ᠴᠢᠩᠱᠠᠨ ᠲᠣᠭᠤᠷᠢᠭ ᠤᠨ ︽ᠭᠤᠷᠪᠠᠨ ᠵᠦᠢᠯ ᠤᠨ ᠠᠷᠭ᠎ᠠ ᠬᠡᠮᠵᠢᠶ᠎ᠡ︾ ᠤᠯᠤᠰ ᠤᠨ ᠥᠮᠴᠢᠯᠡᠯᠲᠦ ᠠᠵᠤ ᠠᠬᠤᠶ ᠶᠢᠨ ᠪᠠᠶᠢᠷᠢᠰᠢᠯ ᠢ ᠰᠢᠯᠢᠳᠡᠭᠵᠢᠭᠦᠯᠵᠦ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠪᠠ
ᠨᠡᠶᠢᠲᠡᠯᠡᠭᠰᠡᠨ ᠴᠠᠭ᠄
2024/7/29
      ᠳᠡᠭᠡᠷ᠎ᠡ ᠭᠤᠷᠪᠠᠨ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠲᠥᠯᠥᠭᠡ᠂ ᠴᠢᠩᠱᠠᠨ ᠲᠣᠭᠤᠷᠢᠭ ︽ᠭᠤᠷᠪᠠᠨ ᠵᠦᠢᠯ ᠤᠨ ᠠᠷᠭ᠎ᠠ ᠬᠡᠮᠵᠢᠶ᠎ᠡ︾᠎ ᠪᠠᠷ ᠤᠯᠤᠰ ᠤᠨ ᠥᠮᠴᠢᠯᠡᠯᠲᠦ ᠠᠵᠤ ᠠᠬᠤᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠪᠠ᠃      ᠨᠢᠭᠡ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ︽ᠳᠡᠯᠡᠬᠡᠶ ᠶᠢᠨ ᠪᠣᠬᠢᠷᠲᠤᠯ ᠥᠬᠡᠶ ᠴᠠᠬᠢᠭᠤᠷ ᠤᠨ ᠬᠤᠲᠠ︾᠎ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠱᠠᠨ ᠴᠧᠩ ᠲᠧᠦ ᠪᠠᠯᠠ ᠣᠷᠣᠭᠤᠯᠤᠯᠲᠠ ᠨᠢ ᠪᠤᠭᠤᠲᠤ ᠶᠢᠨ ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠤᠩ ᠶᠤᠸᠠᠨ ᠰᠢᠨ᠎ᠡ ᠮᠠᠲ᠋ᠧᠷᠢᠶᠠᠯ ︵ᠪᠤᠭᠤᠲᠤ︶᠎ ᠤᠨ ᠬᠢᠵᠠᠭᠠᠷᠲᠤ ᠺᠣᠮᠫᠠᠨᠢ ᠬᠤᠶᠠᠷ ᠬᠡᠷᠡᠯ ᠴᠡᠨᠡᠭ ᠤᠨ ᠲᠡᠷᠢᠭᠦᠨ ᠠᠵᠤ ᠠᠬᠤᠶᠢᠯᠠᠯ ᠤᠨ ᠲᠣᠭᠤᠷᠢᠨ ᠳᠤ᠂ ᠠᠵᠤ ᠦᠢᠯᠡᠳᠪᠦᠷᠢ ᠶᠢᠨ ᠴᠠᠬᠢᠭᠤᠷ ᠤᠨ ᠬᠠᠶᠠᠭᠳᠠᠮᠠᠯ ᠮᠠᠲ᠋ᠧᠷᠢᠶᠠᠯ ᠢ ᠬᠤᠳᠠᠯᠳᠤᠨ ᠠᠪᠬᠤ ᠪᠠ ᠪᠣᠷᠣᠯᠠᠭᠤᠯᠬᠤ ᠬᠠᠮᠲᠤᠷᠠᠯᠴᠠᠭ᠎ᠠ ᠶᠢ ᠥᠷᠨᠢᠭᠦᠯᠵᠦ᠂ ᠣᠬᠤᠷ ᠬᠤᠭᠤᠴᠠᠭᠠᠨ ᠤ ᠳᠣᠲᠣᠷ᠎ᠠ 2000 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠳᠠᠪᠠᠵᠤ᠂ 30 ᠲᠦᠮᠡᠨ ᠲᠥᠭᠦᠷᠢᠭ ᠤᠨ ᠠᠰᠢᠭ ᠣᠯᠵᠠᠪᠤᠷᠢ ᠶᠢ ᠪᠡᠶᠡᠯᠡᠭᠦᠯᠵᠦ᠂ ᠺᠣᠮᠫᠠᠨᠢ ᠶᠢᠨ ᠣᠷᠣᠯᠭ᠎ᠠ ᠶᠢ ᠡᠭᠦᠳᠬᠦ ᠶᠢᠨ ᠬᠠᠮᠲᠤ᠂ ᠰᠠᠶᠢᠨ ᠰᠠᠶᠢᠬᠠᠨ ᠨᠡᠶᠢᠭᠡᠮ ᠤᠨ ᠦᠢᠯᠡᠳᠦᠯ ᠢ ᠪᠣᠶ ᠪᠣᠯᠭᠠᠪᠠ᠃ ᠴᠢᠩ ᠶᠤᠸᠠᠨ ᠬᠥᠷᠥᠩᠭᠡ ᠵᠠᠬ᠎ᠠ ᠳᠡᠯᠭᠡᠭᠦᠷᠴᠢᠯᠡᠭᠰᠡᠨ ᠲᠤᠰᠬᠠᠶ ᠮᠡᠷᠭᠡᠵᠢᠯ ᠤᠨ ᠲᠠᠪᠴᠠᠩ ᠪᠠᠶᠢᠭᠤᠯᠵᠤ᠂ ᠭᠠᠳᠠᠭᠰᠢ ᠣᠷᠳᠣ ᠬᠤᠭᠤᠴᠠᠭᠠᠨ ᠤ ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ ᠶᠢ 1930 ᠲᠦᠮᠡᠨ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠡᠭᠦᠨ ᠳᠤ ᠴᠢᠨᠠᠷ ᠰᠠᠶᠢᠲᠠᠶ ᠲᠠᠷᠢᠶᠠᠨ ᠭᠠᠵᠠᠷ ᠤᠨ ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ ᠶᠢ 1230 ᠲᠦᠮᠡᠨ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠴᠠᠬᠢᠭᠤᠷ ᠤᠨ ᠲᠥᠷᠥᠯ ᠵᠦᠢᠯ ᠤᠨ ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ ᠶᠢ 700 ᠲᠦᠮᠡᠨ ᠲᠥᠭᠦᠷᠢᠭ ᠰᠢᠨ᠎ᠡ ᠪᠠᠷ ᠨᠡᠮᠡᠭᠳᠡᠭᠦᠯᠪᠡ᠃      ᠬᠤᠶᠠᠷ ᠲᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠶᠢᠨ ᠡᠷᠬᠢᠯᠳᠡᠳᠦ ᠰᠠᠭᠠᠳ ᠦᠭᠡᠢ ᠨᠡᠪᠲᠡᠷᠡᠬᠦ ᠳᠤᠮᠳᠠᠬᠢ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠰᠢᠨ ᠭᠥᠩ ᠪᠦᠯᠦᠭᠯᠡᠯ᠂ ᠴᠢᠩᠱᠠᠨ ᠴᠧᠩ ᠲᠧᠦ ᠨᠢ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠡᠯᠬᠢᠶ᠎ᠡ ᠶᠢ ᠪᠠᠲᠤᠯᠠᠬᠤ ᠬᠡᠯᠬᠢᠶ᠎ᠡ ᠶᠢ ᠨᠦᠬᠦᠪᠦᠷᠢᠯᠡᠵᠦ ᠬᠡᠯᠬᠢᠶ᠎ᠡ ᠶᠢ ᠲᠤᠭᠲᠠᠪᠦᠷᠢᠵᠢᠭᠤᠯᠵᠤ ᠬᠡᠯᠬᠢᠶ᠎ᠡ ᠶᠢ ᠬᠦᠴᠦᠷᠬᠡᠭᠵᠢᠭᠦᠯᠦᠨ᠎ᠡ᠃ ᠡᠨᠡ ᠵᠢᠯ ᠶᠢᠨ ᠯᠢᠨ ᠴᠡᠴᠡᠷᠯᠢᠭ ᠤᠨ ᠵᠢᠵᠢᠭ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠵᠠᠯᠭᠠᠨ ᠠᠪᠴᠤ᠂ ᠭᠤᠳᠤᠮᠵᠢ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 16 ᠳ᠋ᠦᠩᠰᠢᠭᠤᠷ ᠲᠥᠭᠦᠷᠢᠭ ᠢ ᠳᠠᠪᠠᠪᠠ᠃ ᠵᠦᠩ ᠴᠢᠩ ᠪᠦᠯᠦᠭᠯᠡᠯ᠂ ᠴᠢᠩ ᠶᠤᠸᠠᠨ ᠬᠦᠷᠦᠩᠭᠡ᠂  ᠴᠢᠩᠱᠠᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠲᠣᠭᠤᠷᠢᠨ ᠳᠤ ᠬᠥᠮᠦᠨ ᠤ ᠬᠦᠴᠦᠨ ᠤ ᠡᠬᠢ ᠪᠠᠶᠠᠯᠢᠭ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ᠂ ᠰᠣᠶᠣᠯ ᠤᠨ ᠠᠵᠤ ᠦᠢᠯᠡᠰ ᠵᠡᠷᠭᠡ ᠬᠦᠷᠢᠶᠡᠨ ᠤ ᠬᠡᠯᠬᠢᠶ᠎ᠡ ᠶᠢ ᠪᠠᠲᠤᠯᠠᠵᠤ ᠬᠡᠯᠬᠢᠶ᠎ᠡ ᠶᠢ ᠲᠣᠭᠲᠠᠪᠤᠷᠢᠵᠢᠭᠤᠯᠤᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠦᠨ᠎ᠡ᠃ ᠵᠦᠩ ᠴᠢᠩ ᠪᠦᠯᠦᠭᠯᠡᠯ ᠵᠢᠭᠠᠨ ᠰᠤᠷᠭᠠᠯᠲᠠ ᠶᠢᠨ ᠬᠢᠴᠢᠶᠡᠯ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠬᠦ ᠪᠠ ᠬᠤᠲᠠ ᠶᠢᠨ ᠲᠡᠰ ᠤᠨ ᠲᠣᠮᠣ ᠬᠡᠯᠪᠡᠷᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠭᠠᠷᠳᠠᠴᠠ ᠪᠣᠯᠭᠠᠵᠤ᠂ ᠣᠯᠠᠨ ᠠᠩᠬᠠᠳᠠᠭᠴᠢ ᠶᠢ ᠡᠭᠦᠳᠴᠦ᠂ ᠣᠯᠠᠨ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠤᠷᠤᠯᠳᠤᠭᠠᠨ+ ᠠᠵᠢᠯᠯᠠᠭ᠎ᠠ+ ᠵᠠᠬ᠎ᠠ ᠳᠡᠯᠭᠡᠭᠦᠷ + ᠨᠡᠷᠡᠲᠦ ᠲᠡᠮᠳᠡᠭᠲᠦ + ᠵᠤᠭ᠎ᠠ ᠴᠡᠩᠭᠡᠯ + ᠳᠠᠮᠵᠢᠭᠤᠯᠭ᠎ᠠ︾ ᠵᠢᠷᠭᠤᠭ᠎ᠠ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠵᠦ᠂ ᠲᠦᠷᠦᠭᠦᠤ 5 ᠰᠠᠷ᠎ᠠ ᠳᠤ 3314 ᠲᠦᠮᠡᠨ ᠲᠥᠭᠦᠷᠢᠭ ᠤᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 693 ᠲᠦᠮᠡᠨ ᠲᠥᠭᠦᠷᠢᠭ᠂ 26.4%᠎ ᠪᠠᠷ ᠨᠡᠮᠡᠭᠳᠡᠵᠦ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 173.6 ᠲᠦᠮᠡᠨ ᠲᠥᠭᠦᠷᠢᠭ ᠪᠣᠯᠵᠣ᠂ 165 ᠲᠦᠮᠡᠨ ᠲᠥᠭᠦᠷᠢᠭ᠂ 1918.6%᠎ ᠪᠠᠷ ᠨᠡᠮᠡᠭᠳᠡᠪᠡ᠃ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠡᠬᠢ ᠪᠠᠶᠠᠯᠢᠭ ᠤᠨ ᠳᠠᠪᠠᠭᠤᠯᠢᠭ ᠪᠠ ᠠᠴᠢᠶᠠᠯᠠᠪᠤᠷᠢ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠣᠯᠠᠨ ᠲᠠᠯᠠᠪᠤᠷ ᠤᠬᠠᠭᠠᠯᠠᠨ ᠰᠡᠳᠦᠬᠦ ᠵᠡᠷᠭᠡ ᠨᠥᠯᠥᠭᠡᠯᠡᠬᠦ ᠬᠦᠴᠦᠨ ᠲᠠᠢ ᠠᠵᠢᠯᠯᠠᠭ᠎ᠠ ᠶᠢ ᠤᠬᠠᠭᠠᠯᠠᠨ ᠡᠷᠬᠢᠯᠡᠵᠦ᠂ ᠲᠤᠰᠬᠠᠶᠢᠵᠢᠭᠤᠯᠬᠤ᠂ ᠲᠦᠷᠦᠯ ᠳᠡᠮᠳᠡᠭᠵᠢᠭᠦᠯᠬᠦ᠂ ᠤᠯᠠᠨ ᠡᠰᠢᠵᠢᠭᠦᠯᠬᠦ᠂ ᠳᠡᠯᠡᠬᠡᠶᠢᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃ ᠳᠡᠭᠡᠷ᠎ᠡ ᠬᠠᠭᠠᠰ ᠵᠢᠯ ᠳᠤ ᠡᠵᠡᠩᠨᠡᠯᠲᠡ ᠶᠢᠨ ᠣᠷᠣᠯᠭ᠎ᠠ 235.44 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 249.2% ᠨᠡᠮᠡᠭᠳᠡᠵᠦ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 22 ᠲᠦᠮᠡᠨ ᠲᠥᠭᠦᠷᠢᠭ ᠬᠦᠷᠴᠡᠶ᠃ ᠴᠢᠩ ᠶᠤᠸᠠᠨ ᠺᠣᠮᠫᠠᠨᠢ ᠬᠥᠮᠦᠨ ᠤ ᠬᠦᠴᠦᠨ ᠤ ᠡᠬᠢ ᠪᠠᠶᠠᠯᠢᠭ ᠡᠨᠡ ᠬᠦ ᠰᠢᠨ᠎ᠡ ᠦᠢᠯᠡᠴᠢᠯᠡᠭᠡ ᠶᠢ ᠴᠢᠩᠭ᠎ᠠ ᠠᠳᠬᠤᠵᠤ᠂ 3 ᠨᠢᠭᠡᠴᠡ ᠳᠤ ᠬᠥᠳᠡᠯᠮᠦᠷᠢ ᠬᠦᠴᠦᠨ ᠢ ᠭᠠᠳᠠᠭᠰᠢ ᠳᠠᠭᠠᠭᠠᠴᠢᠯᠠᠭᠤᠯᠬᠤ ᠭᠡᠷ᠎ᠡ ᠲᠣᠭᠲᠠᠵᠤ᠂ ᠣᠷᠣᠯᠭ᠎ᠠ ᠨᠢ ᠪᠠᠷᠤᠭ 14.6 ᠲᠦᠮᠡᠨ ᠲᠥᠭᠦᠷᠢᠭ ᠬᠦᠷᠴᠡᠢ᠃      ᠭᠤᠷᠪᠠ ᠳᠤ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ ᠳᠡᠰᠴᠢᠯᠡᠭᠰᠡᠨ ᠤᠶᠤᠨᠴᠢᠯᠠᠭᠰᠠᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠤᠨ᠎ᠠ᠃ ᠰᠢᠨ᠎ᠡ ᠦᠢᠯᠡᠳᠪᠦᠷᠢ ᠶᠢᠨ ᠪᠦᠯᠦᠭᠯᠡᠯ ᠤᠨ ᠲᠥᠷᠥᠯ ᠵᠦᠢᠯ ᠳᠣᠤᠷᠠᠬᠢ ᠰᠢᠨ ᠶᠤᠸᠠᠨ ᠭᠤᠸᠠᠩ ᠢᠯᠴᠢ ᠶᠢᠨ ᠺᠣᠮᠫᠠᠨᠢ ︽ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ︾ ᠪᠣᠯᠤᠭᠰᠠᠨ ᠪᠥᠭᠡᠳ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ 9 ᠵᠦᠢᠯ᠂ ᠡᠭᠦᠳᠦᠯᠲᠡ ᠶᠢᠨ ᠲᠤᠰᠬᠠᠶ ᠠᠰᠢᠭ 1 ᠵᠦᠢᠯ ᠢ ᠭᠤᠶᠤᠴᠢᠯᠠᠨ ᠮᠡᠳᠡᠭᠦᠯᠵᠦ᠂ ᠤᠯᠠᠮᠵᠢᠯᠠᠯᠲᠤ ᠠᠵᠤ ᠦᠢᠯᠡᠰ ᠢᠶᠠᠷ ᠳᠠᠮᠵᠢᠭᠤᠯᠤᠨ ᠦᠢᠯᠡᠳᠪᠦᠷᠢᠯᠡᠬᠦ ᠴᠢᠳᠠᠪᠤᠷᠢ ᠶᠢ ᠳᠡᠰ ᠳᠡᠪᠰᠢᠭᠦᠯᠦᠨ ᠳᠡᠭᠡᠭᠰᠢᠯᠡᠭᠦᠯᠵᠦ᠂ ᠵᠢᠱᠢᠯᠲᠡ ᠪᠠᠷ ᠵᠢᠯ ᠪᠦᠷᠢ ᠶᠢᠨ ᠣᠷᠣᠯᠭ᠎ᠠ 904 ᠲᠦᠮᠡᠨ ᠲᠥᠭᠦᠷᠢᠭ ᠪᠣᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号