ᠳ᠋ᠢᠩ ᠺᠠᠶ ︽8 · 1︾᠎ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠠᠴᠠ ᠡᠮᠦᠨ᠎ᠡ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2024/7/30
      7 ᠰᠠᠷ᠎ᠠ ᠶᠢᠨ 29᠎ ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠬᠤᠷᠢᠶᠠᠨ ᠤ ᠱᠦᠵᠢ ᠳ᠋ᠢᠩ ᠺᠠᠶ ᠪᠤᠭᠤᠲᠤ ᠬᠤᠲᠠ ᠶᠢᠨ ᠣᠶ ᠰᠢᠭᠤᠶ ᠶᠢᠨ ᠭᠠᠯ ᠤᠨᠲᠠᠷᠠᠭᠠᠬᠤ ᠳᠤᠮᠳᠠ ᠠᠩᠭᠢ᠂ ᠵᠡᠪᠰᠡᠭᠲᠦ ᠴᠠᠭᠳᠠᠭ᠎ᠠ ᠶᠢᠨ ᠪᠤᠭᠤᠲᠤ ᠶᠢᠨ ᠰᠠᠯᠪᠤᠷᠢ ᠠᠩᠭᠢ ᠶᠢᠨ ᠡᠭᠦᠷᠭᠡ ᠭᠦᠢᠴᠡᠳᠭᠡᠬᠦ ᠨᠢᠭᠡᠳᠦᠭᠡᠷ ᠶᠡᠭᠡ ᠠᠩᠭᠢ᠂ ᠪᠤᠭᠤᠲᠤ ᠶᠢᠨ ᠴᠡᠷᠢᠭ ᠤᠨ ᠬᠤᠪᠢᠶᠠᠷᠢ ᠲᠣᠭᠤᠷᠢᠭ ᠲᠤ ᠬᠦᠷᠴᠦ ︽8 · 1︾ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠪᠣᠯᠤᠨ ᠪᠥᠬᠦ ᠲᠣᠭᠤᠷᠢᠭ ᠤᠨ ᠺᠠᠳ᠋ᠷ ᠣᠯᠠᠨ ᠲᠦᠮᠡᠨ ᠢ ᠲᠥᠯᠥᠭᠡᠯᠡᠨ ᠲᠡᠳᠡᠨᠤᠰ ᠲᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃      ︽ᠲᠠ ᠨᠠᠷ ᠤᠨ ᠴᠢᠩᠱᠠᠨ ᠲᠣᠭᠤᠷᠢᠭ ᠤᠨ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠤᠷ ᠲᠣᠭᠲᠠᠭᠤᠨ ᠣᠷᠴᠢᠨ ᠲᠣᠭᠤᠷᠢᠨ ᠢ ᠡᠭᠦᠳᠴᠦ ᠥᠭᠭᠦᠭᠰᠡᠨ ᠳᠤ ᠲᠠᠯᠠᠷᠬᠠᠵᠤ ᠪᠠᠶᠢᠨ᠎ᠠ᠃ ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠲᠠ ᠨᠠᠷ ᠤᠨ ᠪᠠᠶᠠᠷ ᠤᠨ ᠡᠳᠦᠷ ᠤᠨ ᠪᠠᠶᠠᠷ ᠪᠠᠶᠠᠰᠬᠤᠯᠠᠩ ᠲᠠᠢ ᠪᠠᠶᠢᠬᠤ ᠶᠢ ᠪᠡᠯᠭᠡᠯᠡᠶ᠎ᠡ︕︾ ᠡᠷᠬᠢᠨ ᠦᠵᠡᠵᠦ ᠲᠣᠬᠤᠨᠢᠭᠤᠯᠬᠤ ᠶᠠᠪᠤᠴᠠ ᠳᠤ᠂ ᠬᠦᠷᠦᠭᠰᠡᠨ ᠭᠠᠵᠠᠷ ᠪᠣᠯᠭᠠᠨ ᠳᠤ᠂ ᠳ᠋ᠢᠩ ᠺᠠᠢ  ᠲᠡᠳᠡᠨᠤᠰ ᠤᠨ ᠡᠳᠦᠷ ᠲᠤᠳᠤᠮ ᠤᠨ ᠪᠣᠯᠪᠠᠰᠤᠷᠠᠯ᠂ ᠵᠢᠵᠢᠭᠦᠷ ᠤᠨ ᠪᠡᠯᠡᠳᠬᠡᠯ᠂ ᠰᠤᠷᠤᠯᠴᠠᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠡᠳᠡᠨᠤᠰ ᠤᠨ ᠴᠢᠩᠱᠠᠨ ᠲᠣᠭᠤᠷᠢᠭ ᠤᠨ ᠰᠢᠢᠳᠪᠦᠷᠢᠯᠡᠬᠦ ᠴᠢᠬᠤᠯᠠᠲᠠᠢ ᠬᠦᠴᠢᠷᠳᠡᠯ ᠪᠣᠯᠤᠨ ᠠᠰᠠᠭᠤᠳᠠᠯ ᠢ ᠯᠠᠪᠯᠠᠨ ᠠᠰᠠᠭᠤᠪᠠ᠃ ᠳ᠋ᠢᠩ ᠺᠠᠶ᠂ ᠣᠯᠠᠨ ᠵᠢᠯ ᠤᠨ ᠲᠤᠷᠰᠢ᠂ ᠪᠤᠭᠤᠲᠤ ᠬᠤᠲᠠ ᠶᠢᠨ ᠣᠶ ᠰᠢᠭᠤᠶ ᠶᠢᠨ ᠭᠠᠯ ᠤᠨᠲᠠᠷᠠᠭᠠᠬᠤ ᠳᠤᠮᠳᠠ ᠠᠩᠭᠢ᠂ ᠵᠡᠪᠰᠡᠭᠲᠦ ᠴᠠᠭᠳᠠᠭ᠎ᠠ ᠶᠢᠨ ᠪᠤᠭᠤᠲᠤ ᠶᠢᠨ ᠰᠠᠯᠪᠤᠷᠢ ᠠᠩᠭᠢ ᠶᠢᠨ ᠡᠭᠦᠷᠭᠡ ᠭᠦᠢᠴᠡᠳᠭᠡᠬᠦ ᠨᠢᠭᠡᠳᠦᠭᠡᠷ ᠶᠡᠭᠡ ᠠᠩᠭᠢ᠂ ᠪᠤᠭᠤᠲᠤ ᠶᠢᠨ ᠴᠡᠷᠢᠭ ᠤᠨ ᠬᠤᠪᠢᠶᠠᠷᠢ ᠲᠣᠭᠤᠷᠢᠭ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠷᠣᠨ ᠨᠤᠲᠤᠭ ᠤᠨ ᠪᠥᠲᠥᠭᠡᠨ ᠪᠠᠶᠢᠭᠤᠯᠤᠯᠲᠠ ᠳᠤ ᠤᠷᠤᠯᠴᠠᠨ ᠳᠡᠮᠵᠢᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠪᠠᠴᠢᠮ ᠪᠡᠷᠬᠡ ᠠᠶᠤᠯᠲᠠᠶ ᠬᠦᠨᠳᠦ ᠡᠭᠦᠷᠭᠡ ᠶᠢᠨ ᠳᠤᠮᠳᠠ ᠡᠮᠦᠨ᠎ᠡ ᠨᠢ ᠭᠠᠪᠰᠢᠭᠠᠶᠢᠯᠠᠵᠤ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠴᠢᠩᠱᠠᠨ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠮᠤᠷ ᠲᠦᠪᠰᠢᠨ ᠲᠣᠭᠲᠠᠭᠤᠨ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠴᠢᠩᠱᠠᠨ ᠲᠣᠭᠤᠷᠢᠭ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠦᠨ᠎ᠡ᠃ ᠥᠷᠭᠡᠨ ᠤᠯᠠᠨ ᠳᠠᠷᠤᠭ᠎ᠠ ᠪᠠᠶᠢᠯᠳᠤᠭᠴᠢᠳ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ᠲᠠᠶᠢᠨ ᠳᠤ ᠪᠡᠯᠡᠳᠬᠡᠵᠦ ᠴᠡᠷᠢᠭ ᠢ ᠬᠦᠴᠦᠷᠬᠡᠭᠵᠢᠭᠦᠯᠬᠦ᠂ ᠪᠣᠳᠠᠲᠤ ᠳᠠᠶᠢᠨ ᠤ ᠴᠢᠳᠠᠪᠤᠷᠢ ᠶᠢ ᠬᠠᠲᠠᠭᠤᠵᠢᠯᠲᠠᠢ ᠪᠣᠯᠪᠠᠰᠤᠷᠠᠭᠤᠯᠬᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠲᠣᠭᠤᠷᠢᠭ ᠤᠨ ᠤᠳᠤᠷᠢᠳᠤᠯᠭ᠎ᠠ ᠵᠠᠩ ᠶᠢᠩ ᠵᠢᠶᠧ᠂ ᠵᠢᠶᠠ ᠰᠢᠶᠣᠣ ᠯᠢᠶᠠᠩ᠂ ᠼᠤᠤ ᠵᠢᠦᠢ᠂ ᠵᠠᠩ ᠯᠢᠩ ᠳ᠋ᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠬᠤᠨᠢᠭᠤᠯᠬᠤ ᠳᠤ ᠣᠷᠣᠯᠴᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号