ᠪᠠᠭᠠᠴᠤᠳ ᠬᠡᠤᠬᠡᠳ ᠪᠣᠯ ᠤᠯᠤᠰ ᠤᠨ ᠬᠦᠰᠡᠯ ᠡᠷᠡᠮᠡᠯᠵᠡᠯ ᠮᠥᠨ᠂ ᠪᠠᠭᠠᠴᠤᠳ ᠬᠡᠤᠬᠡᠳ ᠤᠨ ᠦᠰᠦᠨ | ᠪᠤᠶᠢᠵᠢᠯᠲᠠ ᠪᠣᠯ ᠦᠨᠳᠦᠰᠦᠲᠡᠨ ᠤ ᠰᠣᠶᠣᠯ ᠤᠨ ᠦᠷᠭᠦᠯᠵᠢᠯᠡᠯ ᠪᠠ ᠮᠡᠳᠡᠯᠭᠡ ᠶᠢᠨ ᠡᠳ᠋ ᠪᠠᠶᠠᠯᠢᠭ ᠤᠨ | ᠤᠯᠠᠮᠵᠢᠯᠠᠯ ᠳᠤ ᠬᠤᠯᠪᠣᠭᠳᠠᠵᠤ ᠪᠠᠶᠢᠳᠠᠭ᠃ ᠴᠢᠩᠱᠠᠨ ᠲᠣᠭᠤᠷᠢᠭ ᠤᠨ ᠨᠣᠮ ᠤᠨ ᠰᠠᠩ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠰᠣᠶᠣᠯ ᠤᠨ ᠦᠢᠯᠡᠴᠢᠯᠡᠭᠡᠨ ᠤ ᠴᠢᠬᠤᠯᠠ ᠴᠤᠩᠬᠤᠪᠴᠢ ᠪᠣᠯᠤᠭᠰᠠᠨ ᠤ ᠬᠤᠪᠢ ᠳᠤ᠂ ᠪᠦᠬᠦ ᠠᠷᠠᠳ ᠤᠨ | ᠤᠩᠰᠢᠯᠭ᠎ᠠ ᠶᠢ ᠳᠡᠯᠭᠡᠷᠡᠭᠦᠯᠬᠦ ᠬᠦᠨᠳᠦ ᠡᠭᠦᠷᠭᠡ ᠶᠢ ᠡᠭᠦᠷᠭᠡᠯᠡᠵᠦ᠂ ᠵᠠᠯᠠᠭᠤᠴᠤᠳ ᠪᠠᠭᠠᠴᠤᠳ ᠤᠨ ᠤᠩᠰᠢᠯᠭ᠎ᠠ ᠶᠢ | ᠳᠡᠯᠭᠡᠷᠡᠭᠦᠯᠬᠦ ᠠᠵᠢᠯ ᠢ ᠰᠠᠶᠢᠲᠤᠷ ᠬᠢᠬᠦ ᠪᠣᠯ ᠴᠢᠩᠱᠠᠨ ᠲᠣᠭᠤᠷᠢᠭ ᠤᠨ ᠨᠣᠮ ᠤᠨ ᠰᠠᠩ ᠤᠨ ᠣᠳᠣᠬᠠᠨ ᠤ ᠴᠢᠬᠤᠯᠠ | ᠠᠵᠢᠯ ᠤᠨ ᠠᠭᠤᠯᠭ᠎ᠠ ᠶᠢᠨ ᠨᠢᠭᠡ ᠪᠣᠯᠤᠨ᠎ᠠ᠃ ᠴᠢᠩᠱᠠᠨ ᠲᠣᠭᠤᠷᠢᠭ ᠤᠨ ᠨᠣᠮ ᠤᠨ ᠰᠠᠩ ᠪᠠᠭᠠᠴᠤᠳ ᠬᠡᠦᠬᠡᠳ ᠤᠨ | ᠤᠩᠰᠢᠯᠭ᠎ᠠ ᠶᠢᠨ ᠳᠤᠷ᠎ᠠ ᠰᠣᠨᠢᠷᠬᠠᠯ ᠢ ᠳᠡᠭᠡᠭᠰᠢᠯᠡᠭᠦᠯᠵᠦ᠂ ᠲᠡᠳᠡᠨᠤᠰ ᠤᠨ ᠰᠢᠯᠢᠳᠡᠭ ᠰᠠᠶᠢᠨ ᠤᠩᠰᠢᠯᠭ᠎ᠠ ᠶᠢᠨ ᠠᠷᠭ᠎ᠠ | ᠪᠣᠯᠤᠨ ᠤᠩᠰᠢᠯᠭ᠎ᠠ ᠶᠢᠨ ᠴᠢᠳᠠᠪᠤᠷᠢ ᠶᠢ ᠬᠥᠮᠦᠵᠢᠭᠦᠯᠵᠦ᠂ ᠤᠩᠰᠢᠯᠭ᠎ᠠ ᠶᠢᠨ ᠶᠠᠪᠤᠴᠠ ᠳᠤ ᠨᠡᠩ ᠬᠤᠷᠴᠠ ᠰᠡᠷᠭᠡᠭ | ᠠᠵᠢᠭᠯᠠᠯᠲᠠ ᠶᠢᠨ ᠴᠢᠳᠠᠪᠤᠷᠢ ᠲᠠᠢ ᠪᠣᠯᠭᠠᠵᠤ᠂ ᠬᠡᠷᠡᠭ ᠪᠣᠳᠠᠰ ᠲᠤ ᠬᠠᠨᠳᠤᠬᠤ ᠬᠠᠷᠠᠭᠠᠰᠤ ᠶᠢ ᠥᠷᠭᠡᠳᠬᠡᠵᠦ᠂ | ᠤᠩᠰᠢᠯᠭ᠎ᠠ ᠶᠢᠨ ᠳᠤᠷ᠎ᠠ ᠰᠣᠨᠢᠷᠬᠠᠯ ᠢ ᠰᠠᠶᠢᠨ ᠵᠦᠭ ᠲᠤ ᠬᠥᠭᠵᠢᠭᠦᠯᠬᠦ ᠦᠢᠯᠡᠴᠢᠯᠡᠭᠡᠨ ᠤ ᠣᠶᠢᠯᠠᠭᠠᠭᠳᠠᠬᠤᠨ ᠢ ᠪᠤᠢ | ᠪᠣᠯᠭᠠᠵᠤ᠂ ᠪᠠᠭᠠᠴᠤᠳ ᠬᠡᠦᠬᠡᠳ ᠢ ᠬᠥᠲᠥᠯᠥᠨ ᠳᠠᠭᠠᠭᠤᠯᠵᠤ ᠵᠥᠪ ᠠᠮᠢᠳᠤᠷᠠᠬᠤᠢ ᠶᠢᠨ ᠦᠵᠡᠯᠲᠡ᠂ ᠦᠷᠳᠡᠭ ᠤᠨ | ᠦᠵᠡᠯᠲᠡ ᠪᠣᠯᠤᠨ ᠶᠣᠰᠣ ᠰᠤᠷᠲᠠᠬᠤᠨ ᠤ ᠦᠵᠡᠯᠲᠡ ᠶᠢ ᠪᠤᠢ ᠪᠤᠯᠭᠠᠵᠦ᠂ ᠲᠤᠰᠬᠠᠢ ᠤᠩᠰᠢᠯᠭ᠎ᠠ ᠶᠢᠨ ᠣᠷᠣᠨ ᠵᠠᠢ ᠶᠢ | ᠪᠠᠶᠢᠭᠤᠯᠵᠤ᠂ ᠤᠩᠰᠢᠯᠭ᠎ᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ᠂ ᠳᠣᠣᠷᠠᠬᠢ | ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠪᠡ᠄ | ᠨᠢᠭᠡ᠂ ᠴᠢᠨᠠᠷᠵᠢᠭᠤᠨ ᠦᠢᠯᠡᠴᠢᠯᠡᠭᠡᠨ ᠤ ᠣᠷᠴᠢᠨ ᠨᠥᠬᠦᠴᠡᠯ | ᠴᠢᠩᠱᠠᠨ ᠲᠣᠭᠤᠷᠢᠭ ᠤᠨ ᠨᠣᠮ ᠤᠨ ᠰᠠᠩ ᠨᠠᠰᠤᠨ ᠳᠤ ᠦᠯᠦ ᠬᠦᠷᠦᠭᠰᠡᠳ ᠤᠨ ᠨᠣᠮ ᠤᠩᠰᠢᠬᠤ ᠳᠤᠷ᠎ᠠ | ᠪᠠᠬ᠎ᠠ ᠶᠢ ᠳᠡᠭᠡᠭᠰᠢᠯᠡᠭᠦᠯᠬᠦ ᠶᠢᠨ ᠲᠥᠯᠥᠭᠡ ᠰᠢᠯᠢᠳᠡᠭ ᠰᠠᠭᠤᠷᠢᠨ ᠭᠠᠵᠠᠷ ᠤᠨ ᠦᠢᠯᠡᠴᠢᠯᠡᠭᠡ ᠶᠢ ᠬᠦᠴᠦᠯᠡᠨ ᠪᠣᠢ | ᠪᠣᠯᠭᠠᠪᠠ᠃ ᠬᠡᠦᠬᠡᠳ ᠤᠨ ᠣᠷᠳᠣᠨ ᠤ ᠣᠷᠴᠢᠨ ᠲᠣᠭᠤᠷᠢᠨ ᠨᠢ ᠭᠤᠶᠣ ᠰᠠᠶᠢᠬᠠᠨ᠂ ᠰᠤᠷᠪᠤᠯᠵᠢ ᠪᠢᠴᠢᠭ ᠤᠨ ᠡᠬᠢ | ᠪᠠᠶᠠᠯᠢᠭ ᠡᠯᠪᠡᠭ ᠳᠡᠯᠪᠡᠭ᠂ ᠦᠢᠯᠡᠴᠢᠯᠡᠭᠡᠨ ᠤ ᠲᠥᠬᠦᠭᠡᠷᠦᠮᠵᠢ ᠨᠢ ᠪᠦᠷᠢᠨ ᠲᠡᠭᠦᠯᠳᠡᠷ ᠪᠠᠶᠢᠬᠤ ᠨᠢ ᠥᠷᠭᠡᠨ ᠣᠯᠠᠨ | ᠤᠩᠰᠢᠭᠴᠢᠳ ᠵᠢᠴᠢ ᠭᠡᠷ ᠤᠨ ᠠᠬᠠᠮᠠᠳ ᠲᠤ ᠲᠠᠭᠠᠰᠢᠶᠠᠭᠳᠠᠭᠰᠠᠨ ᠪᠠᠶᠢᠨ᠎ᠠ᠃ ᠤᠳᠤ ᠤᠷᠳᠤᠨ ᠤ ᠪᠦᠳᠦᠬᠡᠨ | ᠪᠠᠶᠢᠭᠤᠯᠤᠯᠳᠠ ᠶᠢᠨ ᠳᠠᠯᠠᠪᠠᠢ ᠨᠢ 420 ᠭᠠᠷᠤᠢ ᠳᠡᠭᠰᠢ ᠳᠦᠷᠪᠡᠯᠵᠢᠨ ᠮᠧᠲᠷ᠂ 12000 ᠳᠡᠪᠳᠡᠷ᠂ ᠰᠡᠳᠬᠦᠯ | 200 ᠭᠠᠷᠤᠢ ᠳᠡᠪᠳᠡᠷ᠂ ᠳᠤᠭᠠᠴᠢᠯᠠᠭᠰᠠᠨ ᠡᠬᠢ ᠪᠠᠶᠠᠯᠢᠭ 16 ᠭᠠᠷᠤᠢ ᠬᠦᠷᠪᠡ᠃ ᠤᠩᠰᠢᠯᠭ᠎ᠠ ᠶᠢᠨ ᠦᠢᠯᠡᠴᠢᠯᠡᠭᠡ | 157 ᠰᠠᠭᠤᠳᠠᠯ ᠲᠠᠢ︔ ᠨᠣᠮ ᠤᠨ ᠰᠠᠩ ᠳᠤ ᠴᠢᠳᠠᠮᠵᠢ ᠶᠢᠨ ᠦᠢᠯᠡᠴᠢᠯᠡᠭᠡᠨ ᠤ ᠲᠣᠭᠤᠷᠢᠭ ᠢ ᠵᠦᠶ ᠵᠣᠬᠢᠰᠲᠠᠶ | ᠲᠤᠬᠢᠷᠠᠭᠤᠯᠵᠦ᠂ ᠡᠭᠦᠨ ᠳᠤ ︽ᠵᠢᠷᠤᠭ ᠵᠢᠷᠤᠬᠤ ᠤᠷᠤᠨ︾᠂ ︽ᠶᠡᠷᠦᠩᠬᠡᠶᠢᠯᠡᠭᠰᠡᠨ ᠨᠣᠮ ᠵᠢᠭᠡᠯᠡᠬᠦ ᠣᠷᠣᠨ︾᠂ | ︽ᠪᠠᠭᠠᠴᠤᠳ ᠬᠡᠦᠬᠡᠳ ᠤᠨ ᠤᠩᠰᠢᠯᠭ᠎ᠠ ᠶᠢᠨ ᠣᠷᠣᠨ︾᠂ ︽ᠨᠢᠯᠬ᠎ᠠ ᠬᠡᠦᠬᠡᠳ ᠤᠨ ᠤᠩᠰᠢᠯᠭ᠎ᠠ ᠶᠢᠨ ᠣᠷᠣᠨ︾ ᠵᠡᠷᠭᠡ | ᠲᠤᠰᠬᠠᠶ ᠰᠡᠳᠦᠪᠲᠦ ᠦᠢᠯᠡᠴᠢᠯᠡᠭᠡᠨ ᠤ ᠣᠷᠣᠨ ᠪᠠᠭᠲᠠᠨ᠎ᠠ︔ ᠲᠣᠭᠠᠴᠢᠯᠠᠭᠰᠠᠨ ᠦᠢᠯᠡᠴᠢᠯᠡᠭᠡᠨ ᠤ ᠲᠥᠬᠦᠭᠡᠷᠦᠮᠵᠢ ᠨᠢ | ᠨᠠᠰᠤᠨ ᠳᠤ ᠥᠯᠥ ᠭᠦᠷᠦᠭᠰᠡᠳ ᠤᠨ ᠤᠩᠰᠢᠭᠴᠢᠳ ᠲᠤ ᠰᠢᠨ᠎ᠡ ᠪᠡᠶᠡᠴᠢᠯᠡᠨ ᠣᠶᠢᠯᠠᠭᠠᠬᠤ ᠦᠢᠯᠡᠴᠢᠯᠡᠭᠡ ᠨᠡᠭᠡᠭᠡᠵᠦ᠂ | ᠵᠢᠷᠤᠭ ᠤᠨ ᠳᠡᠯᠭᠡᠴᠡ᠂ ᠲᠡᠯᠡᠶ ᠶᠢᠨ ᠵᠢᠷᠤᠭ ᠲᠠᠢ ᠪᠡᠶᠡᠴᠢᠯᠡᠨ ᠣᠶᠢᠯᠠᠭᠠᠬᠤ ᠲᠥᠬᠦᠭᠡᠷᠦᠮᠵᠢ᠂ ᠡᠯᠧᠺᠲᠷᠣᠨ ᠤᠷᠠᠨ | ᠪᠢᠴᠢᠯᠭᠡ ᠶᠢᠨ ᠮᠠᠰᠢᠨ᠂ ᠡᠯᠧᠺᠲᠷᠣᠨ ᠮᠢᠭᠮᠡᠨ ᠰᠢᠲᠠᠷ᠎ᠠ ᠶᠢᠨ ᠮᠠᠰᠢᠨ᠂ ᠪᠠᠷ ᠵᠢᠷᠤᠬᠤ ᠮᠠᠰᠢᠨ ᠵᠡᠷᠭᠡ ᠶᠢ ᠲᠣᠬᠢᠷᠠᠭᠤᠯᠵᠤ᠂ | ᠨᠠᠰᠤᠨ ᠳᠤ ᠥᠯᠥ ᠭᠦᠷᠦᠭᠰᠡᠳ ᠤᠨ ᠣᠷᠳᠣᠨ ᠳᠤ ᠬᠦᠷᠴᠦ ᠤᠩᠰᠢᠯᠭ᠎ᠠ ᠶᠢᠨ ᠣᠶᠢᠯᠠᠭᠠᠯᠲᠠ ᠶᠢ ᠲᠦᠢᠯ ᠤᠨ | ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃ | ᠬᠤᠶᠠᠷ᠂ ᠳᠥᠭᠦᠮ ᠳᠥᠲᠡ ᠦᠢᠯᠡᠴᠢᠯᠡᠭᠡᠨ ᠤ ᠠᠷᠭ᠎ᠠ ᠮᠠᠶ᠋ᠢᠭ | ᠴᠢᠩᠱᠠᠨ ᠲᠣᠭᠤᠷᠢᠭ ᠤᠨ ᠨᠣᠮ ᠤᠨ ᠰᠠᠩ ᠤᠨ ᠪᠠᠭᠠᠴᠤᠳ ᠤᠨ ᠣᠷᠳᠣᠨ ᠤᠩᠰᠢᠭᠴᠢᠳ ᠲᠤ ᠳᠥᠭᠦᠮ | ᠦᠵᠡᠭᠦᠯᠬᠦ ᠦᠢᠯᠡᠴᠢᠯᠡᠭᠡᠨ ᠤ ᠠᠷᠭ᠎ᠠ ᠬᠡᠯᠪᠡᠷᠢ ᠬᠠᠩᠭᠠᠪᠠ᠃ ᠨᠣᠮ ᠤᠨ ᠰᠠᠩ ᠪᠢᠴᠢᠬᠠᠨ ᠤᠩᠰᠢᠭᠴᠢᠳ ᠤᠨ ᠨᠣᠮ | ᠵᠢᠭᠡᠯᠡᠬᠦ᠂ ᠨᠣᠮ ᠪᠤᠴᠠᠭᠠᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠬᠡᠦᠬᠡᠳ ᠤᠨ ᠨᠣᠮ ᠤᠨ ᠰᠠᠩ ᠳᠤ | ᠲᠤᠰᠬᠠᠶᠢᠯᠠᠨ ᠨᠣᠮ ᠪᠢᠴᠢᠭ ᠵᠢᠭᠡᠯᠡᠵᠦ ᠪᠤᠴᠠᠭᠠᠬᠤ ᠮᠠᠰᠢᠨ ᠲᠣᠬᠢᠷᠠᠭᠤᠯᠵᠤ᠂ ᠨᠣᠮ ᠤᠨ ᠰᠠᠩ ᠳᠤ ᠨᠣᠮ ᠪᠢᠴᠢᠭ ᠢ | ᠲᠥᠷᠥᠯ ᠬᠤᠪᠢᠶᠠᠨ ᠲᠠᠯᠪᠢᠵᠤ᠂ ᠨᠣᠮ ᠤᠨ ᠵᠢᠶᠠᠰᠠ ᠪᠠᠷ ᠨᠣᠮ ᠪᠢᠴᠢᠭ ᠤᠨ ᠲᠥᠷᠥᠯ ᠬᠤᠪᠢᠶᠠᠭᠰᠠᠨ ᠲᠡᠮᠳᠡᠭ ᠬᠢᠵᠦ᠂ | ᠪᠢᠴᠢᠬᠠᠨ ᠤᠩᠰᠢᠭᠴᠢᠳ ᠠᠵᠢᠯᠲᠠᠨ ᠤ ᠳᠠᠭᠠᠭᠤᠯᠭ᠎ᠠ ᠪᠠᠷ ᠨᠣᠮ ᠪᠢᠴᠢᠭ ᠤᠨ ᠲᠡᠮᠳᠡᠭ ᠢ ᠰᠤᠷᠤᠯᠴᠠᠨ ᠲᠠᠨᠢᠵᠤ᠂ ᠨᠣᠮ | ᠡᠷᠢᠬᠦ ᠵᠡᠷᠭᠡ ᠶᠡᠷᠦ ᠶᠢᠨ ᠮᠡᠳᠡᠯᠭᠡ ᠶᠢ ᠡᠵᠡᠮᠰᠢᠵᠦ᠂ ᠡᠴᠦᠰ ᠲᠡᠭᠡᠨ ᠳᠥᠭᠦᠮ ᠳᠥᠲᠡ ᠦᠢᠯᠡᠴᠢᠯᠡᠭᠡ ᠪᠠᠷ ᠳᠠᠮᠵᠢᠨ | ᠤᠩᠰᠢᠭᠴᠢᠳ ᠲᠤ ᠨᠣᠮ ᠵᠢᠭᠡᠯᠡᠬᠦ᠂ ᠨᠣᠮ ᠪᠤᠴᠠᠭᠠᠬᠤ᠂ ᠦᠷᠭᠦᠯᠵᠢᠯᠡᠨ ᠵᠢᠭᠡᠯᠡᠬᠦ ᠵᠡᠷᠭᠡ ᠴᠢᠳᠠᠮᠵᠢ ᠶᠢ ᠪᠡᠶᠡᠯᠡᠭᠦᠯᠵᠦ | ᠳᠡᠶᠢᠯᠬᠦ ᠪᠠᠷ ᠳᠠᠮᠵᠢᠨ᠂ ᠤᠩᠰᠢᠭᠴᠢᠳ ᠲᠤ ᠨᠣᠮ ᠤᠨ ᠰᠠᠩ ᠳᠤ ᠪᠠᠶᠠᠷ ᠪᠠᠶᠠᠰᠤᠯ ᠠᠪᠴᠢᠷᠠᠭᠰᠠᠨ ᠤ ᠬᠠᠮᠲᠤ | ᠨᠣᠮ ᠤᠨ ᠰᠠᠩ ᠳᠤ ᠬᠦᠷᠴᠦ ᠣᠶᠢᠯᠠᠭᠠᠬᠤ ᠲᠥᠷᠥᠭᠳᠡᠯ ᠪᠠ ᠣᠷᠣᠯᠴᠠᠬᠤ ᠲᠥᠷᠥᠭᠳᠡᠯ ᠢ ᠨᠡᠮᠡᠭᠳᠡᠭᠦᠯᠪᠡ᠃ | ᠭᠤᠷᠪᠠ᠂ ᠤᠯᠠᠨ ᠶᠠᠩᠵᠤ ᠶᠢᠨ ᠤᠩᠰᠢᠯᠭ᠎ᠠ ᠶᠢ ᠳᠡᠯᠭᠡᠷᠡᠭᠦᠯᠬᠦ ᠦᠢᠯᠡᠴᠢᠯᠡᠭᠡ | ᠪᠠᠭᠠᠴᠤᠳ ᠬᠡᠦᠬᠡᠳ ᠤᠨ ᠤᠩᠰᠢᠯᠭ᠎ᠠ ᠶᠢ ᠳᠡᠯᠭᠡᠷᠡᠭᠦᠯᠬᠦ ᠣᠯᠠᠨ ᠶᠠᠩᠵᠤ ᠶᠢᠨ ᠦᠢᠯᠡᠴᠢᠯᠡᠭᠡ ᠬᠠᠩᠭᠠᠵᠤ᠂ | ᠴᠢᠩᠱᠠᠨ ᠲᠣᠭᠤᠷᠢᠭ ᠤᠨ ᠨᠣᠮ ᠤᠨ ᠰᠠᠩ ᠤᠨ ᠪᠠᠭᠠᠴᠤᠳ ᠬᠡᠦᠬᠡᠳ ᠤᠨ ᠣᠷᠳᠣᠨ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ᠂ ᠵᠠᠯᠠᠭᠤᠴᠤᠳ ᠪᠠᠭᠠᠴᠤᠳ ᠤᠨ ᠡᠪᠦᠯ᠂ ᠵᠤᠨ ᠤ ᠠᠮᠠᠷᠠᠯᠲᠠ ᠶᠢ ᠠᠰᠢᠭᠯᠠᠨ᠂ ᠵᠢᠭᠰᠠᠭᠠᠯ ᠤᠨ | ᠭᠠᠵᠠᠷ ᠤᠨ ᠰᠠᠭᠤᠷᠢ ᠦᠢᠯᠡᠴᠢᠯᠡᠭᠡ ᠶᠢ ᠪᠠᠬᠢᠵᠢᠭᠦᠯᠬᠦ ᠰᠠᠭᠤᠷᠢᠨ ᠳᠡᠭᠡᠷ᠎ᠡ᠂ ᠦᠢᠯᠡᠴᠢᠯᠡᠭᠡᠨ ᠤ ᠠᠭᠤᠯᠭ᠎ᠠ ᠪᠠ ᠠᠷᠭ᠎ᠠ | ᠮᠠᠶ᠋ᠢᠭ ᠢ ᠥᠷᠭᠡᠳᠬᠡᠨ᠂ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠢᠶᠠᠷ ᠣᠯᠠᠨ ᠶᠠᠩᠵᠤ ᠶᠢᠨ ᠵᠠᠯᠠᠭᠤᠴᠤᠳ | ᠪᠠᠭᠠᠴᠤᠳ ᠤᠨ ᠤᠩᠰᠢᠯᠭ᠎ᠠ ᠶᠢ ᠳᠡᠯᠭᠡᠷᠡᠭᠦᠯᠬᠦ ᠠᠵᠢᠯᠯᠠᠭ᠎ᠠ ᠶᠢ ᠥᠷᠨᠢᠭᠦᠯᠵᠦ᠂ ᠥᠪᠡᠷ ᠤᠨ ᠨᠡᠷᠡᠲᠦ ᠲᠡᠮᠳᠡᠭᠲᠦ ᠶᠢᠨ | ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠵᠢᠱᠢᠶᠡᠯᠡᠪᠡᠯ ︽ᠪᠠᠭᠠᠴᠤᠳ ᠬᠡᠦᠬᠡᠳ ᠤᠨ ᠪᠦᠲᠦᠭᠡᠯᠴᠢ | ᠤᠷᠠᠨ ᠵᠢᠷᠤᠭ︾᠂ ︽ᠪᠠᠭᠠᠴᠤᠳ ᠬᠡᠦᠬᠡᠳ ᠤᠨ ᠪᠠᠷ ᠵᠢᠷᠤᠭ ᠤᠨ ᠣᠶᠢᠯᠠᠭᠠᠯᠲᠠ︾᠂ ︽ᠪᠠᠭᠠᠴᠤᠳ ᠬᠡᠦᠬᠡᠳ ᠤᠨ | ᠰᠣᠩᠭᠤᠳᠠᠭ ᠺᠢᠨᠣ᠋ ᠶᠢᠨ ᠦᠵᠡᠭᠦᠯᠦᠯᠭᠡ︾᠂ ︽ᠤᠯᠠᠮᠵᠢᠯᠠᠯᠲᠤ ᠪᠠᠶᠠᠷ ᠤᠨ ᠡᠳᠦᠷ ᠤᠨ ᠣᠨᠴᠠᠯᠢᠭᠲᠤ ᠠᠵᠢᠯᠯᠠᠭ᠎ᠠ︾᠂ | ︽ᠪᠢᠴᠢᠬᠠᠨ ᠰᠠᠶᠢᠨ ᠳᠤᠷᠠᠴᠤᠤᠯ ᠤᠨ ᠦᠢᠯᠡᠴᠢᠯᠡᠭᠡ︾ ᠵᠡᠷᠭᠡ ᠠᠵᠢᠯᠯᠠᠭ᠎ᠠ ᠨᠢ ᠴᠥᠮ ᠥᠷᠭᠡᠨ ᠣᠯᠠᠨ ᠭᠡᠷ ᠤᠨ | ᠠᠬᠠᠮᠠᠳ ᠪᠠ ᠤᠩᠰᠢᠭᠴᠢᠳ ᠤᠨ ᠪᠠᠭ᠋ᠠᠷᠬᠠᠯ ᠢ ᠬᠦᠷᠲᠡᠵᠦ᠂ ᠡᠭᠦᠨ ᠠᠴᠠ ᠭᠠᠳᠠᠨ᠎ᠠ᠂ ᠸᠢᠴᠠᠲ ᠤᠨ ᠲᠠᠪᠴᠠᠩ ᠢᠶᠠᠷ | ᠳᠠᠮᠵᠢᠭᠤᠯᠤᠨ ᠲᠥᠷᠥᠯ ᠲᠡᠮᠳᠡᠭ ᠤᠨ ᠪᠤᠯᠤᠩ — ︽ᠬᠡᠦᠬᠡᠳ ᠤᠨ ᠡᠷᠳᠡᠨᠢ ᠶᠢᠨ ᠦᠯᠢᠭᠡᠷ ᠤᠨ ᠣᠷᠳᠣᠨ︾ ᠤ | ᠵᠢᠷᠤᠭᠲᠤ ᠳᠡᠪᠲᠡᠷ ᠤᠩᠰᠢᠬᠤ ᠶᠢ ᠪᠠᠶᠢᠭᠤᠯᠪᠠ᠃ | | | | | | |