ᠴᠢᠩᠱᠠᠨ ᠲᠣᠭᠤᠷᠢᠭ ᠤᠨ ︽ᠭᠤᠷᠪᠠᠨ ᠵᠦᠢᠯ ᠤᠨ ᠠᠷᠭ᠎ᠠ ᠬᠡᠮᠵᠢᠶ᠎ᠡ︾ ᠤᠯᠤᠰ ᠤᠨ ᠥᠮᠴᠢᠯᠡᠯᠲᠦ ᠠᠵᠤ ᠠᠬᠤᠶ ᠶᠢᠨ ᠪᠠᠶᠢᠷᠢᠰᠢᠯ ᠢ ᠰᠢᠯᠢᠳᠡᠭᠵᠢᠭᠦᠯᠵᠦ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠪᠠ
ᠨᠡᠶᠢᠲᠡᠯᠡᠭᠰᠡᠨ ᠴᠠᠭ᠄
2024/7/29
      ᠳᠡᠭᠡᠷ᠎ᠡ ᠭᠤᠷᠪᠠᠨ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠲᠥᠯᠥᠭᠡ᠂ ᠴᠢᠩᠱᠠᠨ ᠲᠣᠭᠤᠷᠢᠭ ︽ᠭᠤᠷᠪᠠᠨ ᠵᠦᠢᠯ ᠤᠨ ᠠᠷᠭ᠎ᠠ ᠬᠡᠮᠵᠢᠶ᠎ᠡ︾ ᠪᠠᠷ ᠤᠯᠤᠰ ᠤᠨ ᠥᠮᠴᠢᠯᠡᠯᠲᠦ ᠠᠵᠤ ᠠᠬᠤᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠪᠠ᠃      ᠨᠢᠭᠡ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ︽ᠳᠡᠯᠡᠬᠡᠶ ᠶᠢᠨ ᠪᠣᠬᠢᠷᠲᠤᠯ ᠥᠬᠡᠶ ᠴᠠᠬᠢᠭᠤᠷ ᠤᠨ ᠬᠤᠲᠠ︾ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠱᠠᠨ ᠴᠧᠩ ᠲᠧᠦ ᠪᠠᠯᠠ ᠣᠷᠣᠭᠤᠯᠤᠯᠲᠠ ᠨᠢ ᠪᠤᠭᠤᠲᠤ ᠶᠢᠨ ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠤᠩ ᠶᠤᠸᠠᠨ ᠰᠢᠨ᠎ᠡ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠬᠤᠶᠠᠷ ᠬᠡᠷᠡᠯ ᠴᠡᠨᠡᠭ ᠤᠨ ᠲᠡᠷᠢᠭᠦᠨ ᠠᠵᠤ ᠠᠬᠤᠶᠢᠯᠠᠯ ᠤᠨ ᠲᠣᠭᠤᠷᠢᠨ ᠳᠤ᠂ ᠠᠵᠤ ᠦᠢᠯᠡᠳᠪᠦᠷᠢ ᠶᠢᠨ ᠴᠠᠬᠢᠭᠤᠷ ᠤᠨ ᠬᠠᠶᠠᠭᠳᠠᠮᠠᠯ ᠮᠠᠲ᠋ᠧᠷᠢᠶᠠᠯ ᠢ ᠬᠤᠳᠠᠯᠳᠤᠨ ᠠᠪᠬᠤ ᠪᠠ ᠪᠣᠷᠣᠯᠠᠭᠤᠯᠬᠤ ᠬᠠᠮᠲᠤᠷᠠᠯᠴᠠᠭ᠎ᠠ ᠶᠢ ᠥᠷᠨᠢᠭᠦᠯᠵᠦ᠂ ᠣᠬᠤᠷ ᠬᠤᠭᠤᠴᠠᠭᠠᠨ ᠤ ᠳᠣᠲᠣᠷ᠎ᠠ 2000 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠳᠠᠪᠠᠵᠤ᠂ 30 ᠲᠦᠮᠡᠨ ᠲᠥᠭᠦᠷᠢᠭ ᠤᠨ ᠠᠰᠢᠭ ᠣᠯᠵᠠᠪᠤᠷᠢ ᠶᠢ ᠪᠡᠶᠡᠯᠡᠭᠦᠯᠵᠦ᠂ ᠺᠣᠮᠫᠠᠨᠢ ᠶᠢᠨ ᠣᠷᠣᠯᠭ᠎ᠠ ᠶᠢ ᠡᠭᠦᠳᠬᠦ ᠶᠢᠨ ᠬᠠᠮᠲᠤ᠂ ᠰᠠᠶᠢᠨ ᠰᠠᠶᠢᠬᠠᠨ ᠨᠡᠶᠢᠭᠡᠮ ᠤᠨ ᠦᠢᠯᠡᠳᠦᠯ ᠢ ᠪᠣᠶ ᠪᠣᠯᠭᠠᠪᠠ᠃ ᠴᠢᠩ ᠶᠤᠸᠠᠨ ᠬᠥᠷᠥᠩᠭᠡ ᠵᠠᠬ᠎ᠠ ᠳᠡᠯᠭᠡᠭᠦᠷᠴᠢᠯᠡᠭᠰᠡᠨ ᠲᠤᠰᠬᠠᠶ ᠮᠡᠷᠭᠡᠵᠢᠯ ᠤᠨ ᠲᠠᠪᠴᠠᠩ ᠪᠠᠶᠢᠭᠤᠯᠵᠤ᠂ ᠭᠠᠳᠠᠭᠰᠢ ᠣᠷᠳᠣ ᠬᠤᠭᠤᠴᠠᠭᠠᠨ ᠤ ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ ᠶᠢ 1930 ᠲᠦᠮᠡᠨ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠡᠭᠦᠨ ᠳᠤ ᠴᠢᠨᠠᠷ ᠰᠠᠶᠢᠲᠠᠶ ᠲᠠᠷᠢᠶᠠᠨ ᠭᠠᠵᠠᠷ ᠤᠨ ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ ᠶᠢ 1230 ᠲᠦᠮᠡᠨ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠴᠠᠬᠢᠭᠤᠷ ᠤᠨ ᠲᠥᠷᠥᠯ ᠵᠦᠢᠯ ᠤᠨ ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ ᠶᠢ 700 ᠲᠦᠮᠡᠨ ᠲᠥᠭᠦᠷᠢᠭ ᠰᠢᠨ᠎ᠡ ᠪᠠᠷ ᠨᠡᠮᠡᠭᠳᠡᠭᠦᠯᠪᠡ᠃      ᠬᠤᠶᠠᠷ ᠲᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠶᠢᠨ ᠡᠷᠬᠢᠯᠳᠡᠳᠦ ᠰᠠᠭᠠᠳ ᠦᠭᠡᠢ ᠨᠡᠪᠲᠡᠷᠡᠬᠦ ᠳᠤᠮᠳᠠᠬᠢ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠰᠢᠨ ᠭᠥᠩ ᠪᠦᠯᠦᠭᠯᠡᠯ᠂ ᠴᠢᠩᠱᠠᠨ ᠴᠧᠩ ᠲᠧᠦ ᠨᠢ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠡᠯᠬᠢᠶ᠎ᠡ ᠶᠢ ᠪᠠᠲᠤᠯᠠᠬᠤ ᠬᠡᠯᠬᠢᠶ᠎ᠡ ᠶᠢ ᠨᠦᠬᠦᠪᠦᠷᠢᠯᠡᠵᠦ ᠬᠡᠯᠬᠢᠶ᠎ᠡ ᠶᠢ ᠲᠤᠭᠲᠠᠪᠦᠷᠢᠵᠢᠭᠤᠯᠵᠤ ᠬᠡᠯᠬᠢᠶ᠎ᠡ ᠶᠢ ᠬᠦᠴᠦᠷᠬᠡᠭᠵᠢᠭᠦᠯᠦᠨ᠎ᠡ᠃ ᠡᠨᠡ ᠵᠢᠯ ᠶᠢᠨ ᠯᠢᠨ ᠴᠡᠴᠡᠷᠯᠢᠭ ᠤᠨ ᠵᠢᠵᠢᠭ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠵᠠᠯᠭᠠᠨ ᠠᠪᠴᠤ᠂ ᠭᠤᠳᠤᠮᠵᠢ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 16 ᠳ᠋ᠦᠩᠰᠢᠭᠤᠷ ᠲᠥᠭᠦᠷᠢᠭ ᠢ ᠳᠠᠪᠠᠪᠠ᠃ ᠵᠦᠩ ᠴᠢᠩ ᠪᠦᠯᠦᠭᠯᠡᠯ᠂ ᠴᠢᠩ ᠶᠤᠸᠠᠨ ᠬᠦᠷᠦᠩᠭᠡ᠂  ᠴᠢᠩᠱᠠᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠲᠣᠭᠤᠷᠢᠨ ᠳᠤ ᠬᠥᠮᠦᠨ ᠤ ᠬᠦᠴᠦᠨ ᠤ ᠡᠬᠢ ᠪᠠᠶᠠᠯᠢᠭ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ᠂ ᠰᠣᠶᠣᠯ ᠤᠨ ᠠᠵᠤ ᠦᠢᠯᠡᠰ ᠵᠡᠷᠭᠡ ᠬᠦᠷᠢᠶᠡᠨ ᠤ ᠬᠡᠯᠬᠢᠶ᠎ᠡ ᠶᠢ ᠪᠠᠲᠤᠯᠠᠵᠤ ᠬᠡᠯᠬᠢᠶ᠎ᠡ ᠶᠢ ᠲᠣᠭᠲᠠᠪᠤᠷᠢᠵᠢᠭᠤᠯᠤᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠦᠨ᠎ᠡ᠃ ᠵᠦᠩ ᠴᠢᠩ ᠪᠦᠯᠦᠭᠯᠡᠯ ᠵᠢᠭᠠᠨ ᠰᠤᠷᠭᠠᠯᠲᠠ ᠶᠢᠨ ᠬᠢᠴᠢᠶᠡᠯ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠬᠦ ᠪᠠ ᠬᠤᠲᠠ ᠶᠢᠨ ᠲᠡᠰ ᠤᠨ ᠲᠣᠮᠣ ᠬᠡᠯᠪᠡᠷᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠭᠠᠷᠳᠠᠴᠠ ᠪᠣᠯᠭᠠᠵᠤ᠂ ᠣᠯᠠᠨ ᠠᠩᠬᠠᠳᠠᠭᠴᠢ ᠶᠢ ᠡᠭᠦᠳᠴᠦ᠂ ᠣᠯᠠᠨ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠤᠷᠤᠯᠳᠤᠭᠠᠨ+ ᠠᠵᠢᠯᠯᠠᠭ᠎ᠠ+ ᠵᠠᠬ᠎ᠠ ᠳᠡᠯᠭᠡᠭᠦᠷ + ᠨᠡᠷᠡᠲᠦ ᠲᠡᠮᠳᠡᠭᠲᠦ + ᠵᠤᠭ᠎ᠠ ᠴᠡᠩᠭᠡᠯ + ᠳᠠᠮᠵᠢᠭᠤᠯᠭ᠎ᠠ︾ ᠵᠢᠷᠭᠤᠭ᠎ᠠ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠵᠦ᠂ ᠲᠦᠷᠦᠭᠦᠤ 5 ᠰᠠᠷ᠎ᠠ ᠳᠤ 3314 ᠲᠦᠮᠡᠨ ᠲᠥᠭᠦᠷᠢᠭ ᠤᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 693 ᠲᠦᠮᠡᠨ ᠲᠥᠭᠦᠷᠢᠭ᠂ 26.4% ᠪᠠᠷ ᠨᠡᠮᠡᠭᠳᠡᠵᠦ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 173.6 ᠲᠦᠮᠡᠨ ᠲᠥᠭᠦᠷᠢᠭ ᠪᠣᠯᠵᠣ᠂ 165 ᠲᠦᠮᠡᠨ ᠲᠥᠭᠦᠷᠢᠭ᠂ 1918.6% ᠪᠠᠷ ᠨᠡᠮᠡᠭᠳᠡᠪᠡ᠃ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠡᠬᠢ ᠪᠠᠶᠠᠯᠢᠭ ᠤᠨ ᠳᠠᠪᠠᠭᠤᠯᠢᠭ ᠪᠠ ᠠᠴᠢᠶᠠᠯᠠᠪᠤᠷᠢ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠣᠯᠠᠨ ᠲᠠᠯᠠᠪᠤᠷ ᠤᠬᠠᠭᠠᠯᠠᠨ ᠰᠡᠳᠦᠬᠦ ᠵᠡᠷᠭᠡ ᠨᠥᠯᠥᠭᠡᠯᠡᠬᠦ ᠬᠦᠴᠦᠨ ᠲᠠᠢ ᠠᠵᠢᠯᠯᠠᠭ᠎ᠠ ᠶᠢ ᠤᠬᠠᠭᠠᠯᠠᠨ ᠡᠷᠬᠢᠯᠡᠵᠦ᠂ ᠲᠤᠰᠬᠠᠶᠢᠵᠢᠭᠤᠯᠬᠤ᠂ ᠲᠦᠷᠦᠯ ᠳᠡᠮᠳᠡᠭᠵᠢᠭᠦᠯᠬᠦ᠂ ᠤᠯᠠᠨ ᠡᠰᠢᠵᠢᠭᠦᠯᠬᠦ᠂ ᠳᠡᠯᠡᠬᠡᠶᠢᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃ ᠳᠡᠭᠡᠷ᠎ᠡ ᠬᠠᠭᠠᠰ ᠵᠢᠯ ᠳᠤ ᠡᠵᠡᠩᠨᠡᠯᠲᠡ ᠶᠢᠨ ᠣᠷᠣᠯᠭ᠎ᠠ 235.44 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 249.2% ᠨᠡᠮᠡᠭᠳᠡᠵᠦ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 22 ᠲᠦᠮᠡᠨ ᠲᠥᠭᠦᠷᠢᠭ ᠬᠦᠷᠴᠡᠶ᠃ ᠴᠢᠩ ᠶᠤᠸᠠᠨ ᠺᠣᠮᠫᠠᠨᠢ ᠬᠥᠮᠦᠨ ᠤ ᠬᠦᠴᠦᠨ ᠤ ᠡᠬᠢ ᠪᠠᠶᠠᠯᠢᠭ ᠡᠨᠡ ᠬᠦ ᠰᠢᠨ᠎ᠡ ᠦᠢᠯᠡᠴᠢᠯᠡᠭᠡ ᠶᠢ ᠴᠢᠩᠭ᠎ᠠ ᠠᠳᠬᠤᠵᠤ᠂ 3 ᠨᠢᠭᠡᠴᠡ ᠳᠤ ᠬᠥᠳᠡᠯᠮᠦᠷᠢ ᠬᠦᠴᠦᠨ ᠢ ᠭᠠᠳᠠᠭᠰᠢ ᠳᠠᠭᠠᠭᠠᠴᠢᠯᠠᠭᠤᠯᠬᠤ ᠭᠡᠷ᠎ᠡ ᠲᠣᠭᠲᠠᠵᠤ᠂ ᠣᠷᠣᠯᠭ᠎ᠠ ᠨᠢ ᠪᠠᠷᠤᠭ 14.6 ᠲᠦᠮᠡᠨ ᠲᠥᠭᠦᠷᠢᠭ ᠬᠦᠷᠴᠡᠢ᠃      ᠭᠤᠷᠪᠠ ᠳᠤ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ ᠳᠡᠰᠴᠢᠯᠡᠭᠰᠡᠨ ᠤᠶᠤᠨᠴᠢᠯᠠᠭᠰᠠᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠤᠨ᠎ᠠ᠃ ᠰᠢᠨ᠎ᠡ ᠦᠢᠯᠡᠳᠪᠦᠷᠢ ᠶᠢᠨ ᠪᠦᠯᠦᠭᠯᠡᠯ ᠤᠨ ᠲᠥᠷᠥᠯ ᠵᠦᠢᠯ ᠳᠣᠤᠷᠠᠬᠢ ᠰᠢᠨ ᠶᠤᠸᠠᠨ ᠭᠤᠸᠠᠩ ᠢᠯᠴᠢ ᠶᠢᠨ ᠺᠣᠮᠫᠠᠨᠢ ︽ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ︾ ᠪᠣᠯᠤᠭᠰᠠᠨ ᠪᠥᠭᠡᠳ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ 9 ᠵᠦᠢᠯ᠂ ᠡᠭᠦᠳᠦᠯᠲᠡ ᠶᠢᠨ ᠲᠤᠰᠬᠠᠶ ᠠᠰᠢᠭ 1 ᠵᠦᠢᠯ ᠢ ᠭᠤᠶᠤᠴᠢᠯᠠᠨ ᠮᠡᠳᠡᠭᠦᠯᠵᠦ᠂ ᠤᠯᠠᠮᠵᠢᠯᠠᠯᠲᠤ ᠠᠵᠤ ᠦᠢᠯᠡᠰ ᠢᠶᠠᠷ ᠳᠠᠮᠵᠢᠭᠤᠯᠤᠨ ᠦᠢᠯᠡᠳᠪᠦᠷᠢᠯᠡᠬᠦ ᠴᠢᠳᠠᠪᠤᠷᠢ ᠶᠢ ᠳᠡᠰ ᠳᠡᠪᠰᠢᠭᠦᠯᠦᠨ ᠳᠡᠭᠡᠭᠰᠢᠯᠡᠭᠦᠯᠵᠦ᠂ ᠵᠢᠱᠢᠯᠲᠡ ᠪᠠᠷ ᠵᠢᠯ ᠪᠦᠷᠢ ᠶᠢᠨ ᠣᠷᠣᠯᠭ᠎ᠠ 904 ᠲᠦᠮᠡᠨ ᠲᠥᠭᠦᠷᠢᠭ ᠪᠣᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号