ᠲᠡᠷᠭᠡ ᠵᠣᠭᠰᠣᠬᠤ ᠪᠠᠶᠢᠷᠢ ᠶᠢ ᠳᠠᠬᠢᠨ ᠵᠢᠷᠤᠵᠤ      ᠲᠡᠷᠭᠡ ᠵᠣᠭᠰᠣᠬᠤ ᠡᠮᠬᠢ ᠳᠢᠭᠯᠢᠮ ᠢ ᠵᠢᠷᠤᠮᠵᠢᠭᠤᠯᠪᠠ
ᠨᠡᠶᠢᠲᠡᠯᠡᠭᠰᠡᠨ ᠴᠠᠭ᠄
2024/7/9
      ᠬᠠᠷᠢᠶᠠᠲᠤ ᠣᠷᠣᠨ ᠤ ᠳᠣᠲᠣᠷᠠᠬᠢ ᠮᠠᠰᠢᠨᠲᠤ ᠲᠡᠷᠭᠡ ᠵᠣᠭᠰᠣᠭᠠᠬᠤ ᠱᠤᠭᠤᠮ ᠤᠨ ᠥᠩᠭᠡ ᠤᠨᠠᠭᠰᠠᠨ᠂ ᠪᠠᠯᠠᠷᠬᠠᠶ ᠪᠠᠶᠢᠬᠤ ᠪᠤᠶᠤ ᠳᠤᠲᠠᠭᠳᠠᠬᠤ᠂ ᠰᠠᠶᠢᠬᠠᠨ ᠪᠤᠰᠤ ᠪᠠᠶᠢᠬᠤ ᠦᠵᠡᠭᠳᠡᠯ ᠳᠤ ᠴᠢᠭᠯᠡᠭᠦᠯᠦᠨ᠂ ᠴᠢᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠲᠡᠷᠭᠡ ᠵᠣᠭᠰᠣᠭᠠᠬᠤ ᠠᠯᠪᠠᠨ ᠭᠡᠷ ᠢᠯᠡᠴᠢᠯᠡᠨ ᠮᠡᠳᠡᠭᠦᠯᠬᠦ ᠭᠤᠤᠯᠳᠠᠯᠭ᠎ᠠ ᠲᠠᠢ ᠵᠠᠮ ᠤᠨ ᠬᠡᠰᠡᠭ᠂ ᠰᠢᠨ᠎ᠡ ᠪᠠᠷ ᠵᠠᠰᠠᠭᠰᠠᠨ ᠵᠠᠮ ᠤᠨ ᠬᠡᠰᠡᠭ ᠤᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠤ᠂ ᠲᠡᠷᠭᠡ ᠵᠣᠭᠰᠣᠭᠠᠬᠤ ᠱᠤᠭᠤᠮ ᠢ ᠳᠠᠬᠢᠨ ᠵᠠᠭᠠᠭᠯᠠᠨ ᠲᠣᠭᠲᠠᠭᠠᠬᠤ ᠠᠵᠢᠯ ᠢ ᠥᠷᠨᠢᠭᠦᠯᠵᠦ᠂ ᠲᠡᠷᠭᠡ ᠵᠣᠭᠰᠣᠭᠠᠬᠤ ᠱᠤᠭᠤᠮ ᠢ ᠨᠠᠩ ᠪᠠᠷᠢᠮᠵᠢᠶ᠎ᠠ᠂ ᠳᠥᠭᠦᠮ ᠳᠥᠲᠡ᠂ ᠨᠠᠩ ᠬᠥᠮᠦᠨᠴᠢᠯᠡᠭᠰᠡᠨ ᠪᠣᠯᠭᠠᠪᠠ᠃      ᠴᠢᠯᠥᠭᠡᠲᠦ ᠵᠠᠮ ᠨᠢ ᠴᠢᠩᠱᠠᠨ ᠲᠣᠭᠤᠷᠢᠭ ᠤᠨ ᠨᠢᠭᠡᠨ ᠴᠢᠬᠤᠯᠠ ᠬᠤᠲᠠ ᠶᠢᠨ ᠭᠤᠣᠯ ᠵᠠᠮ ᠪᠣᠯᠤᠭᠰᠠᠨ ᠤ ᠬᠤᠪᠢ ᠳᠤ᠂ ᠵᠠᠮ ᠤᠨ ᠡᠷᠬᠢᠨ ᠲᠣᠭᠤᠷᠢᠨ ᠳᠤ ᠣᠯᠠᠨ ᠵᠢᠵᠢᠭ ᠬᠠᠭᠤᠴᠢᠨ ᠲᠣᠭᠤᠷᠢᠭ᠂ ᠪᠠᠭ᠎ᠠ ᠰᠤᠷᠭᠠᠭᠤᠯᠢ᠂ ᠶᠡᠭᠡ ᠰᠤᠷᠭᠠᠭᠤᠯᠢ᠂ ᠵᠠᠬ᠎ᠠ ᠳᠡᠯᠭᠡᠭᠦᠷ ᠲᠠᠢ ᠪᠠᠶᠢᠵᠤ᠂ ᠮᠠᠰᠢᠨᠲᠤ ᠲᠡᠷᠭᠡᠨ ᠤ ᠲᠡᠷᠭᠡᠨ ᠵᠣᠭᠰᠣᠭᠠᠯ ᠤᠨ ᠬᠡᠷᠡᠭᠯᠡᠯᠲᠡ ᠤᠯᠠᠰᠢᠷᠠᠵᠦ᠂ ᠬᠡᠰᠡᠭ ᠲᠡᠷᠭᠡᠨ ᠵᠣᠭᠰᠣᠭᠠᠯ ᠤᠨ ᠱᠤᠭᠤᠮ ᠵᠢᠷᠤᠭᠠᠰᠤ ᠨᠢ ᠬᠠᠭᠤᠴᠢᠷᠠᠵᠤ᠂ ᠥᠩᠭᠡ ᠨᠢ ᠤᠨᠠᠭᠰᠠᠨ ᠪᠠ ᠪᠠᠯᠠᠷᠬᠠᠢ ᠪᠣᠯᠤᠭᠰᠠᠨ ᠪᠠᠶᠢᠨ᠎ᠠ᠃      ᠣᠶᠢᠷ᠎ᠠ ᠳᠤ᠂ ᠴᠢᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠴᠢᠯᠥᠭᠡᠲᠦ ᠵᠠᠮ ᠳᠠᠭᠠᠤ ᠶᠢᠨ ᠲᠡᠷᠭᠡᠨ ᠵᠣᠭᠰᠣᠭᠠᠯ ᠢ ᠳᠠᠬᠢᠨ ᠰᠢᠨ᠎ᠡ ᠪᠠᠷ ᠵᠠᠭᠠᠭᠯᠠᠨ ᠲᠣᠭᠲᠠᠭᠠᠵᠤ᠂ ᠠᠵᠢᠯᠲᠠᠳ ᠱᠤᠭᠤᠮ ᠬᠤᠪᠢᠶᠠᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠴᠠᠭᠠᠨ ᠥᠩᠭᠡ ᠪᠠᠷ ᠲᠡᠷᠭᠡᠨ ᠤ ᠪᠠᠶᠢᠷᠢ ᠶᠢᠨ ᠱᠤᠭᠤᠮ ᠢ ᠳᠠᠬᠢᠨ ᠵᠢᠷᠤᠭᠯᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠬᠤᠪᠢᠶᠠᠷᠢᠯᠠᠨ ᠲᠣᠭᠲᠠᠭᠠᠭᠰᠠᠨ ᠲᠡᠷᠭᠡᠨ ᠵᠣᠭᠰᠣᠭᠠᠯ ᠤᠨ ᠱᠤᠭᠤᠮ ᠳᠤ ᠣᠶᠢᠷ᠎ᠠ ᠬᠠᠪᠢ ᠳᠠᠭᠠᠨ ᠵᠣᠭᠰᠣᠭᠠᠬᠤ ᠳᠤ ᠲᠥᠬᠦᠮ ᠦᠵᠡᠭᠦᠯᠵᠦ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠲᠡᠷᠭᠡ ᠵᠣᠭᠰᠣᠭᠠᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠵᠠᠮ ᠤᠨ ᠰᠠᠭᠠᠳ ᠥᠬᠡᠶ ᠨᠡᠪᠲᠡᠷᠡᠬᠦ ᠪᠠ ᠶᠠᠪᠠᠭᠠᠨ ᠬᠥᠮᠦᠨ ᠤ ᠠᠮᠤᠷ ᠲᠦᠪᠰᠢᠨ ᠢ ᠪᠠᠲᠤᠯᠠᠵᠤ᠂ ᠬᠤᠲᠠ ᠶᠢᠨ ᠠᠮᠢᠳᠤᠷᠠᠯ ᠤᠨ ᠣᠷᠴᠢᠨ ᠲᠣᠭᠤᠷᠢᠨ ᠤ ᠴᠡᠪᠡᠷ ᠲᠡᠭᠰᠢ ᠡᠮᠬᠢ ᠵᠢᠷᠤᠮ ᠲᠠᠢ ᠪᠠᠶᠢᠬᠤ ᠶᠢ ᠬᠠᠮᠲᠤ ᠪᠠᠷ ᠬᠠᠮᠠᠭᠠᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号