠭᠡ ᠪᠡᠯᠡ ᠮᠥᠩᠭᠦ ᠶᠢ | ᠬᠤᠪᠢᠶᠠᠷᠢᠯᠠᠨ ᠬᠡᠷᠡᠭᠯᠡᠬᠦ᠂ ᠴᠢᠬᠤᠯᠠ ᠲᠦᠷᠦ ᠶᠢᠨ ᠪᠤᠳᠤᠯᠭ᠎ᠠ ᠶᠢ ᠲᠣᠭᠲᠠᠭᠠᠨ ᠨᠡᠶᠢᠲᠡᠯᠡᠬᠦ᠂ ᠴᠢᠬᠤᠯᠠ ᠶᠡᠭᠡ | ᠠᠵᠢᠯᠯᠠᠭ᠎ᠠ ᠶᠢ ᠲᠣᠬᠢᠷᠠᠭᠤᠯᠬᠤ ᠵᠡᠷᠭᠡ ᠶᠡᠷᠦᠩᠬᠡᠶᠢᠯᠡᠭᠰᠡᠨ ᠴᠢᠨᠠᠷᠲᠠᠶ᠂ ᠪᠦᠬᠦ ᠲᠠᠯ᠎ᠠ ᠶᠢᠨ ᠴᠢᠨᠠᠷᠲᠠᠶ ᠴᠢᠬᠤᠯᠠ ᠶᠡᠭᠡ | ᠵᠦᠢᠯᠡᠰ ᠢ ᠲᠤᠭᠤᠷᠢᠭ ᠤᠨ ᠳᠠᠷᠤᠭ᠎ᠠ ᠳᠤ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃ | ᠭᠤᠴᠢᠳᠤᠭᠠᠷ ᠵᠦᠢᠯ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠵᠠᠰᠠᠭ ᠤᠨ | ᠣᠷᠳᠣᠨ ᠤ ᠫᠤᠷᠲ᠋ᠤᠯ ᠰᠦᠯᠵᠢᠶᠡᠨ ᠳᠡᠭᠡᠷ᠎ᠡ ᠢᠯᠡ ᠪᠠᠷ ᠨᠡᠶᠢᠲᠡᠯᠡᠭᠰᠡᠨ ᠠᠯᠪᠠᠨ ᠪᠢᠴᠢᠭ ᠢ ᠵᠢᠩᠬᠢᠨᠢ ᠠᠯᠪᠠᠨ ᠪᠢᠴᠢᠭ | ᠭᠦᠢᠴᠡᠳᠬᠡᠭᠰᠡᠨ ᠢᠶᠠᠷ ᠦᠵᠡᠨ᠎ᠡ᠃ ᠢᠯᠡ ᠨᠡᠶᠢᠲᠡᠯᠡᠭᠰᠡᠨ ᠪᠤᠶᠤ ᠳᠠᠷᠤᠮᠠᠯᠯᠠᠨ ᠪᠠᠭᠤᠯᠭᠠᠭᠰᠠᠨ ᠲᠥᠷᠥ ᠶᠢᠨ | ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠨᠢᠭᠤᠴᠠ ᠰᠲ᠋ᠣᠺ ᠤᠨ ᠲᠠᠰᠤᠭ ᠠᠴᠠ ᠡᠷᠭᠢᠯᠡᠬᠦ ᠪᠠᠷ ᠵᠢᠱᠢᠭᠰᠡᠨ ᠰᠠᠨᠠᠯ ᠢᠶᠠᠨ ᠳᠤᠷᠠᠳᠴᠤ᠂ ᠵᠠᠰᠠᠭ ᠤᠨ ᠣᠷᠳᠣᠨ ᠤ | ᠠᠯᠪᠠᠨ ᠬᠡᠷ ᠤᠨ ᠡᠷᠬᠢᠯᠡᠭᠴᠢ ᠪᠢᠴᠢᠭ ᠮᠠᠲ᠋ᠧᠷᠢᠶᠠᠯ ᠢ ᠰᠤᠳᠤᠯᠤᠨ ᠤᠩᠰᠢᠨ ᠲᠠᠶᠢᠯᠪᠤᠷᠢᠯᠠᠬᠤ ᠶᠢ ᠬᠠᠷᠢᠭᠤᠴᠠᠵᠤ᠂ | ᠠᠯᠪᠠᠨ ᠬᠡᠷ ᠤᠨ ᠰᠠᠨᠠᠯ ᠢᠶᠠᠨ ᠳᠤᠷᠠᠳᠴᠤ᠂ ᠲᠣᠭᠤᠷᠢᠭ ᠤᠨ ᠳᠠᠷᠤᠭ᠎ᠠ ᠪᠤᠶᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ | ᠳᠠᠷᠤᠭ᠎ᠠ ᠶᠢᠨ ᠴᠣᠬᠤᠯᠠᠪᠤᠷᠢ ᠳᠤ ᠮᠡᠳᠡᠭᠳᠡᠨ᠎ᠡ᠃ | ᠭᠤᠴᠢᠨ ᠨᠢᠭᠡᠳᠦᠭᠡᠷ ᠵᠦᠢᠯ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ᠠᠯᠪᠠᠨ ᠪᠢᠴᠢᠭ ᠤᠨ | ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ | ᠲᠤᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠠᠯᠪᠠᠨ ᠪᠢᠴᠢᠭ ᠪᠦᠬᠦᠨ ᠢ ᠭᠤᠤᠯ | ᠬᠠᠷᠢᠭᠤᠴᠠᠯᠭᠠᠲᠠᠨ ᠭᠠᠷ ᠤᠨ ᠦᠰᠦᠭ ᠵᠢᠷᠤᠵᠤ ᠶᠠᠪᠤᠭᠤᠯᠵᠤ᠂ ᠳᠡᠮᠵᠢᠯᠭᠡ ᠶᠢᠨ ᠴᠢᠨᠠᠷᠲᠠᠶ ᠪᠢᠴᠢᠭ ᠮᠠᠲ᠋ᠧᠷᠢᠶᠠᠯ ᠢ | ᠭᠦᠢᠴᠡᠳ ᠪᠡᠯᠡᠳᠬᠡᠬᠦ ᠶᠢᠨ ᠬᠠᠮᠲᠤ ᠲᠤᠰ ᠰᠠᠯᠠᠭ᠎ᠠ ᠮᠥᠴᠢᠷ᠂ ᠲᠤᠰ ᠨᠢᠭᠡᠴᠡ ᠶᠢᠨ ᠳᠣᠲᠣᠭᠠᠳᠤ ᠳᠠᠭᠠᠨ | ᠪᠠᠶᠢᠭᠤᠯᠤᠭᠰᠠᠨ ᠬᠠᠤᠯᠢ ᠳᠦᠷᠢᠮ ᠤᠨ ᠪᠠᠶᠢᠭᠤᠯᠤᠮᠵᠢ ᠪᠠᠷ ᠬᠢᠨᠠᠨ ᠪᠠᠶᠢᠴᠠᠭᠠᠯᠭᠠᠵᠤ᠂ ᠣᠯᠠᠨ ᠲᠠᠯ᠎ᠠ ᠠᠴᠠ ᠮᠡᠳᠡᠭᠦᠯᠦᠨ | ᠬᠦᠷᠭᠡᠵᠦ᠂ ᠱᠠᠲᠤ ᠠᠯᠤᠰᠯᠠᠨ ᠮᠡᠳᠡᠭᠦᠯᠦᠨ ᠬᠦᠷᠭᠡᠵᠦ ᠪᠣᠯᠬᠤ ᠦᠭᠡᠶ᠃ ᠮᠡᠳᠡᠭᠦᠯᠬᠦ ᠲᠥᠷᠥᠯ ᠤᠨ ᠠᠯᠪᠠᠨ ᠪᠢᠴᠢᠭ ᠲᠤ | ᠵᠢᠭᠠᠪᠤᠷᠢ ᠠᠪᠬᠤ ᠵᠦᠢᠯ ᠤᠨ ᠠᠯᠪᠠᠨ ᠪᠢᠴᠢᠭ ᠲᠤ ᠨᠢᠭᠡ ᠪᠢᠴᠢᠭ ᠮᠠᠲ᠋ᠧᠷᠢᠶᠠᠯ ᠨᠢᠭᠡ ᠶᠠᠪᠤᠳᠠᠯ ᠢ | ᠳᠠᠭᠠᠯᠳᠤᠭᠤᠯᠬᠤ ᠶᠢᠨ ᠬᠠᠮᠲᠤ ᠬᠠᠤᠯᠢ ᠶᠣᠰᠣᠴᠢ ᠴᠢᠨᠠᠷ ᠤᠨ ᠲᠣᠳᠣᠷᠬᠠᠶᠢᠯᠠᠯᠲᠠ ᠪᠠ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠦᠨᠳᠦᠰᠦᠯᠡᠯ ᠢ ᠳᠠᠭᠠᠯᠳᠤᠭᠤᠯᠬᠤ ᠬᠡᠷᠡᠭᠲᠡᠶ︔ ᠲᠤᠭᠤᠷᠢᠭ ᠤᠨ ᠵᠠᠰᠠᠭ ᠤᠨ ᠣᠷᠳᠣᠨ ᠤ | ᠤᠳᠤᠷᠢᠳᠤᠯᠭ᠎ᠠ ᠶᠢᠨ ᠲᠤᠰᠢᠶᠠᠨ ᠭᠦᠢᠴᠡᠳᠬᠡᠯᠭᠡᠬᠦ ᠵᠦᠢᠯᠡᠰ ᠪᠠ ᠡᠷᠬᠡᠪᠰᠢ ᠰᠢᠭᠤᠳ ᠮᠡᠳᠡᠭᠦᠯᠦᠨ ᠬᠦᠷᠭᠡᠬᠦ ᠡᠷᠡᠰ | ᠨᠢᠭᠤᠴᠠ ᠲᠠᠰ ᠤᠨ ᠵᠦᠢᠯ ᠤᠳ ᠢ ᠭᠠᠷᠭᠠᠪᠠᠯ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠬᠤᠪᠢ | ᠬᠥᠮᠦᠨ ᠳᠤ ᠠᠯᠪᠠᠨ ᠪᠢᠴᠢᠭ ᠮᠡᠳᠡᠭᠦᠯᠦᠨ ᠬᠦᠷᠭᠡᠵᠦ ᠪᠣᠯᠬᠤ ᠦᠭᠡᠶ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ | ᠦᠭᠡᠶ ᠪᠦᠬᠦᠨ ᠢ ᠴᠥᠮ ᠠᠯᠪᠠᠨ ᠪᠢᠴᠢᠭ ᠮᠡᠳᠡᠭᠦᠯᠦᠭᠰᠡᠨ ᠨᠢᠭᠡᠴᠡ ᠳᠤ ᠪᠤᠴᠠᠭᠠᠨ᠎ᠠ᠃ | ᠭᠤᠴᠢᠨ ᠬᠤᠶᠠᠳᠤᠭᠠᠷ ᠵᠦᠢᠯ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠲᠤᠭᠤᠷᠢᠭ ᠤᠨ ᠵᠠᠰᠠᠭ ᠤᠨ | ᠣᠷᠳᠣᠨ ᠳᠤ ᠮᠡᠳᠡᠭᠦᠯᠦᠨ ᠬᠦᠷᠭᠡᠬᠦ ᠠᠯᠪᠠᠨ ᠪᠢᠴᠢᠭ ᠢ ᠲᠤᠭᠤᠷᠢᠭ ᠤᠨ ᠵᠠᠰᠠᠭ ᠤᠨ ᠣᠷᠳᠣᠨ ᠤ | ᠤᠳᠤᠷᠢᠳᠤᠯᠭ᠎ᠠ ᠶᠢᠨ ᠴᠣᠬᠤᠯᠠᠪᠤᠷᠢ ᠶᠣᠰᠣᠭᠠᠷ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ | ᠰᠢᠯᠵᠢᠭᠦᠯᠦᠨ ᠰᠤᠳᠤᠯᠤᠭᠤᠯᠵᠤ ᠰᠢᠢᠳᠪᠦᠷᠢᠯᠡᠭᠦᠯᠬᠦ ᠴᠢᠬᠤᠯᠠᠲᠠᠶ ᠦᠶ᠎ᠡ ᠳᠤ᠂ ᠬᠤᠶᠠᠷ ᠠᠴᠠ ᠳᠡᠭᠡᠭᠰᠢᠬᠢ ᠰᠠᠯᠠᠭ᠎ᠠ | ᠮᠥᠴᠢᠷ ᠲᠤ ᠬᠤᠯᠪᠣᠭᠳᠠᠭᠰᠠᠨ ᠪᠠᠶᠢᠪᠠᠯ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠭᠤᠤᠯᠯᠠᠨ | ᠡᠷᠭᠢᠯᠡᠬᠦ ᠰᠠᠯᠠᠭ᠎ᠠ ᠮᠥᠴᠢᠷ ᠪᠠ ᠰᠢᠢᠳᠪᠦᠷᠢᠯᠡᠬᠦ ᠴᠠᠭ ᠤᠨ ᠬᠢᠵᠠᠭᠠᠷ ᠢ ᠲᠣᠳᠣᠷᠬᠠᠶᠢᠯᠠᠨ᠎ᠠ᠃ ᠭᠤᠣᠯ ᠡᠷᠬᠢᠯᠡᠨ | ᠭᠦᠢᠴᠡᠳᠬᠡᠬᠦ ᠰᠠᠯᠠᠭ᠎ᠠ ᠮᠥᠴᠢᠷ ᠨᠢ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠵᠥᠪᠳᠡᠯᠴᠡᠵᠦ᠂ ᠰᠠᠯᠠᠭ᠎ᠠ ᠮᠥᠴᠢᠷ ᠤᠨ ᠡᠷᠬᠡ ᠲᠤᠰᠢᠶᠠᠯ ᠳᠤ ᠬᠠᠷᠢᠶᠠᠯᠠᠭᠳᠠᠬᠤ ᠵᠦᠢᠯᠡᠰ ᠢ ᠭᠤᠣᠯ ᠡᠷᠬᠢᠯᠡᠨ | ᠭᠦᠢᠴᠡᠳᠬᠡᠬᠦ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ ᠪᠢᠴᠢᠭ | ᠮᠠᠲ᠋ᠧᠷᠢᠶᠠᠯ ᠳᠤ ᠰᠢᠭᠤᠳ ᠬᠠᠷᠢᠭᠤᠯᠲᠠ ᠥᠭᠴᠦ᠂ ᠰᠢᠢᠳᠪᠦᠷᠢᠯᠡᠭᠰᠡᠨ ᠦᠷ᠎ᠡ ᠳ᠋ᠦᠩ ᠢᠶᠠᠨ ᠲᠣᠭᠲᠠᠭᠰᠠᠨ ᠴᠠᠭ | ᠬᠤᠭᠤᠴᠠᠭᠠᠨ ᠤ ᠳᠣᠲᠣᠷ᠎ᠠ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠲᠤ ᠬᠠᠷᠢᠭᠤ ᠲᠤᠰᠬᠠᠨ᠎ᠠ︔ | ᠲᠤᠭᠤᠷᠢᠭ ᠤᠨ ᠵᠠᠰᠠᠭ ᠤᠨ ᠣᠷᠳᠣᠨ ᠤ ᠬᠢᠨᠠᠨ ᠲᠣᠭᠲᠠᠭᠠᠬᠤ ᠴᠢᠬᠤᠯᠠᠲᠠᠢ ᠵᠦᠢᠯᠡᠰ ᠢ ᠭᠤᠣᠯᠴᠢᠯᠠᠨ ᠡᠷᠬᠢᠯᠡᠬᠦ | ᠰᠠᠯᠠᠭ᠎ᠠ ᠮᠥᠴᠢᠷ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ ᠰᠢᠢᠳᠪᠦᠷᠢᠯᠡᠬᠦ ᠰᠠᠨᠠᠯ ᠢᠶᠠᠨ | ᠳᠤᠷᠠᠳᠴᠤ᠂ ᠵᠠᠰᠠᠭ ᠤᠨ ᠣᠷᠳᠣᠨ ᠤ ᠠᠯᠪᠠᠨ ᠭᠡᠷ ᠲᠤ ᠴᠠᠭ ᠲᠤᠬᠠᠶ ᠳᠤᠨᠢ ᠬᠠᠷᠢᠭᠤ ᠲᠤᠰᠬᠠᠨ᠎ᠠ᠃ | ᠭᠤᠴᠢᠨ ᠭᠤᠷᠪᠠᠳᠤᠭᠠᠷ ᠵᠦᠢᠯ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠲᠤᠭᠤᠷᠢᠭ ᠤᠨ ᠵᠠᠰᠠᠭ ᠤᠨ | ᠣᠷᠳᠣᠨ ᠪᠤᠶᠤ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠳᠠᠷᠤᠮᠠᠯᠯᠠᠨ ᠶᠠᠪᠤᠭᠤᠯᠬᠤ ᠪᠠᠷ | ᠳᠡᠪᠰᠢᠭᠦᠯᠦᠭᠰᠡᠨ ᠠᠯᠪᠠᠨ ᠪᠢᠴᠢᠭ᠂ ᠣᠷᠣᠯᠠᠨ ᠲᠤᠭᠤᠷᠪᠢᠭᠰᠠᠨ ᠡᠬᠡ ᠪᠢᠴᠢᠭ ᠢ ᠳᠡᠭᠡᠭᠰᠢ ᠮᠡᠳᠡᠭᠦᠯᠬᠦ ᠦᠶᠡᠰ᠂ ᠪᠢᠴᠢᠭ | ᠮᠠᠲ᠋ᠧᠷᠢᠶᠠᠯ ᠶᠠᠪᠤᠭᠤᠯᠬᠤ ᠪᠠᠷ ᠭᠤᠶᠤᠴᠢᠯᠠᠭᠰᠠᠨ ᠤᠴᠢᠷ ᠰᠢᠯᠲᠠᠭᠠᠨ᠂ ᠠᠬᠤᠶ ᠪᠠᠶᠢᠳᠠᠯ ᠪᠠ ᠬᠤᠯᠪᠣᠭᠳᠠᠯ ᠪᠦᠬᠦᠢ | ᠲᠣᠳᠣᠷᠬᠠᠶᠢᠯᠠᠯᠲᠠ ᠶᠢᠨ ᠮᠠᠲ᠋ᠧᠷᠢᠶᠠᠯ ᠢ ᠬᠠᠮᠲᠤ ᠳᠤᠨᠢ ᠮᠡᠳᠡᠭᠦᠯᠦᠨ ᠬᠦᠷᠭᠡᠬᠦ ᠶᠢᠨ ᠬᠠᠮᠲᠤ ᠢᠯᠡ ᠪᠠᠷ ᠰᠠᠨᠠᠯ | ᠬᠤᠷᠢᠶᠠᠭᠰᠠᠨ ᠪᠠᠶᠢᠳᠠᠯ ︵ᠬᠠᠤᠯᠢ ᠶᠣᠰᠣᠭᠠᠷ ᠨᠢᠭᠤᠴᠠ ᠶᠢ ᠬᠠᠮᠠᠭᠠᠯᠠᠭᠰᠠᠨ ᠢ ᠲᠣᠳᠣᠷᠬᠠᠶᠢᠯᠠᠭᠰᠠᠨ ᠢ | ᠲᠣᠳᠣᠷᠬᠠᠶᠢᠯᠠᠨ᠎ᠠ︶᠂ ᠰᠠᠯᠠᠭ᠎ᠠ ᠮᠥᠴᠢᠷ ᠤᠨ ᠳᠣᠲᠣᠭᠠᠳᠤ ᠶᠢᠨ ᠬᠠᠤᠯᠢ ᠶᠣᠰᠣᠨ ᠤ ᠴᠢᠨᠠᠷ ᠢ ᠬᠢᠨᠠᠨ ᠪᠠᠶᠢᠴᠠᠭᠠᠭᠰᠠᠨ | ᠰᠠᠨᠠᠯ᠂ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠦᠨᠡᠯᠡᠨ ᠵᠢᠱᠢᠭᠰᠡᠨ ᠪᠠᠶᠢᠳᠠᠯ᠂ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠶᠢᠨ ᠲᠥᠰᠦᠯ ᠪᠠ ᠲᠠᠶᠢᠯᠤᠮᠵᠢ ᠶᠢᠨ ᠮᠠᠲ᠋ᠧᠷᠢᠶᠠᠯ ᠵᠢᠴᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ | ᠲᠥᠰᠦᠯ ᠵᠡᠷᠭᠡ ᠶᠢ ᠳᠠᠭᠠᠯᠳᠤᠭᠤᠯᠬᠤ ᠶᠢᠨ ᠬᠠᠮᠲᠤ ᠠᠯᠪᠠᠨ ᠪᠢᠴᠢᠭ ᠤᠨ ᠢᠯᠡ ᠬᠠᠷᠢᠶᠠᠲᠤ ᠴᠢᠨᠠᠷ ᠲᠤ ᠲᠣᠳᠣᠷᠬᠠᠶ | ᠰᠠᠨᠠᠭᠤᠯᠭ᠎ᠠ ᠳᠤᠷᠠᠳᠬᠤ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ ᠪᠤᠰᠤᠳ ᠰᠠᠯᠠᠭ᠎ᠠ | ᠮᠥᠴᠢᠷ ᠤᠨ ᠡᠷᠬᠡ ᠲᠤᠰᠢᠶᠠᠯ ᠳᠤ ᠬᠤᠯᠪᠣᠭᠳᠠᠬᠤ ᠪᠦᠬᠦᠨ ᠳᠤ ᠡᠷᠬᠡᠪᠰᠢ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ | ᠰᠠᠯᠠᠭ᠎ᠠ ᠮᠥᠴᠢᠷ ᠯᠦᠭᠡ ᠭᠦᠢᠴᠡᠳ ᠵᠥᠪᠳᠡᠯᠴᠡᠵᠦ᠂ ᠭᠤᠤᠯ ᠡᠷᠬᠢᠯᠡᠠ ᠭᠦᠢᠴᠡᠳᠬᠡᠬᠦ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠯᠤᠭ᠎ᠠ ᠬᠠᠮᠲᠤᠷᠠᠨ ᠭᠠᠷ ᠤᠨ | ᠦᠰᠦᠭ ᠵᠢᠷᠤᠬᠤ ᠪᠤᠶᠤ ᠬᠠᠮᠲᠤᠷᠠᠵᠤ ᠪᠠᠶᠢᠭᠠᠳ ᠣᠷᠣᠨ ᠤ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ | ᠵᠥᠪᠰᠢᠶᠡᠷᠡᠭᠦᠯᠬᠦ ᠬᠡᠷᠡᠭᠲᠡᠶ᠃ ᠰᠠᠯᠠᠭ᠎ᠠ ᠮᠥᠴᠢᠷ ᠤᠨ ᠬᠤᠭᠤᠷᠣᠨᠳᠣ ᠪᠠᠨ ᠵᠥᠷᠢᠯᠳᠦᠭᠡᠨ ᠲᠠᠢ ᠪᠣᠯ ᠭᠤᠤᠯ ᠡᠷᠬᠢᠯᠡᠨ | ᠭᠦᠢᠴᠡᠳᠬᠡᠬᠦ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠢ ᠰᠠᠨᠠᠭᠠᠴᠢᠯᠠᠭ᠎ᠠ ᠠᠴᠠ ᠪᠠᠨ ᠵᠦᠪᠳᠡᠯᠴᠡᠨ᠎ᠡ᠃ | ᠵᠥᠪᠳᠡᠯᠴᠡᠭᠡᠳ ᠮᠥᠨ ᠬᠦ ᠰᠠᠨᠠᠯ ᠨᠢᠭᠡᠳᠴᠦ ᠳᠡᠶᠢᠯᠬᠦ ᠦᠭᠡᠶ ᠪᠣᠯ ᠭᠤᠤᠯ ᠡᠷᠬᠢᠯᠡᠨ ᠭᠦᠢᠴᠡᠳᠬᠡᠬᠦ ᠰᠠᠯᠠᠭ᠎ᠠ | ᠮᠥᠴᠢᠷ ᠨᠢ ᠡᠯ᠎ᠡ ᠲᠠᠯ᠎ᠠ ᠶᠢᠨ ᠬᠢᠨ ᠤ ᠦᠨᠳᠦᠰᠦᠯᠡᠯ ᠢ ᠵᠢᠭᠰᠠᠭᠠᠨ ᠲᠣᠳᠣᠷᠬᠠᠶᠢᠯᠠᠵᠤ᠂ ᠡᠷᠬᠢᠯᠡᠨ ᠭᠦᠢᠴᠡᠳᠬᠡᠬᠦ | ᠰᠠᠨᠠᠯ ᠢᠶᠠᠨ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠯᠤᠭ᠎ᠠ ᠬᠠᠮᠲᠤᠷᠠᠨ | ᠭᠠᠷ ᠤᠨ ᠦᠰᠦᠭ ᠵᠢᠷᠤᠭᠰᠠᠨ ᠤ ᠳᠠᠷᠠᠭ᠎ᠠ ᠣᠷᠣᠨ ᠤ ᠵᠠᠰᠠᠭ ᠤᠨ ᠣᠷᠳᠣᠨ ᠳᠤ ᠮᠡᠳᠡᠭᠦᠯᠵᠦ ᠲᠤᠭᠲᠠᠭᠠᠯᠭᠠᠨ᠎ᠠ᠃ | ᠭᠤᠴᠢᠨ ᠳᠥᠷᠪᠡᠳᠦᠭᠡᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠲᠣᠭᠲᠠᠭᠠᠭᠰᠠᠨ ᠵᠠᠰᠠᠭ ᠤᠨ | ᠣᠷᠳᠣᠨ ᠤ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠨᠡᠶᠢᠲᠡᠯᠡᠭᠰᠡᠨ ᠵᠠᠷᠯᠢᠭ᠂ | ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠠᠯᠪᠠᠨ ᠪᠢᠴᠢᠭ᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠤᠶᠤ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠤ ᠳᠤᠷᠠᠳᠤᠭᠰᠠᠨ ᠰᠠᠨᠠᠯ ᠵᠥᠪᠯᠡᠯᠭᠡ ᠶᠢ ᠲᠣᠭᠤᠷᠢᠭ ᠤᠨ ᠳᠠᠷᠤᠭ᠎ᠠ ᠭᠠᠷ ᠤᠨ ᠦᠰᠦᠭ | ᠵᠢᠷᠤᠵᠤ ᠶᠠᠪᠤᠭᠤᠯᠤᠨ᠎ᠠ᠃ | ᠭᠤᠴᠢᠨ ᠲᠠᠪᠤᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠨᠡᠷ᠎ᠡ ᠪᠠᠷ ᠵᠣᠬᠢᠶᠠᠵᠤ | ᠲᠠᠷᠬᠠᠭᠠᠭᠰᠠᠨ ᠵᠡᠷᠭᠡᠴᠡᠭᠡ ᠪᠢᠴᠢᠭ᠂ ᠳᠣᠷᠣᠭᠰᠢ ᠶᠠᠪᠤᠭᠤᠯᠬᠤ ᠪᠢᠴᠢᠭ ᠮᠠᠲ᠋ᠧᠷᠢᠶᠠᠯ ᠢ ᠶᠡᠷᠦ ᠳᠤ ᠪᠠᠨ ᠬᠤᠪᠢᠳᠠᠨ | ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃ ᠬᠤᠶᠠᠷ ᠠᠴᠠ | ᠳᠡᠭᠡᠭᠰᠢᠬᠢ ᠲᠤᠭᠤᠷᠢᠭ ᠤᠨ ᠳᠡᠳ᠋ ᠳᠠᠷᠤᠭ᠎ᠠ ᠶᠢᠨ ᠬᠤᠪᠢᠳᠠᠨ ᠬᠠᠮᠢᠶᠠᠷᠬᠤ ᠠᠵᠢᠯ ᠳᠤ ᠬᠤᠯᠪᠣᠭᠳᠠᠬᠤ ᠠᠯᠪᠠᠨ | ᠪᠢᠴᠢᠭ ᠢ ᠬᠠᠮᠢᠶ᠎ᠠ ᠪᠥᠬᠦᠶ ᠲᠣᠭᠤᠷᠢᠭ ᠤᠨ ᠳᠡᠳ᠋ ᠳᠠᠷᠤᠭ᠎ᠠ ᠬᠠᠮᠲᠤᠷᠠᠨ ᠬᠢᠨᠠᠭᠰᠠᠨ ᠤ ᠳᠠᠷᠠᠭ᠎ᠠ ᠭᠠᠷ ᠤᠨ ᠦᠰᠦᠭ | ᠵᠢᠷᠤᠵᠤ ᠶᠠᠪᠤᠭᠤᠯᠤᠨ᠎ᠠ᠃ ᠡᠭᠦᠨ ᠳᠤ ᠶᠡᠷᠦᠩᠬᠡᠶᠢᠯᠡᠭᠰᠡᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠴᠢᠬᠤᠯᠠ ᠶᠡᠭᠡ | ᠵᠦᠢᠯᠡᠰ ᠢ ᠪᠣᠯ ᠡᠷᠬᠡᠪᠰᠢ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ ᠪᠠᠷ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠲᠣᠭᠤᠷᠢᠭ ᠤᠨ ᠳᠠᠷᠤᠭ᠎ᠠ ᠪᠤᠶᠤ ᠪᠠᠶᠢᠩᠭᠤ ᠶᠢᠨ ᠳᠡᠳ᠋ ᠳᠠᠷᠤᠭ᠎ᠠ ᠠᠴᠠ ᠭᠠᠷ ᠤᠨ | ᠦᠰᠦᠭ ᠵᠢᠷᠤᠵᠤ ᠶᠠᠪᠤᠭᠤᠯᠤᠨ᠎ᠠ︔ ᠣᠨᠴᠠᠭᠠᠢ ᠴᠢᠬᠤᠯᠠ ᠵᠦᠢᠯᠡᠰ ᠲᠤ ᠬᠠᠷᠢᠶᠠᠯᠠᠭᠳᠠᠪᠠᠯ᠂ ᠲᠣᠭᠤᠷᠢᠭ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠦᠨ ᠶᠠᠷᠢᠯᠴᠠᠭᠤᠯᠤᠨ ᠪᠠᠲᠤᠯᠠᠭᠤᠯᠵᠤ᠂ ᠲᠣᠭᠤᠷᠢᠭ ᠤᠨ ᠳᠠᠷᠤᠭ᠎ᠠ | ᠪᠤᠶᠤ ᠪᠠᠶᠢᠩᠭᠤ ᠶᠢᠨ ᠳᠡᠳ᠋ ᠳᠠᠷᠤᠭ᠎ᠠ ᠠᠴᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃ ᠭᠤᠴᠢᠨ | ᠵᠢᠷᠭᠤᠳᠤᠭᠠᠷ ᠵᠦᠢᠯ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠠᠯᠪᠠᠨ ᠪᠢᠴᠢᠭ | ᠶᠠᠪᠤᠭᠤᠯᠬᠤ ᠳᠤ᠂ ᠡᠩ ᠤᠨ ᠪᠠᠶᠢᠳᠠᠯ ᠳᠤ ᠬᠤᠪᠢᠳᠠᠨ ᠬᠠᠮᠢᠶᠠᠷᠴᠤ ᠪᠦᠬᠦᠢ ᠳᠡᠳ᠋ ᠳᠠᠷᠤᠭ᠎ᠠ ᠪᠤᠶᠤ ᠠᠯᠪᠠᠨ ᠭᠡᠷ ᠤᠨ | ᠡᠷᠬᠢᠯᠡᠭᠴᠢ ᠭᠠᠷ ᠤᠨ ᠦᠰᠦᠭ ᠵᠢᠷᠤᠵᠤ ᠶᠠᠪᠤᠭᠤᠯᠤᠨ᠎ᠠ᠃ ᠡᠭᠦᠨ ᠳᠤ ᠶᠡᠷᠦᠩᠬᠡᠶᠢᠯᠡᠭᠰᠡᠨ ᠴᠢᠨᠠᠷᠲᠠᠢ᠂ ᠪᠦᠬᠦ ᠲᠠᠯ᠎ᠠ ᠶᠢᠨ | ᠴᠢᠨᠠᠷᠲᠠᠢ ᠴᠢᠬᠤᠯᠠ ᠶᠡᠭᠡ ᠵᠦᠢᠯᠡᠰ ᠢ ᠡᠷᠬᠡᠪᠰᠢ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ | ᠪᠤᠶᠤ ᠠᠯᠪᠠᠨ ᠭᠡᠷ ᠤᠨ ᠡᠷᠬᠢᠯᠡᠭᠴᠢ ᠪᠠᠷ ᠬᠢᠨᠠᠨ ᠬᠠᠷᠭᠤᠭᠤᠯᠵᠤ᠂ ᠲᠣᠭᠤᠷᠢᠭ ᠤᠨ ᠳᠠᠷᠤᠭ᠎ᠠ ᠪᠤᠶᠤ ᠪᠠᠶᠢᠩᠭᠤ ᠶᠢᠨ | ᠳᠡᠳ᠋ ᠳᠠᠷᠤᠭ᠎ᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃ | ᠭᠤᠴᠢᠨ ᠳᠣᠯᠣᠳᠤᠭᠠᠷ ᠵᠦᠢᠯ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠪᠢᠴᠢᠭ ᠢ ᠴᠠᠭ | ᠬᠢᠵᠠᠭᠠᠷᠯᠠᠨ ᠭᠦᠢᠴᠡᠳᠬᠡᠵᠦ ᠳᠠᠭᠤᠰᠬᠠᠬᠤ ᠳᠦᠷᠢᠮ ᠢ ᠬᠡᠷᠡᠭᠵᠢᠭᠦᠯᠵᠦ᠂ ᠡᠩ ᠤᠨ ᠠᠯᠪᠠᠨ ᠪᠢᠴᠢᠭ ᠢ ᠵᠠᠷᠴᠢᠮ | ᠳᠡᠭᠡᠷ᠎ᠡ ᠪᠠᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠤᠷᠢᠶᠠᠨ ᠠᠪᠴᠤ ᠳᠠᠩᠰᠠᠯᠠᠭᠰᠠᠨ ᠤ | ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ ᠬᠢᠨᠠᠨ ᠭᠠᠷ ᠤᠨ ᠦᠰᠦᠭ ᠵᠢᠷᠤᠵᠤ ᠳᠠᠭᠤᠰᠬᠠᠨ᠂ ᠪᠠᠴᠢᠮ ᠠᠯᠪᠠᠨ | ᠪᠢᠴᠢᠭ ᠢ ᠬᠡᠵᠢᠶ᠎ᠡ ᠴᠦ ᠬᠢᠵᠦ ᠳᠠᠭᠤᠰᠬᠠᠬᠤ ᠬᠡᠷᠡᠭᠲᠡᠶ︔ ᠲᠤᠭᠤᠷᠢᠭ ᠤᠨ ᠵᠠᠰᠠᠭ ᠤᠨ ᠣᠷᠳᠣᠨ ᠤ | ᠤᠳᠤᠷᠢᠳᠤᠯᠭ᠎ᠠ ᠶᠢᠨ ᠴᠣᠬᠤᠯᠠᠪᠤᠷᠢᠯᠠᠭᠰᠠᠨ ᠰᠠᠨᠠᠯ ᠢ 2 ᠠᠵᠢᠯᠯᠠᠬᠤ ᠡᠳᠦᠷ ᠤᠨ ᠳᠣᠲᠣᠷ᠎ᠠ ᠲᠤᠰᠢᠶᠠᠨ ᠦᠭᠭᠦᠨ᠎ᠡ︔ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠠᠨᠠᠯ ᠳᠤᠷᠠᠳᠪᠠᠯ᠂ ᠡᠩ ᠤᠨ ᠪᠠᠶᠢᠳᠠᠯ ᠳᠤ 3 ᠠᠵᠢᠯᠯᠠᠬᠤ ᠡᠳᠦᠷ ᠤᠨ | ᠳᠣᠲᠣᠷ᠎ᠠ ᠬᠠᠷᠢᠭᠤ ᠥᠭᠴᠦ᠂ ᠪᠠᠴᠢᠮ ᠠᠯᠪᠠᠨ ᠪᠢᠴᠢᠭ ᠢ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠱᠠᠭᠠᠷᠳᠠᠭᠰᠠᠨ ᠴᠠᠭ ᠤᠨ ᠬᠢᠵᠠᠭᠠᠷ ᠤᠨ ᠶᠣᠰᠣᠭᠠᠷ ᠬᠠᠷᠢᠭᠤ ᠦᠭᠭᠦᠨ᠎ᠡ᠃ | ᠲᠤᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠳ ᠡᠯᠧᠺᠲᠷᠤᠨ ᠵᠠᠰᠠᠭ ᠤᠨ | ᠶᠠᠪᠤᠳᠠᠯ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ OA ᠬᠠᠮᠵᠢᠯᠴᠠᠨ ᠠᠯᠪᠠᠯᠠᠬᠤ ᠰᠢᠰᠲ᠋ᠧᠮ ᠤᠨ | ᠬᠡᠷᠡᠭᠯᠡᠯᠲᠡ ᠪᠠ ᠬᠠᠮᠢᠶᠠᠷᠤᠯᠲᠠ ᠶᠢ ᠴᠢᠩᠭᠠᠳᠬᠠᠵᠤ᠂ ᠠᠯᠪᠠᠨ ᠪᠢᠴᠢᠭ ᠰᠢᠶ᠋ᠳᠪᠦᠷᠢᠯᠡᠬᠦ ᠦᠷ᠎ᠡ ᠪᠦᠲᠦᠮᠵᠢ ᠶᠢ ᠦᠨᠡᠨᠬᠦ | ᠳᠡᠭᠡᠭᠰᠢᠯᠡᠭᠦᠯᠦᠨ᠎ᠡ᠃ | ᠭᠤᠴᠢᠨ ᠨᠠᠢᠮᠠᠳᠤᠭᠠᠷ ᠵᠦᠢᠯ ᠲᠤᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ | ᠮᠥᠴᠢᠷ ᠤᠳ ᠠᠯᠪᠠᠨ ᠪᠢᠴᠢᠭ ᠢ ᠤᠯᠠᠮ ᠨᠢᠭᠡ ᠠᠯᠬᠤᠮ ᠴᠣᠮᠬᠠᠳᠬᠠᠵᠤ᠂ ᠪᠢᠴᠢᠭ ᠮᠠᠲ᠋ᠧᠷᠢᠶᠠᠯ ᠢ ᠬᠢᠨᠠᠬᠤ | ᠪᠣᠭᠤᠮᠲᠠ ᠶᠢ ᠴᠢᠩᠭᠠᠳᠬᠠᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠳᠡᠭᠡᠳᠦ ᠱᠠᠲᠤᠨ ᠤ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠨᠢᠭᠡᠨᠲᠡ ᠲᠣᠳᠣᠷᠬᠠᠶ ᠲᠣᠭᠲᠠᠭᠠᠭᠰᠠᠨ ᠪᠠᠶᠢᠪᠠᠯ᠂ ᠮᠥᠨ ᠴᠢᠨᠠᠷ ᠤᠨ | ᠠᠭᠤᠯᠭ᠎ᠠ ᠥᠬᠡᠶ᠂ ᠶᠠᠪᠤᠭᠤᠯᠬᠤ ᠥᠬᠡᠶ ᠪᠠᠶᠢᠵᠤ ᠪᠣᠯᠬᠤ ᠪᠢᠴᠢᠭ ᠮᠠᠲ᠋ᠧᠷᠢᠶᠠᠯ ᠢ ᠴᠥᠮ ᠶᠠᠪᠤᠭᠤᠯᠬᠤ ᠥᠬᠡᠶ᠃ | ᠲᠤᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠨᠡᠶᠢᠲᠡᠯᠡᠬᠦ ᠳᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠦᠨᠵᠡᠭᠡᠶ ᠪᠠᠶᠢᠴᠠᠭᠠᠨ ᠰᠤᠳᠤᠯᠵᠤ ᠨᠤᠲᠠᠯᠠᠯᠲᠠ ᠬᠢᠵᠦ᠂ | ᠪᠣᠳᠠᠲᠠᠶ ᠳᠤ ᠨᠡᠶᠢᠴᠡᠬᠦ ᠮᠥᠷᠲᠡᠭᠡᠨ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠪᠣᠳᠠᠲᠠᠶ ᠠᠷᠭ᠎ᠠ᠂ ᠬᠠᠲᠠᠭᠤ ᠠᠷᠭ᠎ᠠ᠂ | ᠰᠢᠨ᠎ᠡ ᠠᠷᠭ᠎ᠠ ᠶᠢ ᠳᠤᠷᠠᠳᠴᠤ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠣᠪᠤᠶᠢᠯᠭᠠᠵᠤ᠂ | ᠦᠰᠦᠭ ᠪᠢᠴᠢᠭ ᠤᠨ ᠬᠠᠭᠤᠳᠠᠰᠤ ᠶᠢ ᠴᠢᠩᠭ᠎ᠠ ᠡᠵᠡᠮᠳᠡᠵᠦ᠂ ᠪᠢᠴᠢᠭ ᠮᠠᠲ᠋ᠧᠷᠢᠶᠠᠯ ᠶᠠᠪᠤᠭᠤᠯᠬᠤ ᠳᠤ ᠪᠣᠳᠠᠲᠠᠶ ᠶᠢ | ᠡᠷᠬᠢᠮᠯᠡᠭᠰᠡᠨ ᠪᠥᠭᠡᠳ ᠲᠤᠰᠠᠲᠠᠶ ᠪᠠᠶᠢᠬᠤ ᠶᠢ ᠦᠨᠡᠨ ᠬᠦ ᠪᠠᠲᠤᠯᠠᠨ᠎ᠠ᠃ | ᠭᠤᠴᠢᠨ ᠶᠢᠰᠦᠳᠦᠭᠡᠷ ᠵᠦᠢᠯ ᠠᠯᠪᠠᠨ ᠪᠢᠴᠢᠭ ᠢ ᠰᠢᠢᠳᠪᠦᠷᠢᠯᠡᠵᠦᠦ ᠳᠠᠭᠤᠰᠬᠠᠭᠰᠠᠨ ᠤ ᠳᠠᠷᠠᠭ᠎ᠠ᠂ | ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠴᠠᠭ ᠲᠤᠬᠠᠶ ᠳᠤᠨᠢ ᠡᠮᠬᠢᠯᠡᠵᠦ ᠳᠠᠩᠰᠠ ᠡᠪᠬᠡᠮᠡᠯ ᠳᠤ | ᠣᠷᠣᠭᠤᠯᠵᠤ᠂ ᠪᠠᠶᠢᠴᠠᠭᠠᠨ ᠦᠵᠡᠵᠦ ᠠᠰᠢᠭᠯᠠᠬᠤ ᠳᠤ ᠳᠥᠭᠦᠮ ᠪᠤᠯᠭᠠᠨ᠎ᠠ᠃ | | ᠳᠣᠯᠣᠳᠤᠭᠠᠷ ᠪᠦᠯᠦᠭ ᠠᠵᠢᠯ ᠤᠨ ᠨᠠᠶᠢᠳᠠᠪᠤᠷᠢᠵᠢᠭᠤᠯᠤᠯᠲᠠ | ᠳᠥᠴᠢᠳᠦᠭᠡᠷ ᠵᠦᠢᠯ ᠲᠤᠭᠤᠷᠢᠭ ᠤᠨ ᠵᠠᠰᠠᠭ ᠤᠨ ᠣᠷᠳᠣᠨ ᠲᠥᠪ᠂ ᠥᠪᠡᠷᠲᠡᠭᠡᠨ ᠵᠠᠰᠠᠬᠤ ᠣᠷᠣᠨ | ᠪᠣᠯᠤᠨ ᠪᠤᠭᠤᠲᠤ ᠬᠤᠲᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠵᠢᠴᠢ ᠴᠢᠬᠤᠯᠠ ᠠᠵᠢᠯ ᠤᠨ | ᠪᠠᠶᠢᠷᠢᠯᠠᠭᠤᠯᠤᠯᠲᠠ ᠳᠤ ᠱᠠᠯᠠᠪᠳᠠᠭᠤᠯᠤᠨ ᠪᠠᠶᠢᠴᠠᠭᠠᠬᠤ ᠲᠦᠷᠢᠮ ᠢ ᠬᠡᠷᠡᠭᠵᠢᠭᠦᠯᠦᠨ᠎ᠡ᠃ ᠡᠯ᠎ᠡ ᠰᠠᠯᠠᠭ᠎ᠠ ᠮᠥᠴᠢᠷ᠂ ᠡᠯ᠎ᠡ | ᠨᠢᠭᠡᠴᠡ ᠲᠤᠭᠤᠷᠢᠭ ᠤᠨ ᠵᠠᠰᠠᠭ ᠤᠨ ᠣᠷᠳᠣᠨ ᠤ ᠪᠠᠶᠢᠷᠢᠯᠠᠭᠤᠯᠤᠭᠰᠠᠨ ᠠᠵᠢᠯ ᠢ ᠨᠠᠶᠢᠳᠠᠪᠤᠷᠢᠵᠢᠭᠤᠯᠬᠤ | ᠬᠠᠷᠢᠭᠤᠴᠠᠯᠭ᠎ᠠ ᠲᠠᠢ᠃ ᠠᠵᠢᠯᠯᠠᠭᠠᠨ ᠨᠢ ᠵᠣᠬᠢᠴᠠᠩᠭᠤᠢ᠂ ᠬᠠᠷᠢᠭᠤᠴᠠᠯᠭ᠎ᠠ ᠨᠢ ᠲᠣᠳᠣᠷᠬᠠᠢ᠂ ᠬᠠᠷᠢᠭᠤ ᠲᠤᠰᠬᠠᠬᠤ ᠴᠠᠭ | ᠲᠤᠬᠠᠢ ᠳᠤᠨᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠣᠭᠲᠠᠴᠠ ᠶᠢ ᠴᠢᠨᠠᠭᠰᠢᠳᠠ ᠪᠦᠷᠢᠨᠰᠢᠬᠦᠯᠦᠨ | ᠲᠡᠭᠦᠯᠳᠡᠷᠵᠢᠭᠦᠯᠵᠦ᠂ ᠪᠠᠶᠢᠩᠭᠤᠵᠢᠭᠰᠠᠨ ᠱᠠᠯᠠᠪᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ | ᠪᠣᠯᠤᠨ ᠵᠥᠪ ᠴᠢᠭᠯᠡᠯ ᠢᠶᠠᠷ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠤᠭᠤᠷᠢᠭ ᠤᠨ | ᠵᠠᠰᠠᠭ ᠤᠨ ᠣᠷᠳᠣᠨ ᠤ ᠠᠵᠢᠯ ᠤᠨ ᠥᠨᠳᠥᠷ ᠪᠦᠲᠦᠮᠵᠢᠲᠡᠢ ᠥᠷᠨᠢᠬᠦ ᠶᠢ ᠪᠠᠲᠤᠯᠠᠵᠤ᠂ ᠡᠯ᠎ᠡ ᠵᠦᠢᠯ ᠤᠨ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠲᠦᠮᠵᠢᠲᠡᠢ ᠲᠤᠤᠱᠯᠠᠭᠤᠯᠤᠨ ᠨᠠᠶᠢᠲᠠᠪᠦᠷᠢᠵᠢᠭᠤᠯᠤᠨ᠎ᠠ᠃ | ᠳᠥᠴᠢᠨ ᠨᠢᠭᠡᠳᠦᠭᠡᠷ ᠵᠦᠢᠯ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠭᠤᠤᠯᠳᠠᠯᠭ᠎ᠠ ᠪᠣᠯ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠠ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ | ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠠᠵᠢᠯ ᠤᠨ ᠪᠠᠶᠢᠷᠢᠯᠠᠭᠤᠯᠤᠯᠲᠠ | ᠵᠢᠴᠢ ᠲᠣᠭᠤᠷᠢᠭ ᠤᠨ ᠵᠠᠰᠠᠭ ᠤᠨ ᠣᠷᠳᠣᠨ ᠤ ᠵᠥᠪᠯᠡᠨ ᠲᠣᠭᠲᠠᠭᠠᠭᠰᠠᠨ ᠴᠢᠬᠤᠯᠠ ᠶᠡᠭᠡ ᠵᠦᠢᠯᠡᠰ ᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠤᠳᠤᠷᠢᠳᠤᠯᠭ᠎ᠠ ᠶᠢᠨ ᠴᠣᠬᠤᠯᠠᠪᠤᠷᠢ ᠶᠢ ᠲᠤᠰᠢᠶᠠᠨ ᠭᠦᠢᠴᠡᠳᠭᠡᠭᠰᠡᠨ ᠵᠦᠢᠯᠡᠰ ᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ | ᠪᠠᠶᠢᠳᠠᠯ︔ ᠣᠯᠠᠨ ᠲᠦᠮᠡᠨ ᠨᠡᠶᠢᠳᠡᠮ ᠰᠡᠳᠬᠢᠯ ᠲᠠᠯᠪᠢᠵᠤ᠂ ᠨᠡᠶᠢᠭᠡᠮ ᠨᠡᠶᠢᠲᠡ ᠪᠠᠷ ᠢᠶᠠᠨ ᠠᠩᠬᠠᠷᠴᠤ ᠪᠠᠶᠢᠭ᠎ᠠ | ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠵᠡᠷᠭᠡ ᠪᠣᠯᠤᠨ᠎ᠠ᠃ ᠲᠤᠭᠤᠷᠢᠭ ᠤᠨ | ᠵᠠᠰᠠᠭ ᠤᠨ ᠣᠷᠳᠣᠨ ᠤ ᠨᠡᠷ᠎ᠡ ᠪᠠᠷ ᠥᠷᠨᠢᠭᠦᠯᠦᠭᠰᠡᠨᠱᠠᠯᠠᠪᠳᠠᠭᠤᠯᠤᠨ ᠪᠠᠶᠢᠴᠠᠭᠠᠬᠤ ᠠᠵᠢᠯ ᠢ ᠲᠤᠭᠤᠷᠢᠭ ᠤᠨ | ᠵᠠᠰᠠᠭ ᠤᠨ ᠣᠷᠳᠣᠨ ᠤ ᠠᠯᠪᠠᠨ ᠬᠡᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠳᠥᠴᠢᠨ ᠬᠤᠶᠠᠳᠤᠭᠠᠷ ᠵᠦᠢᠯ ᠱᠠᠯᠠᠪᠳᠠᠭᠤᠯᠤᠨ ᠪᠠᠶᠢᠴᠠᠭᠠᠬᠤ ᠠᠵᠢᠯ ᠳᠤ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠵᠤ᠂ ᠬᠠᠷᠢᠭᠤᠴᠠᠯᠭ᠎ᠠ ᠶᠢᠨ ᠳᠦᠷᠢᠮ᠂ ᠬᠢᠨᠠᠨ ᠰᠢᠯᠭᠠᠬᠤ ᠳᠦᠷᠢᠮ ᠪᠠ ᠨᠡᠪᠲᠡᠷᠡᠭᠦᠯᠬᠦ ᠳᠦᠷᠢᠮ ᠢ | ᠬᠡᠷᠡᠭᠵᠢᠭᠦᠯᠦᠨ᠎ᠡ᠃ ᠮᠥᠷᠳᠡᠨ ᠱᠠᠯᠠᠪᠳᠠᠭᠤᠯᠤᠨ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ | ᠪᠠᠶᠢᠴᠠᠭᠠᠬᠤ᠂ ᠳᠠᠯᠳᠠᠭᠤᠷ ᠰᠤᠷᠪᠤᠯᠵᠢᠯᠠᠵᠤ ᠱᠠᠯᠠᠪᠳᠠᠭᠤᠯᠤᠨ ᠪᠠᠶᠢᠴᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ | ᠠᠪᠴᠤ᠂ ᠪᠠᠶᠢᠳᠠᠯ ᠢ ᠪᠥᠬᠦ ᠲᠠᠯ᠎ᠠ ᠪᠠᠷ ᠭᠦᠨᠵᠡᠭᠡᠶ ᠪᠥᠭᠡᠳ ᠣᠨᠣᠪᠴᠢᠲᠠᠶ ᠣᠶᠢᠯᠠᠭᠠᠵᠤ᠂ ᠰᠠᠨᠠᠯ ᠰᠠᠨᠠᠭᠤᠯᠭ᠎ᠠ | ᠳᠤᠷᠠᠳᠴᠤ᠂ ᠴᠠᠭ ᠲᠤᠬᠠᠶ ᠳᠤᠨᠢ ᠣᠨᠣᠪᠴᠢᠲᠠᠶ ᠬᠠᠷᠢᠭᠤ ᠳᠤᠰᠬᠠᠨ᠎ᠠ᠃ | | ᠨᠠᠢᠮᠠᠳᠤᠭᠠᠷ ᠪᠦᠯᠦᠭ ᠠᠵᠢᠯ ᠤᠨ ᠰᠠᠬᠢᠯᠭ᠎ᠠ ᠪᠠᠲᠤ ᠪᠠ ᠲᠤᠰ ᠪᠡᠶ᠎ᠡ ᠶᠢᠨ ᠪᠠᠶᠢᠭᠤᠯᠤᠯᠲᠠ | ᠳᠥᠴᠢᠨ ᠭᠤᠷᠪᠠᠳᠤᠭᠠᠷ ᠵᠦᠢᠯ ᠲᠤᠭᠤᠷᠢᠭ ᠤᠨ ᠵᠠᠰᠠᠭ ᠤᠨ ᠣᠷᠳᠣᠨ ᠤ ᠪᠦᠷᠢᠯᠳᠦᠬᠦᠨ ᠨᠡᠷ ᠨᠠᠮ ᠤᠨ | ᠰᠠᠬᠢᠯᠭ᠎ᠠ ᠪᠠᠲᠤ ᠨᠠᠮ ᠤᠨ ᠲᠣᠭᠲᠠᠭᠠᠯ ᠢ ᠴᠢᠩᠭ᠎ᠠ ᠵᠢᠷᠤᠮᠯᠠᠵᠤ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ | ᠤᠬᠠᠮᠰᠠᠷ᠂ ᠭᠤᠣᠯᠯᠠᠬᠤ ᠤᠬᠠᠮᠰᠠᠷ᠂ ᠨᠢᠭᠡᠳᠦᠯᠲᠡᠢ ᠪᠠᠶᠢᠬᠤ ᠤᠬᠠᠮᠰᠠᠷ ᠢ ᠪᠠᠲᠤ ᠪᠤᠢ ᠪᠣᠯᠭᠠᠵᠤ᠂ ᠦᠵᠡᠯ ᠰᠠᠨᠠᠭ᠎ᠠ | ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠤᠨ ᠲᠥᠪ ᠬᠤᠷᠢᠶᠠᠨ ᠤ ᠡᠷᠬᠡ | ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠬᠠᠮᠠᠭᠠᠯᠠᠨ᠎ᠠ᠃ | ᠳᠥᠴᠢᠨ ᠳᠥᠷᠪᠡᠳᠦᠭᠡᠷ ᠵᠦᠢᠯ ᠲᠤᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ | ᠮᠥᠴᠢᠷ ᠤᠳ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠂ | ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠨ᠂ ᠠᠷᠠᠳ ᠣᠯᠠᠨ ᠤ | ᠦᠢᠯᠡᠳᠪᠦᠷᠢᠯᠡᠯ ᠠᠮᠢᠳᠤᠷᠠᠯ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ᠂ ᠰᠢᠢᠳᠪᠦᠷᠢᠯᠡᠬᠦ | ᠴᠢᠬᠤᠯᠠᠲᠠᠶ ᠪᠣᠳᠠᠲᠠᠶ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠪᠥᠬᠦ ᠲᠠᠯ᠎ᠠ ᠳᠤ ᠬᠤᠯᠪᠣᠭᠳᠠᠬᠤ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠪᠠᠶᠢᠴᠠᠭᠠᠨ ᠰᠤᠳᠤᠯᠤᠯᠲᠠ ᠬᠢᠬᠦ᠂ ᠪᠤᠳᠤᠯᠢᠶᠠᠨᠲᠠᠶ ᠬᠦᠴᠢᠷ ᠠᠰᠠᠭᠤᠳᠠᠯ ᠢ ᠰᠢᠢᠳᠪᠦᠷᠢᠯᠡᠬᠦ | ᠠᠷᠭ᠎ᠠ ᠪᠣᠳᠣᠯᠭ᠎ᠠ ᠶᠢᠨ ᠴᠢᠨᠠᠷᠲᠠᠶ ᠪᠠᠶᠢᠴᠠᠭᠠᠨ ᠰᠤᠳᠤᠯᠤᠯᠲᠠ ᠬᠢᠬᠦ᠂ ᠰᠢᠨ᠎ᠡ ᠴᠠᠭ ᠦᠶ᠎ᠡ ᠰᠢᠨ᠎ᠡ ᠪᠠᠶᠢᠳᠠᠯ ᠤᠨ | ᠪᠠᠷᠠᠭᠠᠯᠬᠢᠯᠠᠯᠳᠤ ᠴᠢᠨᠠᠷᠲᠠᠶ ᠪᠠᠶᠢᠴᠠᠭᠠᠨ ᠰᠤᠳᠤᠯᠤᠯᠲᠠ ᠬᠢᠬᠦ᠂ ᠴᠢᠬᠤᠯᠠ ᠶᠡᠭᠡ ᠠᠵᠢᠯ ᠤᠨ ᠲᠥᠷᠥᠯ ᠵᠦᠢᠯ ᠢ | ᠮᠥᠷᠳᠡᠨ ᠪᠠᠶᠢᠴᠠᠭᠠᠬᠤ ᠬᠡᠯᠪᠡᠷᠢ ᠶᠢᠨ ᠪᠠᠶᠢᠴᠠᠭᠠᠨ ᠰᠤᠳᠤᠯᠤᠯᠲᠠ ᠬᠢᠬᠦ᠂ ᠨᠠᠶᠢᠳᠠᠪᠤᠷᠢᠵᠢᠭᠤᠯᠬᠤ ᠶᠢ ᠠᠬᠢᠭᠤᠯᠬᠤ | ᠰᠢᠮᠳᠠᠭᠤᠯᠤᠨ ᠪᠠᠶᠢᠴᠠᠭᠠᠬᠤ ᠮᠠᠶ᠋ᠢᠭ ᠤᠨ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠵᠦ᠂ ᠪᠠᠶᠢᠳᠠᠯ ᠢ ᠲᠣᠳᠣᠷᠬᠠᠶ | ᠤᠶᠢᠯᠠᠭᠠᠨ᠂ ᠠᠰᠠᠭᠤᠳᠠᠯ ᠢ ᠣᠨᠣᠪᠴᠢᠲᠠᠶ ᠡᠷᠢᠵᠦ᠂ ᠠᠷᠭᠠᠴᠠᠬᠤ ᠪᠣᠳᠣᠯᠭ᠎ᠠ ᠶᠢ ᠪᠣᠳᠠᠲᠠᠶ ᠳᠡᠭᠡᠭᠰᠢᠯᠡᠭᠦᠯᠦᠨ᠎ᠡ᠃ | ᠳᠥᠴᠢᠨ ᠲᠠᠪᠤᠳᠤᠭᠠᠷ ᠵᠣᠷᠪᠤᠰ ᠲᠤᠭᠤᠷᠢᠭ ᠤᠨ ᠵᠠᠰᠠᠭ ᠤᠨ ᠣᠷᠳᠣᠨ ᠤ ᠪᠦᠷᠢᠯᠳᠦᠬᠦᠨ ᠨᠡᠷ ᠨᠠᠮ | ᠪᠣᠯᠤᠨ ᠤᠯᠤᠰ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠡᠷᠡᠰ ᠲᠤᠤᠱᠯᠠᠭᠤᠯᠤᠨ ᠬᠡᠷᠡᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ᠵᠠᠷᠯᠢᠭ ᠪᠠᠶᠢᠪᠠᠯ ᠵᠠᠪᠠᠯ ᠬᠡᠷᠡᠭᠵᠢᠭᠦᠯᠵᠦ᠂ ᠴᠠᠭᠠᠵᠠᠯᠠᠵᠤ | ᠪᠠᠶᠢᠪᠠᠯ ᠵᠠᠪᠠᠯ ᠵᠤᠭᠰᠤᠭᠠᠨ᠎ᠠ᠃ | ᠲᠤᠭᠤᠷᠢᠭ ᠤᠨ ᠵᠠᠰᠠᠭ ᠤᠨ ᠣᠷᠳᠣᠨ ᠵᠢᠯ ᠪᠦᠷᠢ ᠬᠤᠲᠠ ᠶᠢᠨ ᠵᠠᠰᠠᠭ ᠤᠨ ᠣᠷᠳᠣᠨ᠂ ᠲᠤᠭᠤᠷᠢᠭ ᠤᠨ | ᠨᠠᠮ ᠤᠨ ᠬᠤᠷᠢᠶ᠎ᠠ ᠳᠤ ᠨᠢᠭᠡ ᠤᠳᠠᠭ᠎ᠠ ᠪᠦᠬᠦ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠬᠢᠨ᠎ᠡ᠃ ᠬᠦᠨᠳᠦ | ᠶᠡᠭᠡ ᠭᠡᠨᠡᠳᠲᠡ ᠶᠢᠨ ᠬᠡᠷᠡᠭ᠂ ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ ᠴᠠᠭ ᠲᠤᠬᠠᠶ ᠳᠤᠨᠢ ᠲᠤᠭᠤᠷᠢᠭ ᠤᠨ | ᠨᠠᠮ ᠤᠨ ᠬᠤᠷᠢᠶᠠᠨ ᠳᠤ ᠵᠢᠭᠠᠪᠤᠷᠢ ᠠᠪᠴᠤ ᠮᠡᠳᠡᠭᠦᠯᠦᠨ᠎ᠡ᠃ | ᠳᠥᠴᠢᠨ ᠵᠢᠷᠭᠤᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ | ᠡᠯ᠎ᠡ ᠨᠢᠭᠡᠴᠡ ᠨᠦᠭᠦᠳ ᠠᠵᠢᠯ ᠤᠨ ᠳᠤᠮᠳᠠᠬᠢ ᠴᠢᠬᠤᠯᠠ ᠵᠦᠢᠯᠡᠰ ᠢ ᠲᠣᠭᠲᠠᠭᠠᠬᠤ ᠳᠤ᠂ ᠤᠷᠢᠳᠠᠪᠠᠷ ᠬᠤᠪᠢᠳᠠᠨ | ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ᠂ ᠴᠢᠬᠤᠯᠠ ᠶᠡᠭᠡ ᠵᠦᠢᠯᠡᠰ ᠢ ᠲᠣᠭᠤᠷᠢᠭ ᠤᠨ ᠳᠠᠷᠤᠭ᠎ᠠ ᠳᠤ | ᠮᠡᠳᠡᠭᠦᠯᠦᠨ᠎ᠡ᠃ | ᠳᠥᠴᠢᠨ ᠳᠣᠯᠣᠳᠤᠭᠠᠷ ᠵᠦᠢᠯ ᠲᠤᠭᠤᠷᠢᠭ ᠤᠨ ᠵᠠᠰᠠᠭ ᠤᠨ ᠣᠷᠳᠣᠨ ᠤ ᠪᠦᠷᠢᠯᠳᠦᠬᠦᠨ ᠨᠠᠷ ᠨᠠᠮ ᠤᠨ | ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠵᠢᠴᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠡᠷᠡᠰ ᠬᠡᠷᠡᠭᠵᠢᠭᠦᠯᠬᠦ ᠬᠡᠷᠡᠭᠲᠡᠶ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠲᠣᠭᠲᠠᠭᠠᠯ ᠯᠤᠭ᠎ᠠ ᠬᠠᠷᠢᠯᠴᠠᠨ ᠬᠠᠷᠰᠢᠯᠳᠤᠭᠰᠠᠨ ᠶᠠᠷᠢᠶ᠎ᠠ ᠬᠡᠯᠡᠯᠴᠡᠭᠡ ᠪᠠ ᠦᠢᠯᠡ ᠠᠵᠢᠯᠯᠠᠭ᠎ᠠ ᠪᠠᠶᠢᠵᠤ | ᠪᠣᠯᠬᠤ ᠦᠭᠡᠶ᠃ ᠡᠷᠬᠡᠪᠰᠢ ᠲᠤᠭᠤᠷᠢᠭ ᠤᠨ ᠵᠠᠰᠠᠭ ᠤᠨ ᠣᠷᠳᠣᠨ ᠤ ᠲᠣᠭᠲᠠᠭᠠᠯ ᠢ ᠡᠷᠡᠰ ᠬᠡᠷᠡᠭᠵᠢᠭᠦᠯᠵᠦ᠂ ᠬᠡᠷᠪᠡ | ᠠᠳᠠᠯᠢ ᠪᠤᠰᠤ ᠰᠠᠨᠠᠯ ᠲᠠᠢ ᠪᠣᠯ ᠲᠤᠭᠤᠷᠢᠭ ᠤᠨ ᠵᠠᠰᠠᠭ ᠤᠨ ᠣᠷᠳᠣᠨ ᠤ ᠳᠣᠲᠣᠭᠠᠳᠤ ᠳᠤ ᠳᠤᠷᠠᠳᠤᠨ ᠭᠠᠷᠭᠠᠵᠤ᠂ | ᠳᠠᠬᠢᠵᠤ ᠲᠣᠭᠲᠠᠭᠠᠯ ᠭᠠᠷᠭᠠᠬᠤ ᠠᠴᠠ ᠡᠮᠦᠨ᠎ᠡ ᠶᠠᠮᠠᠷᠪᠠ ᠲᠤᠭᠤᠷᠢᠭ ᠤᠨ ᠵᠠᠰᠠᠭ ᠤᠨ ᠣᠷᠳᠣᠨ ᠤ ᠲᠣᠭᠲᠠᠭᠠᠯ ᠲᠠᠢ | ᠬᠠᠷᠰᠢᠯᠳᠤᠭᠰᠠᠨ ᠶᠠᠷᠢᠶ᠎ᠠ ᠪᠠ ᠦᠢᠯᠡ ᠠᠵᠢᠯᠯᠠᠭ᠎ᠠ ᠪᠠᠶᠢᠵᠤ ᠪᠣᠯᠬᠤ ᠥᠬᠡᠶ︔ ᠲᠤᠭᠤᠷᠢᠭ ᠤᠨ ᠵᠠᠰᠠᠭ ᠤᠨ ᠣᠷᠳᠣᠨ ᠢ | ᠲᠥᠯᠥᠭᠡᠯᠡᠨ ᠶᠠᠷᠢᠶ᠎ᠠ ᠪᠤᠶᠤ ᠵᠣᠬᠢᠶᠠᠯ ᠨᠡᠶᠢᠲᠡᠯᠡᠵᠦ᠂ ᠬᠤᠪᠢ ᠬᠥᠮᠦᠨ ᠲᠤᠭᠤᠷᠢᠭ ᠤᠨ ᠵᠠᠰᠠᠭ ᠤᠨ ᠣᠷᠳᠣᠨ ᠢᠶᠠᠷ | ᠰᠤᠳᠤᠯᠤᠨ ᠲᠣᠭᠲᠠᠭᠠᠯᠭᠠᠭᠰᠠᠨ ᠦᠭᠡᠢ ᠴᠢᠬᠤᠯᠠ ᠶᠡᠭᠡ ᠠᠰᠠᠭᠤᠳᠠᠯ ᠵᠢᠴᠢ ᠵᠦᠢᠯᠡᠰ ᠲᠤ ᠬᠤᠯᠪᠣᠭᠳᠠᠭᠰᠠᠨ ᠶᠠᠷᠢᠶ᠎ᠠ | ᠪᠤᠶᠤ ᠵᠣᠬᠢᠶᠠᠯ ᠨᠡᠶᠢᠲᠡᠯᠡᠬᠦ ᠳᠤ᠂ ᠤᠷᠢᠳ ᠢᠶᠠᠷ ᠡᠷᠬᠡᠪᠰᠢ ᠲᠤᠭᠤᠷᠢᠭ ᠤᠨ ᠵᠠᠰᠠᠭ ᠤᠨ ᠣᠷᠳᠣᠨ ᠢᠶᠠᠷ | ᠵᠦᠪᠰᠢᠶᠡᠷᠡᠭᠦᠯᠦᠨ᠎ᠡ᠃ | ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠰᠢᠨᠵᠢᠯᠡᠨ ᠪᠠᠶᠢᠴᠠᠭᠠᠵᠤ ᠪᠠᠶᠢᠴᠠᠭᠠᠨ | ᠰᠤᠳᠤᠯᠤᠯᠲᠠ ᠬᠢᠵᠦ᠂ ᠬᠤᠷᠠᠯ ᠳᠤ ᠣᠷᠣᠯᠴᠠᠬᠤ ᠠᠵᠢᠯᠯᠠᠭ᠎ᠠ ᠨᠢ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ | ᠴᠢᠩᠭ᠎ᠠ ᠬᠡᠷᠡᠭᠵᠢᠭᠦᠯᠵᠦ᠂ ᠠᠷᠪᠢᠯᠠᠨ ᠭᠠᠮᠨᠠᠬᠤ ᠶᠢ ᠡᠷᠬᠢᠮᠯᠡᠵᠦ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ | ᠠᠵᠢᠯ ᠲᠦᠷᠦᠯ ᠢᠶᠠᠷ ᠢᠶᠠᠨ ᠪᠠᠷ᠎ᠠ ᠪᠣᠯᠵᠤ᠂ ᠳᠠᠭᠠᠵᠤ ᠶᠠᠪᠤᠭ᠎ᠠ ᠠᠵᠢᠯᠲᠠᠳ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠵᠤ᠂ ᠬᠦᠯᠢᠶᠡᠨ ᠠᠪᠬᠤ ᠠᠵᠢᠯ ᠢ ᠳᠥᠭᠦᠮᠴᠢᠯᠡᠵᠦ᠂ ᠰᠣᠨᠢᠨ ᠮᠡᠳᠡᠭᠡᠨ ᠤ ᠮᠡᠳᠡᠭᠡᠯᠡᠯ ᠢ ᠵᠢᠷᠤᠮᠵᠢᠭᠤᠯᠤᠨ᠎ᠠ᠃ | ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠵᠣᠬᠢᠶᠠᠯ ᠪᠦᠲᠦᠭᠡᠯ᠂ ᠶᠠᠷᠢᠶᠠᠨ ᠤ ᠲᠤᠰᠬᠠᠢ | ᠳᠡᠪᠲᠡᠷ ᠢ ᠢᠯᠡ ᠪᠠᠷ ᠬᠡᠪᠯᠡᠭᠦᠯᠬᠦ ᠦᠭᠡᠢ᠂ ᠪᠠᠶᠠᠷ ᠤᠨ ᠵᠠᠬᠢᠳᠠᠯ ᠶᠠᠪᠤᠭᠤᠯᠬᠤ ᠦᠭᠡᠢ᠂ ᠪᠠᠶᠠᠷ ᠤᠨ ᠴᠠᠬᠢᠯᠭᠠᠨ | ᠶᠠᠪᠤᠭᠤᠯᠬᠤ ᠦᠭᠡᠢ᠂ ᠪᠢᠴᠢᠭᠡᠰᠦ᠂ ᠣᠷᠣᠰᠢᠯ ᠪᠢᠴᠢᠬᠦ ᠦᠭᠡᠢ᠃ ᠣᠨᠴᠠᠭᠠᠢ ᠪᠠᠶᠢᠳᠠᠯ ᠢ ᠡᠷᠬᠡᠪᠰᠢ ᠬᠤᠯᠪᠣᠭᠳᠠᠯ ᠪᠦᠬᠦᠢ | ᠲᠣᠭᠲᠠᠭᠠᠯ ᠢ ᠴᠢᠩᠭ᠎ᠠ ᠵᠢᠷᠤᠮᠯᠠᠨ ᠮᠡᠳᠡᠭᠦᠯᠦᠨ ᠵᠦᠪᠰᠢᠶᠡᠷᠡᠭᠦᠯᠦᠨ᠎ᠡ᠃ ᠲᠤᠭᠤᠷᠢᠭ ᠤᠨ ᠵᠠᠰᠠᠭ ᠤᠨ ᠣᠷᠳᠣᠨ ᠤ | ᠪᠦᠷᠢᠯᠳᠦᠬᠦᠨ ᠨᠡᠷ ᠲᠤᠭᠤᠷᠢᠭ ᠤᠨ ᠵᠠᠰᠠᠭ ᠤᠨ ᠣᠷᠳᠣᠨ ᠤ ᠡᠮᠦᠨ᠎ᠡ ᠠᠴᠠ ᠶᠠᠷᠢᠶ᠎ᠠ ᠲᠠᠯᠪᠢᠵᠤ᠂ ᠬᠤᠪᠢ ᠬᠥᠮᠦᠨ | ᠨᠣᠮ ᠤᠨ ᠨᠡᠷᠡᠲᠦ ᠵᠣᠬᠢᠶᠠᠯ ᠨᠡᠶᠢᠲᠡᠯᠡᠬᠦ ᠳᠤ ᠡᠷᠬᠡᠪᠰᠢ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ | ᠬᠡᠷᠡᠭᠵᠢᠭᠦᠯᠦᠨ᠎ᠡ᠃ | ᠴᠢᠯᠥᠭᠡ ᠭᠤᠶᠤᠬᠤ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠲᠣᠭᠤᠷᠢᠭ ᠤᠨ ᠳᠡᠳ᠋ ᠳᠠᠷᠤᠭ᠎ᠠ ᠭᠠᠳᠠᠭᠰᠢ | ᠭᠠᠷᠬᠤ ᠳᠠᠭᠠᠨ ᠤᠷᠢᠳ ᠢᠶᠠᠷ ᠲᠣᠭᠤᠷᠢᠭ ᠤᠨ ᠳᠠᠷᠤᠭ᠎ᠠ ᠠᠴᠠ ᠴᠢᠯᠥᠭᠡ ᠭᠤᠶᠤᠬᠤ ᠪᠥᠭᠡᠳ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠮᠡᠳᠡᠭᠦᠯᠦᠨ ᠳᠠᠩᠰᠠᠯᠠᠭᠤᠯᠤᠨ᠎ᠠ᠃ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ | ᠭᠠᠳᠠᠭᠰᠢ ᠭᠠᠷᠬᠤ ᠳᠠᠭᠠᠨ ᠤᠷᠢᠳᠠᠪᠠᠷ ᠴᠢᠯᠥᠭᠡ ᠭᠤᠶᠤᠵᠤ᠂ ᠡᠯ᠎ᠡ ᠰᠠᠯᠠᠭ᠎ᠠ ᠮᠥᠴᠢᠷ ᠠᠴᠠ ᠲᠣᠭᠤᠷᠢᠭ ᠤᠨ | ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠵᠦ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠴᠠ | ᠲᠣᠭᠤᠷᠢᠭ ᠤᠨ ᠳᠠᠷᠤᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ ᠳᠤ ᠮᠡᠳᠡᠭᠦᠯᠦᠨ᠎ᠡ᠃ | ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠰᠠᠯᠠᠭ᠎ᠠ ᠮᠥᠴᠢᠷ 24 ᠴᠠᠭ ᠢᠶᠠᠷ ᠵᠢᠵᠢᠭᠦᠷᠯᠡᠬᠦ | ᠲᠦᠷᠢᠮ ᠢ ᠪᠠᠷᠢᠮᠲᠠᠯᠠᠵᠤ᠂ ᠵᠢᠵᠢᠭᠦᠷᠯᠡᠬᠦ ᠪᠠᠶᠢᠭᠤᠯᠤᠮᠵᠢ ᠨᠢ ᠭᠤᠤᠯ ᠬᠠᠷᠢᠭᠤᠴᠠᠯᠭᠠᠲᠠᠨ ᠤ ᠪᠠᠶᠢᠭ᠎ᠠ ᠭᠠᠵᠠᠷ ᠢ ᠴᠠᠭ | ᠲᠤᠬᠠᠶ ᠳᠤᠨᠢ ᠡᠵᠡᠮᠰᠢᠵᠦ᠂ ᠳᠡᠭᠡᠳᠦ ᠳᠣᠤᠷᠠᠳᠤ ᠱᠠᠲᠤᠨ ᠤ ᠬᠠᠷᠢᠯᠴᠠᠭ᠎ᠠ ᠶᠢᠨ ᠰᠠᠭᠠᠳ ᠥᠬᠡᠶ ᠨᠡᠪᠲᠡᠷᠡᠬᠦ ᠶᠢ ᠦᠨᠡᠨᠬᠦ | ᠪᠠᠲᠤᠯᠠᠨ᠎ᠠ᠃ | ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠠᠵᠢᠯᠴᠢ ᠠᠷᠪᠢᠴᠢ ᠪᠠᠷ | ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠠᠯᠪᠠᠨ ᠭᠡᠷ᠂ ᠣᠷᠣᠨ ᠰᠠᠭᠤᠴᠠ᠂ ᠲᠡᠷᠭᠡ ᠬᠡᠷᠡᠭᠯᠡᠬᠦ ᠵᠡᠷᠭᠡ | ᠲᠠᠯ᠎ᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠣᠨᠴᠠ ᠡᠷᠬᠡ ᠶᠢ ᠡᠷᠡᠰ ᠡᠰᠡᠷᠭᠦᠴᠡᠵᠦ᠂ ᠣᠨᠴᠠ ᠡᠷᠬᠡ ᠶᠢ | ᠬᠡᠷᠡᠭᠵᠢᠭᠦᠯᠵᠦ ᠪᠣᠯᠬᠤ ᠦᠭᠡᠢ᠃ ᠠᠯᠪᠠᠨ ᠶᠠᠪᠤᠳᠠᠯ ᠢᠶᠠᠷ ᠭᠠᠷᠬᠤ ᠪᠦᠯᠬᠦᠮ ᠤᠨ ᠲᠤᠭ᠎ᠠ ᠬᠡᠮᠵᠢᠶ᠎ᠡ ᠪᠣᠯᠤᠨ | ᠬᠡᠪᠴᠢᠶ᠎ᠡ ᠶᠢ ᠴᠢᠩᠭ᠎ᠠ ᠬᠢᠵᠠᠭᠠᠷᠯᠠᠨ᠎ᠠ᠃ | ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠪᠠ ᠭᠠᠳᠠᠭᠠᠳᠤ ᠶᠠᠪᠤᠳᠠᠯ ᠤᠨ ᠰᠠᠬᠢᠯᠭ᠎ᠠ ᠪᠠᠲᠤ ᠶᠢ ᠴᠢᠩᠭ᠎ᠠ | ᠵᠢᠷᠤᠮᠯᠠᠵᠤ᠂ ᠤᠯᠤᠰ ᠤᠨ ᠨᠢᠭᠤᠴᠠ᠂ ᠠᠵᠢᠯ ᠤᠨ ᠨᠢᠭᠤᠴᠠ ᠪᠤᠶᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠴᠠ | ᠪᠤᠯᠵᠤ ᠡᠵᠡᠮᠰᠢᠭᠰᠡᠨ ᠬᠤᠳᠠᠯᠳᠤᠭᠠᠨ ᠤ ᠨᠢᠭᠤᠴᠠ ᠵᠡᠷᠭᠡ ᠶᠢ ᠵᠠᠳᠠᠷᠠᠭᠤᠯᠬᠤ ᠶᠢ ᠴᠢᠩᠭ᠎ᠠ ᠴᠠᠭᠠᠵᠠᠯᠠᠵᠤ᠂ ᠤᠯᠤᠰ ᠤᠨ | ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠶᠢ ᠡᠷᠡᠰ ᠬᠠᠮᠠᠭᠠᠯᠠᠨ᠎ᠠ᠃ | ᠳᠥᠴᠢᠨ ᠨᠠᠢᠮᠠᠳᠤᠭᠠᠷ ᠵᠣᠷᠪᠤᠰ ᠲᠣᠭᠤᠷᠢᠭ ᠤᠨ ᠵᠠᠰᠠᠭ ᠤᠨ ᠣᠷᠳᠤᠨ ᠤ ᠠᠵᠢᠯᠲᠠᠳ ᠨᠠᠮ | ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ︽ᠭᠤᠷᠪᠠᠨ ᠡᠷᠬᠡᠪᠰᠢ︾ ᠶᠢ ᠪᠠᠲᠤ | ᠴᠡᠭᠡᠵᠢᠯᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠵᠠᠳᠠᠯᠤᠭᠰᠠᠨ ᠰᠡᠳᠬᠢᠬᠦᠢ︾ ᠶᠢ | ᠪᠠᠲᠤ ᠪᠤᠢ ᠪᠣᠯᠭᠠᠵᠤ᠂ ᠳᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ | ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠢᠷᠭᠠᠭᠤ | ᠬᠠᠲᠠᠭᠤᠵᠢᠯᠲᠠᠢ ᠠᠵᠢᠯᠯᠠᠵᠤ ᠦᠢᠯᠡᠰ ᠪᠣᠰᠬᠠᠵᠤ᠂ ᠵᠣᠷᠢᠭᠲᠠᠢ ᠪᠠᠷ ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ ᠦᠨᠡᠨᠬᠦ | ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠨ᠎ᠠ᠃ ︽ᠳᠥᠷᠪᠡᠨ ᠰᠤᠷᠲᠠᠯ︾ ᠢ ᠡᠰᠡᠷᠭᠦᠴᠡᠬᠦ᠂ | ᠰᠢᠨ᠎ᠡ ᠰᠤᠷᠲᠠᠯ ᠢ ᠪᠣᠶ ᠪᠣᠯᠭᠠᠬᠤ ᠶᠢ ᠪᠠᠷᠢᠮᠲᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ | ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢ | ᠪᠠᠶᠢᠩᠭᠤᠵᠢᠭᠤᠯᠵᠤ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠠᠬᠢᠭᠤᠯᠤᠨ᠎ᠠ᠃ | ᠲᠤᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠳ ᠤᠷᠮᠠᠰᠢᠭᠤᠯᠬᠤ ᠪᠠ ᠬᠢᠵᠠᠭᠠᠷᠯᠠᠬᠤ | ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠡᠭᠦᠷᠭᠡᠯᠡᠬᠦ ᠳᠤᠨᠢ ᠬᠠᠷᠢᠭᠤᠴᠠᠯᠭ᠎ᠠ | ᠡᠭᠦᠷᠭᠡᠯᠡᠵᠦ᠂ ᠬᠠᠷᠢᠭᠤᠴᠠᠯᠭ᠎ᠠ ᠲᠠᠢ ᠬᠥᠮᠦᠰ ᠲᠤ ᠬᠠᠷᠢᠭᠤᠴᠠᠵᠤ᠂ ᠠᠵᠢᠯ ᠬᠢᠭᠰᠡᠳ ᠲᠤ ᠲᠦᠰᠢᠭ ᠪᠣᠯᠵᠤ᠂ ᠠᠵᠢᠯ | ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠤᠯᠭᠠᠨ᠎ᠠ᠃ | | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠳᠥᠴᠢ ᠶᠢᠰᠦᠳᠦᠭᠡᠷ ᠵᠦᠢᠯ ᠲᠤᠭᠤᠷᠢᠭ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠠᠵᠢᠯ | ᠦᠢᠯᠡᠰ ᠤᠨ ᠨᠢᠭᠡᠴᠢ ᠳᠤ ᠲᠣᠰ ᠳᠦᠷᠢᠮ ᠢ ᠬᠡᠷᠡᠭᠯᠡᠨ᠎ᠡ᠃ | ᠲᠠᠪᠢᠳᠤᠭᠠᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2023 | ᠣᠨ ᠤ 9 ᠰᠠᠷ᠎ᠠ ᠶᠢᠨ 22 ᠤ ᠡᠳᠦᠷ ᠵᠠᠰᠠᠪᠤᠷᠢ ᠣᠷᠣᠭᠤᠯᠵᠤ ᠪᠠᠲᠤᠯᠠᠭᠰᠠᠨ ︽ᠴᠢᠩᠱᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ︾ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | | | | |