ᠴᠢᠩᠱᠠᠨ ᠲᠣᠭᠤᠷᠢᠭ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠪᠠᠭᠰᠢ ︵ᠰᠤᠷᠭᠠᠭᠴᠢ︶᠎ ᠶᠢᠨ ᠪᠣᠯᠪᠠᠰᠤᠷᠠᠯ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/7/5
      6 ᠰᠠᠷ᠎ᠠ ᠶᠢᠨ 30᠎ ᠤ ᠡᠳᠦᠷ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠪᠠᠭᠰᠢ ︵ᠰᠤᠷᠭᠠᠭᠴᠢ︶᠎ ᠶᠢᠨ ᠪᠣᠯᠪᠠᠰᠤᠷᠠᠯ ᠤᠨ ᠠᠵᠢᠯᠯᠠᠭ᠎ᠠ ᠭᠢᠷᠢᠨ ᠮᠤᠵᠢ ᠶᠢᠨ ᠴᠠᠩᠴᠦ᠋ᠨ ᠬᠤᠲᠠ ᠳᠤ ᠲᠡᠭᠦᠰ ᠠᠮᠵᠢᠯᠲᠠ ᠲᠠᠢ ᠥᠨᠳᠥᠷᠯᠡᠪᠡ᠃ ᠲᠣᠰ ᠤᠳᠠᠭᠠᠨ ᠤ ᠠᠵᠢᠯᠯᠠᠭ᠎ᠠ ᠶᠢ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠯᠦ ᠲᠧᠩ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠬᠠᠮᠵᠢᠯᠴᠠᠨ ᠡᠷᠭᠢᠯᠡᠵᠦ᠂ ᠴᠢᠩᠱᠠᠨ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠥᠯ ᠪᠥᠮᠪᠦᠭᠡ ᠶᠢᠨ ᠰᠢᠯᠢᠳᠡᠭ ᠪᠠᠭᠰᠢ ︵ᠰᠤᠷᠭᠠᠭᠴᠢ︶ ᠨᠡᠶᠢᠲᠡ 30 ᠭᠠᠷᠤᠶ ᠬᠥᠮᠦᠨ 7 ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠳᠤ ᠣᠷᠣᠯᠴᠠᠪᠠ᠃      ᠲᠣᠰ ᠤᠳᠠᠭᠠᠨ ᠤ ᠪᠣᠯᠪᠠᠰᠤᠷᠠᠯ ᠨᠢ ᠮᠠᠰᠢ ᠣᠯᠠᠨ ᠲᠤᠷᠰᠢᠯᠭ᠎ᠠ ᠪᠠᠷ ᠪᠠᠶᠠᠯᠢᠭ᠂ ᠲᠤᠰᠬᠠᠶ ᠮᠡᠷᠭᠡᠵᠢᠯ ᠨᠢ ᠨᠠᠷᠢᠨ ᠨᠢᠮᠪᠠᠶ ᠲᠤᠰᠬᠠᠶ ᠮᠡᠷᠭᠡᠵᠢᠯᠲᠡᠨ ᠤ ᠯᠧᠺᠲ᠋ᠣᠷ ᠢ ᠬᠤᠷᠠᠮᠳᠤᠭᠤᠯᠵᠤ᠂ ᠲᠡᠳᠡᠨᠤᠰ ᠲᠡᠷᠢᠭᠦᠨ ᠤ ᠬᠥᠯ ᠪᠥᠮᠪᠦᠭᠡ ᠶᠢᠨ ᠣᠶᠢᠯᠠᠭᠠᠭᠳᠠᠬᠤᠨ᠂ ᠰᠢᠨᠵᠢᠯᠡᠬᠦ ᠤᠬᠠᠭᠠᠨᠴᠢ ᠪᠣᠯᠪᠠᠰᠤᠷᠠᠯ ᠤᠨ ᠠᠷᠭ᠎ᠠ ᠵᠢᠴᠢ ᠡᠯᠪᠡᠭ ᠪᠠᠶᠠᠯᠢᠭ ᠤᠷᠤᠯᠳᠤᠭᠠᠨ ᠤ ᠲᠤᠷᠰᠢᠯᠭ᠎ᠠ ᠵᠢ‌ᠣᠷᠣᠯᠴᠠᠭᠴᠢ ᠨᠢᠭᠡᠪᠦᠷᠢ ᠳᠤ ᠬᠠᠷᠠᠮ ᠦᠭᠡᠢ ᠳᠠᠮᠵᠢᠭᠤᠯᠵᠤ ᠥᠭᠪᠡ᠃ ︽ᠣᠨᠣᠯ + ᠪᠣᠳᠠᠲᠤ ᠲᠠᠮᠢᠷ︾᠎ ᠤᠨ ᠠᠮᠢᠳᠤᠯᠢᠭ ᠵᠢᠭᠠᠨ ᠰᠤᠷᠭᠠᠯᠲᠠ ᠶᠢᠨ ᠵᠠᠭᠪᠤᠷ ᠢ ᠬᠡᠷᠡᠭᠯᠡᠬᠦ ᠪᠠᠷ ᠳᠠᠮᠵᠢᠭᠤᠯᠤᠨ᠂ ᠬᠥᠯ ᠪᠥᠮᠪᠦᠭᠡ ᠶᠢᠨ ᠲᠣᠭᠯᠠᠭᠠᠮ ᠢ ᠠᠭᠤᠰᠤᠯᠴᠠᠭᠤᠯᠤᠨ ᠰᠤᠷᠭᠠᠨ ᠬᠥᠮᠦᠵᠢᠯ ᠤᠨ ᠠᠴᠢ ᠬᠤᠯᠪᠣᠭᠳᠠᠯ ᠪᠠ ᠠᠷᠭ᠎ᠠ ᠵᠠᠮ᠂ ᠪᠠᠭᠰᠢ ᠶᠢᠨ ᠬᠥᠯ ᠪᠥᠮᠪᠦᠭᠡ ᠪᠠᠷ ᠬᠢᠴᠢᠶᠡᠯᠯᠡᠬᠦ  ᠵᠢᠭᠠᠨ ᠰᠤᠷᠭᠠᠬᠤ ᠰᠠᠭᠤᠷᠢ ᠠᠷᠭ᠎ᠠ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠮᠡᠷᠭᠡᠵᠢᠯ ᠤᠨ ᠰᠢᠯᠭᠠᠬᠤ ᠠᠷᠭ᠎ᠠ ᠶᠢᠨ ᠪᠣᠳᠠᠲᠤ ᠵᠢᠱᠢᠶ᠎ᠡ ᠶᠢᠨ ᠵᠠᠳᠠᠯᠤᠯᠲᠠ ᠵᠡᠷᠭᠡ ᠠᠭᠤᠯᠭ᠎ᠠ ᠪᠠᠷ ᠳᠠᠮᠵᠢᠭᠤᠯᠤᠨ ᠲᠠᠶᠢᠯᠪᠤᠷᠢᠯᠠᠨ ᠪᠣᠯᠪᠠᠰᠤᠷᠠᠭᠤᠯᠵᠠᠶ᠃      ᠪᠣᠯᠪᠠᠰᠤᠷᠠᠯ ᠤᠨ ᠶᠠᠪᠤᠴᠠ ᠳᠤ᠂ ᠪᠠᠭᠰᠢ ᠪᠣᠯᠤᠨ ᠰᠤᠷᠭᠠᠭᠴᠢᠳ ᠤᠨ ᠬᠠᠯᠠᠭᠤᠨ ᠰᠡᠳᠬᠢᠯᠭᠡ ᠣᠷᠭᠢᠯᠵᠤ᠂ ᠢᠳᠡᠪᠬᠢᠲᠡᠢ ᠪᠠᠷ ᠬᠠᠷᠢᠯᠴᠠᠨ ᠬᠥᠳᠡᠯᠦᠯᠴᠡᠵᠦ᠂ ᠤᠨᠤᠯ ᠤᠨ ᠰᠤᠷᠤᠯᠴᠠᠯᠭ᠎ᠠ ᠶᠢᠨ ᠳᠤᠮᠳᠠ ᠭᠦᠨᠵᠡᠭᠡᠢ ᠰᠡᠳᠬᠢᠨ ᠪᠣᠳᠣᠯᠬᠢᠯᠠᠭᠰᠠᠨ ᠢᠶᠠᠷ ᠪᠠᠷᠠᠬᠤ ᠦᠭᠡᠢ᠂ ᠨᠡᠩ ᠴᠤ ᠦᠢᠯᠡᠳᠦᠯᠭᠡ ᠶᠢᠨ ᠰᠣᠷᠢᠯᠲᠠ ᠶᠢᠨ ᠳᠤᠮᠳᠠ ᠤᠷ᠎ᠠ ᠮᠡᠷᠭᠡᠵᠢᠯ ᠢᠶᠠᠨ ᠲᠠᠰᠤᠷᠠᠯᠲᠠ ᠦᠭᠡᠢ ᠪᠣᠯᠪᠠᠰᠤᠷᠠᠭᠤᠯᠪᠠ᠃ ᠲᠡᠳᠡᠨᠤᠰ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠪᠠᠷ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠪᠣᠯᠪᠠᠰᠤᠷᠠᠯ ᠳᠤ ᠣᠷᠣᠯᠴᠠᠵᠤ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯᠲᠠᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠦᠢᠯᠡᠰ ᠲᠤ ᠦᠵᠡᠭᠦᠯᠦᠭᠰᠡᠨ ᠡᠷᠡᠰ ᠪᠠᠲᠤ ᠬᠠᠶᠢᠷ᠎ᠠ ᠰᠡᠳᠬᠢᠯᠭᠡ ᠶᠢ ᠢᠯᠡᠷᠡᠭᠦᠯᠪᠡ᠃      ᠬᠦᠳᠡᠯᠭᠡᠭᠡᠨ ᠤ ᠲᠡᠭᠦᠰ ᠠᠮᠵᠢᠯᠲᠠ ᠲᠠᠢ ᠲᠡᠭᠦᠰᠬᠦ ᠶᠢ ᠳᠠᠭᠠᠯᠳᠤᠨ᠂ ᠡᠲᠡᠭᠡᠷ ᠲᠤᠰᠬᠠᠶ ᠮᠡᠷᠭᠡᠵᠢᠯ ᠤᠨ ᠪᠣᠯᠪᠠᠰᠤᠷᠠᠯ ᠭᠥᠷᠳᠡᠭᠰᠡᠨ ᠬᠥᠯ ᠪᠥᠮᠪᠦᠭᠡ ᠶᠢᠨ ᠪᠠᠭᠰᠢ ︵ᠰᠤᠷᠭᠠᠭᠴᠢ︶᠎ ᠨᠢ ᠴᠣ ᠰᠢᠨ᠎ᠡ ᠣᠶᠢᠯᠠᠭᠠᠭᠳᠠᠬᠤᠨ ᠪᠠ ᠠᠷᠭ᠎ᠠ ᠪᠠᠷ ᠲᠣᠰ ᠲᠣᠰ ᠤᠨ ᠰᠤᠷᠭᠠᠭᠤᠯᠢ ᠶᠢᠨ ᠬᠦᠷᠢᠶᠡᠨ ᠳᠤ ᠪᠤᠴᠠᠵᠤ ᠢᠷᠡᠵᠦ᠂ ᠬᠡᠦᠬᠡᠳ ᠤᠳ ᠲᠤ ᠨᠠᠩ ᠴᠢᠨᠠᠷ ᠰᠠᠶᠢᠲᠠᠶ᠂ ᠲᠤᠰᠬᠠᠶ ᠮᠡᠷᠭᠡᠵᠢᠯ ᠤᠨ ᠬᠥᠯ ᠪᠥᠮᠪᠦᠭᠡ ᠶᠢᠨ ᠰᠤᠷᠭᠠᠨ ᠬᠥᠮᠦᠵᠢᠯ ᠣᠯᠭᠤᠬᠤ ᠪᠣᠯᠤᠨ᠎ᠠ᠃ ᠲᠡᠳᠡᠨᠤᠰ ᠴᠢᠩᠱᠠᠨ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠥᠭᠵᠢᠯᠲᠡ ᠶᠢᠨ ᠲᠤᠯᠭᠠᠭᠤᠷᠢ ᠬᠦᠴᠦᠨ ᠪᠣᠯᠵᠤ᠂ ᠨᠠᠩ ᠣᠯᠠᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠬᠥᠯ ᠪᠥᠮᠪᠦᠭᠡ ᠶᠢᠨ ᠬᠥᠳᠡᠯᠭᠡᠭᠡᠨ ᠳᠤ ᠣᠷᠣᠯᠴᠠᠭᠤᠯᠵᠤ᠂ ᠬᠥᠯ ᠪᠥᠮᠪᠦᠭᠡ ᠶᠢᠨ ᠠᠪᠴᠢᠷᠠᠭᠰᠠᠨ ᠪᠠᠶᠠᠷ ᠪᠠᠶᠠᠰᠤᠯ ᠪᠠ ᠦᠰᠦᠨ ᠪᠤᠶᠢᠵᠢᠯᠲᠠ ᠶᠢ ᠡᠳ᠋ᠯᠡᠭᠦᠯᠬᠦ ᠪᠣᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号