4 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ ᠪᠠᠶ ᠶᠦᠨ ᠰᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 10 | ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠲᠣᠭᠤᠷᠢᠭ ᠤᠨ ᠳᠠᠷᠤᠭ᠎ᠠ᠂ | ᠲᠣᠭᠤᠷᠢᠭ ᠤᠨ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠠᠵᠢᠯ ᠤᠨ | ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠬᠤᠯᠪᠣᠭᠳᠠᠯ ᠪᠦᠬᠦᠢ ᠶᠠᠪᠤᠳᠠᠯ ᠢ ᠰᠤᠳᠤᠯᠪᠠ᠃ | 4 ᠰᠠᠷ᠎ᠠ ᠶᠢᠨ 8 ᠤ ᠡᠳᠦᠷ᠂ ᠴᠢᠩᠱᠠᠨ ᠲᠣᠭᠤᠷᠢᠭ ᠬᠥᠬᠡᠬᠤᠲᠠ ᠶᠢᠨ ᠢᠦᠶ ᠴᠢᠤᠸᠠᠨ ᠲᠣᠭᠤᠷᠢᠭ ᠲᠠᠢ | ᠬᠠᠮᠲᠤᠷᠠᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠬᠤᠯᠪᠣᠭᠠᠯᠠᠨ ᠡᠭᠦᠳᠴᠦ ᠬᠠᠮᠲᠤ ᠪᠠᠷ | ᠪᠠᠶᠢᠭᠤᠯᠬᠤ ᠵᠥᠪᠯᠡᠯᠴᠡᠭᠡᠷ︾ ᠲᠤ ᠭᠠᠷ ᠤᠨ ᠥᠰᠥᠭ ᠵᠢᠷᠤᠵᠤ᠂ ᠬᠤᠶᠠᠷ ᠭᠠᠵᠠᠷ ᠤᠨ ᠡᠬᠢ ᠪᠠᠶᠠᠯᠢᠭ ᠤᠨ | ᠳᠠᠪᠠᠭᠤᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ | ᠬᠠᠮᠲᠤᠷᠠᠯᠴᠠᠭ᠎ᠠ ᠰᠣᠯᠢᠯᠴᠠᠭ᠎ᠠ ᠶᠢ ᠠᠬᠢᠭᠤᠯᠵᠤ᠂ ᠦᠨᠳᠦᠰᠦᠲᠡᠨ ᠤ ᠠᠵᠢᠯ ᠤᠨ ︽ᠭᠤᠷᠪᠠᠨ ᠲᠥᠯᠥᠪᠯᠡᠭᠡ︾ ᠶᠢ | ᠭᠦᠨᠵᠡᠭᠡᠶ ᠳᠥᠯᠭᠢᠨ ᠠᠬᠢᠭᠤᠯᠵᠤ᠂ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠣᠷᠣᠨ︾ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠪᠡ᠃ | 4 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠶᠦᠨ ᠰᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 | ᠣᠨ ᠤ 11 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠴᠢᠩᠱᠠᠨ ᠲᠣᠭᠤᠷᠢᠭ ᠤᠨ ᠰᠤᠷᠭᠠᠨ | ᠬᠥᠮᠦᠵᠢᠯ ᠤᠨ ᠰᠢᠰᠲ᠋ᠧᠮ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ | ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ᠂ 2024 ᠣᠨ ᠤ ᠴᠢᠩᠱᠠᠨ ᠲᠣᠭᠤᠷᠢᠭ ᠤᠨ ᠬᠤᠶᠠᠷ ᠢ ᠬᠦᠷᠢᠶᠡᠯᠡᠬᠦ | ᠠᠵᠢᠯ ᠤᠨ ᠭᠤᠣᠯᠳᠠᠯᠭ᠎ᠠ ᠲᠠᠢ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ᠃ |