ᠰᠤᠷᠤᠭᠴᠢᠳ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠪᠠᠶᠠᠯᠢᠭᠵᠢᠭᠤᠯᠵᠤ᠂ ᠰᠤᠷᠤᠭᠴᠢᠳ ᠤᠨ ᠬᠠᠷᠠᠭ᠎ᠠ ᠶᠢ | ᠥᠷᠭᠡᠳᠬᠡᠵᠦ᠂ ᠰᠤᠷᠤᠭᠴᠢᠳ ᠤᠨ ᠰᠢᠨᠵᠢᠯᠡᠬᠦ ᠤᠬᠠᠭᠠᠨ ᠢ ᠬᠠᠶᠢᠷᠠᠯᠠᠵᠤ᠂ ᠰᠢᠨᠵᠢᠯᠡᠬᠦ ᠤᠬᠠᠭᠠᠨ ᠢ ᠰᠦᠪᠡᠭᠴᠢᠯᠡᠬᠦ | ᠤᠷᠮ᠎ᠠ ᠪᠠᠬ᠎ᠠ ᠶᠢ ᠬᠦᠮᠦᠵᠢᠭᠦᠯᠬᠦ ᠶᠢᠨ ᠲᠦᠯᠦᠭᠡ᠂ ᠴᠢᠯᠥᠭᠡᠲᠦ ᠵᠠᠮ ᠤᠨ ᠭᠤᠷᠪᠠᠳᠤᠭᠠᠷ ᠪᠠᠭ᠎ᠠ ᠰᠤᠷᠭᠠᠭᠤᠯᠢ ᠶᠢᠨ | ᠭᠡᠷ ᠤᠨ ᠠᠬᠠᠮᠠᠳ ᠤᠨᠵᠥ᠋ᠪᠯᠡᠯ ᠠᠴᠠ ᠰᠣᠷᠣᠭᠴᠢ ᠵᠢᠴᠢ ᠭᠡᠷ ᠤᠨ ᠠᠬᠠᠮᠠᠳ ᠢᠶᠠᠨ ᠵᠣᠬᠢᠶᠠᠨ ᠪᠠᠶᠢᠭᠤᠯᠵᠤ | ᠪᠤᠭᠤᠲᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠬᠦᠷᠴᠦ᠂ ᠨᠡᠶᠢᠭᠡᠮ ᠤᠨ ᠦᠢᠯᠡᠳᠦᠯᠭᠡ ᠶᠢᠨ | ᠠᠵᠢᠯᠯᠠᠭ᠎ᠠ ᠥᠷᠨᠢᠭᠦᠯᠵᠦ᠂ ᠰᠢᠨᠵᠢᠯᠡᠬᠦ ᠤᠬᠠᠭᠠᠨ ᠤ ᠬᠠᠶᠢᠨ ᠰᠦᠪᠡᠭᠴᠢᠯᠡᠯᠲᠡ ᠶᠢᠨ ᠠᠶᠠᠨ ᠢᠶᠠᠨ ᠡᠬᠢᠯᠡᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠤᠷᠤᠭᠴᠢᠳ ᠵᠢᠴᠢ ᠭᠡᠷ ᠤᠨ ᠠᠬᠠᠮᠠᠳ ᠰᠢᠨᠵᠢᠯᠡᠬᠦ ᠤᠬᠠᠭᠠᠨ | ᠮᠡᠷᠭᠡᠵᠢᠯ ᠤᠨ ᠣᠷᠳᠣᠨ ᠤ ᠬᠡᠦᠬᠡᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠡᠩᠭᠡᠯ ᠤᠨ ᠬᠦᠷᠢᠶᠡᠯᠡᠩ ᠳᠤ | ᠬᠦᠷᠴᠦ᠂ ᠡᠯ᠎ᠡ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠶᠡᠴᠢᠯᠡᠨ ᠣᠶᠢᠯᠠᠭᠠᠬᠤ ᠲᠦᠷᠦᠯ ᠵᠦᠢᠯ ᠨᠢ | ᠰᠤᠷᠤᠭᠴᠢᠳ ᠤᠨ ᠠᠩᠬᠠᠷᠤᠯ ᠢ ᠲᠠᠲᠠᠵᠤ᠂ ᠳᠣᠭᠳᠣᠯᠤᠭᠰᠠᠨ ᠰᠡᠳᠬᠢᠯᠭᠡ ᠦᠭᠡ ᠬᠡᠯᠡ ᠪᠠᠷ ᠪᠢᠯᠬᠠᠵᠤ ᠪᠠᠶᠢᠯ᠎ᠠ᠃ | ᠰᠤᠷᠤᠭᠴᠢᠳ ᠡᠯ᠎ᠡ ᠵᠦᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠨᠠᠷᠢᠨ ᠬᠢᠨᠠᠮᠠᠭᠠᠶ | ᠠᠵᠢᠭᠯᠠᠨ ᠣᠶᠢᠯᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠤ ᠠᠵᠢᠯᠲᠠᠨ ᠤ ᠲᠠᠶᠢᠯᠤᠮᠵᠢ ᠪᠠ | ᠵᠢᠱᠢᠶ᠎ᠡ ᠦᠵᠡᠭᠦᠯᠬᠦ ᠳᠣᠤᠷ᠎ᠠ᠂ ᠪᠦᠬᠦ᠋ᠢᠯᠡ ᠲᠣᠭᠤᠷᠢᠨ ᠦᠵᠡᠬᠦ ᠶᠠᠪᠤᠴᠠ ᠨᠢ ᠡᠮᠬᠢ ᠳᠢᠭᠯᠢᠮ ᠲᠠᠢ ᠪᠠᠶᠢᠵᠤ᠂ ᠰᠡᠳᠬᠢᠯ | ᠵᠢᠷᠦᠬᠡᠨ ᠳᠡᠭᠡᠨ ᠰᠣᠨᠢᠷᠬᠠᠯᠲᠠᠶ ᠪᠠᠶᠢᠵᠤ᠂ ᠦᠢᠯᠡᠳᠦᠯᠭᠡᠵᠢᠭᠦᠯᠬᠦ ᠶᠢᠨ ᠳᠠᠭᠠᠤ ᠪᠣᠳᠣᠯᠬᠢᠯᠠᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠣᠶᠣᠯ ᠤᠨ ᠤᠯᠠᠮᠵᠢᠯᠠᠯ ᠪᠠ ᠷᠢᠳᠢ ᠰᠢᠳᠢ ᠶᠢ ᠣᠶᠢᠯᠠᠭᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠮᠠᠨ ᠤ ᠤᠯᠤᠰ ᠤᠨ ᠣᠳᠣᠬᠢᠴᠢᠯᠠᠭᠰᠠᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ | ᠦᠵᠡᠭᠦᠯᠬᠦ ᠴᠢᠬᠤᠯᠠ ᠦᠢᠯᠡᠳᠦᠯ ᠢ ᠣᠶᠢᠯᠠᠭᠠᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠲᠤᠬᠠᠶ ᠳᠤᠷ᠎ᠠ | ᠰᠣᠨᠢᠷᠬᠠᠯ ᠢ ᠬᠥᠭᠵᠢᠭᠡᠵᠦ᠂ ᠰᠤᠷᠤᠭᠴᠢᠳ ᠤᠨ ᠰᠡᠳᠬᠢᠯ ᠳᠤ ᠰᠢᠨᠵᠢᠯᠡᠬᠦ ᠤᠬᠠᠭᠠᠨ ᠢ ᠬᠠᠶᠢᠨ ᠰᠦᠪᠡᠭᠴᠢᠯᠡᠬᠦ | ᠦᠷ᠎ᠡ ᠶᠢ ᠲᠠᠷᠢᠪᠠ᠃ | ᠰᠤᠷᠤᠭᠴᠢᠳ ᠤᠨ ᠭᠡᠷ ᠤᠨ ᠠᠬᠠᠮᠠᠳ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠨᠢ | ᠬᠡᠦᠬᠡᠳ ᠤᠳ ᠲᠤ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠮᠡᠳᠡᠷᠡᠭᠦᠯᠵᠦ᠂ ᠰᠤᠷᠤᠭᠴᠢᠳ ᠲᠤ | ᠰᠢᠨᠵᠢᠯᠡᠬᠦ ᠤᠬᠠᠭᠠᠨ ᠮᠡᠷᠭᠡᠵᠢᠯ ᠤᠨ ᠪᠠᠶᠠᠷ ᠪᠠᠭ᠋ᠠᠳᠤᠯ ᠢ ᠡᠳ᠋ᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠠᠮᠢᠳᠤᠷᠠᠯ ᠳᠤ ᠠᠪᠴᠢᠷᠠᠭᠰᠠᠨ ᠬᠤᠪᠢᠷᠠᠯᠲᠠ ᠶᠢ ᠮᠡᠳᠡᠷᠡᠭᠦᠯᠵᠦ ᠪᠣᠯᠤᠨ᠎ᠠ ᠭᠡᠵᠦ ᠢᠯᠡᠳᠬᠡᠵᠡᠭᠡᠪᠡ᠃ | | | | | | |