︽8 · 1︾ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 7 ᠰᠠᠷ᠎ᠠ ᠶᠢᠨ 26 ᠤ | ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ | ᠴᠢᠩᠱᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠵᠡᠪᠰᠡᠭᠲᠦ ᠴᠠᠭᠳᠠᠭ᠎ᠠ ᠶᠢᠨ ᠪᠤᠭᠤᠲᠤ ᠶᠢᠨ | ᠰᠠᠯᠪᠤᠷᠢ ᠠᠩᠭᠢ ᠶᠢᠨ ᠪᠡᠯᠡᠳᠬᠡᠯ ᠶᠡᠭᠡ ᠠᠩᠭᠢ ᠪᠠ ᠴᠢᠩᠱᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ | ᠲᠤᠰᠠᠯᠠᠬᠤ ᠶᠡᠭᠡ ᠠᠩᠭᠢ ᠳᠤ ᠬᠦᠷᠴᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠲᠡᠳᠡᠨᠤᠰ ᠲᠤ ᠪᠠᠶᠠᠷ ᠤᠨ | ᠡᠳᠦᠷ ᠤᠨ ᠮᠡᠨᠳᠦᠴᠢᠯᠡᠯ ᠳᠡᠪᠰᠢᠭᠦᠯᠪᠡ᠃ | ᠰᠤᠷᠪᠤᠯᠵᠢᠯᠠᠬᠤ ᠳᠤᠮᠳᠠ᠂ ᠪᠠᠶ ᠶᠦᠨ ᠰᠢ ᠨᠠᠷ ᠣᠯᠠᠨ ᠲᠠᠢ ᠳᠣᠲᠣᠨᠣ ᠪᠠᠷ ᠶᠠᠷᠢᠯᠴᠠᠵᠤ᠂ ᠡᠩᠨᠡᠭᠡᠨ ᠤ | ᠪᠠᠶᠢᠭᠤᠯᠤᠯᠲᠠ᠂ ᠡᠳᠦᠷ ᠲᠤᠲᠤᠮ ᠤᠨ ᠠᠮᠢᠳᠤᠷᠠᠯ᠂ ᠪᠣᠯᠪᠠᠰᠤᠷᠠᠯ ᠤᠨ ᠪᠠᠶᠢᠳᠠᠯ ᠵᠢᠴᠢ ᠭᠠᠯ ᠤᠨᠲᠠᠷᠠᠭᠠᠬᠤ ᠥᠷᠲᠡᠭᠡ | ᠴᠡᠭ ᠤᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠪᠠᠢ ᠶᠦᠨ ᠰᠢ᠂ ᠲᠣᠭᠤᠷᠢᠭ ᠲᠤ ᠰᠠᠭᠤᠭ᠎ᠠ | ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ ᠪᠠ ᠭᠠᠯ ᠤᠨᠲᠠᠷᠠᠭᠠᠬᠤ ᠵᠢᠯᠤᠭᠤᠳᠤᠬᠴᠢ ᠪᠠᠶᠢᠯᠳᠤᠭᠴᠢ᠂ ︽ᠪᠠᠶᠢᠯᠳᠤᠵᠤ | ᠴᠢᠳᠠᠬᠤ᠂ ᠢᠯᠠᠯᠲᠠ ᠶᠢᠨ ᠲᠠᠶᠢᠨ ᠬᠢᠬᠦ︾ ᠱᠠᠭᠠᠷᠳᠠᠯᠭ᠎ᠠ ᠶᠣᠰᠣᠭᠠᠷ᠂ ᠴᠡᠷᠢᠭ ᠤᠨ ᠬᠥᠮᠦᠨ ᠤ ᠵᠣᠪᠠᠭᠤᠷᠢ ᠵᠦᠳᠡᠭᠦᠷᠢ ᠶᠢ | ᠠᠮᠰᠠᠵᠤ ᠳᠡᠶᠢᠯᠬᠦ᠂ ᠪᠠᠶᠢᠯᠳᠤᠵᠤ ᠳᠡᠶᠢᠯᠬᠦ᠂ ᠬᠤᠪᠢ ᠨᠡᠮᠡᠷᠢ ᠦᠵᠡᠭᠦᠯᠵᠦ ᠳᠡᠶᠢᠯᠬᠦ ᠰᠢᠯᠢᠳᠡᠭ ᠰᠤᠷᠲᠠᠯ ᠢ ᠭᠦᠢᠴᠡᠳ | ᠪᠠᠳᠠᠷᠠᠭᠤᠯᠵᠤ᠂ ᠴᠡᠷᠢᠭ ᠢ ᠬᠦᠴᠦᠷᠬᠡᠭᠵᠢᠭᠦᠯᠬᠦ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠣᠷᠣᠨ ᠨᠤᠲᠤᠭ ᠤᠨ | ᠪᠦᠳᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠪᠠᠴᠢᠮ ᠪᠠᠶᠢᠳᠠᠯ ᠢ ᠠᠷᠭᠠᠴᠠᠵᠤ | ᠲᠣᠭᠲᠠᠭᠤᠨ ᠢ ᠬᠠᠮᠠᠭᠠᠯᠠᠬᠤ᠂ ᠠᠶᠤᠯ ᠭᠠᠮᠰᠢᠭ ᠠᠴᠠ ᠠᠪᠤᠷᠠᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠪᠠᠲᠤᠯᠠᠬᠤ ᠵᠡᠷᠭᠡ ᠲᠠᠯ᠎ᠠ ᠪᠠᠷ ᠴᠢᠬᠤᠯᠠ ᠬᠤᠪᠢ ᠨᠡᠮᠡᠷᠢ ᠦᠵᠡᠭᠦᠯᠵᠡᠢ᠃ ᠴᠢᠩᠱᠠᠨ ᠲᠣᠭᠤᠷᠢᠭ | ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠴᠡᠷᠢᠭ ᠠᠩᠭᠢ | ᠪᠠ ᠣᠷᠣᠨ ᠨᠤᠲᠤᠭ ᠤᠨ ᠬᠠᠮᠲᠤ ᠪᠠᠷ ᠪᠦᠲᠦᠭᠡᠨ ᠪᠠᠶᠢᠭᠤᠯᠬᠤ ᠶᠢ ᠴᠢᠩᠭᠠᠳᠬᠠᠵᠤ᠂ ᠴᠡᠷᠢᠭ ᠢᠶᠠᠨ ᠬᠦᠷᠢᠶᠡᠯᠡᠨ ᠭᠡᠷ | ᠪᠦᠯᠢ ᠶᠢ ᠨᠢ ᠬᠠᠷᠠᠭᠠᠯᠵᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠢᠯᠡᠴᠢᠯᠡᠭᠡ ᠪᠠᠨ | ᠰᠠᠶᠢᠲᠤᠷ ᠬᠢᠵᠦ᠂ ᠪᠠᠲᠤᠯᠠᠭ᠎ᠠ ᠪᠠᠨ ᠰᠠᠶᠢᠲᠤᠷ ᠬᠢᠵᠦ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠪᠠ ᠥᠷᠭᠡᠨ | ᠣᠯᠠᠨ ᠳᠠᠷᠤᠭ᠎ᠠ ᠪᠠᠶᠢᠯᠳᠤᠭᠴᠢᠳ ᠤᠨ ᠪᠣᠳᠠᠲᠠᠢ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠴᠡᠷᠢᠭ | ᠠᠩᠭᠢ ᠪᠠ ᠣᠷᠣᠨ ᠨᠤᠲᠤᠭ ᠬᠤᠶᠠᠷ ᠲᠠᠯ᠎ᠠ ᠶᠢᠨ ᠬᠠᠮᠲᠤ ᠶᠢᠨ ᠬᠥᠭᠵᠢᠯᠲᠡ ᠶᠢ ᠠᠬᠢᠭᠤᠯᠵᠤ᠂ ᠰᠢᠨ᠎ᠡ ᠴᠠᠭ | ᠦᠶ᠎ᠡ ᠶᠢᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠬᠠᠭᠤᠳᠠᠰᠤ ᠶᠢ | ᠦᠷᠭᠦᠯᠵᠢᠯᠡᠨ ᠪᠢᠴᠢᠭᠯᠡᠨᠡᠭᠡᠵᠦ ᠢᠯᠡᠳᠬᠡᠪᠡ᠃ | ᠲᠣᠭᠤᠷᠢᠭ ᠤᠨ ᠤᠳᠤᠷᠢᠳᠤᠯᠭ᠎ᠠ ᠯᠢ ᠨᠠ᠂ ᠶᠦᠨ ᠰᠢᠶᠤᠤ ᠶᠠᠨ᠂ ᠯᠢ ᠾᠧᠩ ᠵᠢᠴᠢ ᠬᠠᠮᠢᠶ᠎ᠠ ᠪᠥᠬᠦᠶ ᠰᠠᠯᠠᠭ᠎ᠠ | ᠮᠥᠴᠢᠷ᠂ ᠨᠢᠭᠡᠴᠡ ᠶᠢᠨ ᠬᠠᠷᠢᠭᠤᠴᠠᠯᠭᠠᠲᠠᠨ ᠲᠣᠬᠤᠨᠢᠭᠤᠯᠬᠤ ᠳᠤ ᠣᠷᠣᠯᠴᠠᠵᠠᠶ᠃ | | | | |