7 ᠰᠠᠷ᠎ᠠ ᠶᠢᠨ 31 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠱᠦᠵᠢ ᠶᠢᠨ ᠲᠤᠰᠬᠠᠶ | ᠰᠡᠳᠦᠪᠲᠦ ᠬᠤᠷᠠᠯ ᠬᠤᠷᠠᠯᠳᠤᠭᠤᠯᠵᠤ᠂ ᠠᠷᠪᠠᠨ ᠨᠢᠭᠡᠳᠦᠭᠡᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ | ᠵᠢᠷᠭᠤᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠲᠤᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠰᠤᠳᠤᠯᠵᠤ᠂ ᠲᠠᠷᠠᠭᠠᠴᠢ ᠶᠢᠨ | ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠶ | ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠪᠠᠢ ᠶᠦᠨ ᠰᠢ ᠬᠤᠷᠠᠯ ᠳᠤ ᠣᠷᠣᠯᠴᠠᠪᠠ᠃ | ᠬᠤᠷᠠᠯ ᠠᠴᠠ᠂ ᠲᠣᠰ ᠡᠭᠡᠯᠵᠢ ᠶᠢᠨ ᠲᠤᠭᠤᠷᠢᠨ ᠪᠠᠶᠢᠴᠠᠭᠠᠯᠲᠠ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠭᠦᠨᠵᠡᠭᠡᠶ | ᠲᠤᠤᠱᠯᠠᠭᠤᠯᠵᠤ᠂ ᠤᠯᠤᠰ ᠲᠥᠷᠥ ᠶᠢᠨ ᠲᠤᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠪᠠᠷᠢᠮᠲᠠᠯᠠᠨ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠳᠣᠪᠤᠶᠢᠯᠭᠠᠵᠤ᠂ ᠠᠳᠠᠯᠢ ᠰᠡᠳᠦᠪ ᠲᠤ ᠨᠡᠶᠢᠲᠡ ᠪᠠᠷ | ᠬᠠᠷᠢᠭᠤᠯᠲᠠ ᠥᠭᠴᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠴᠢᠬᠤᠯᠠᠴᠢᠯᠠᠨ᠂ 6 | ᠰᠠᠯᠠᠭ᠎ᠠ ᠮᠥᠴᠢᠷ ᠨᠢᠭᠡᠴᠡ᠂ 3 ᠵᠡᠭᠡᠯᠢ ᠭᠤᠳᠤᠮᠵᠢ ᠵᠢᠴᠢ 21 ᠨᠡᠶᠢᠭᠡᠮ ᠲᠣᠭᠤᠷᠢᠭ ᠲᠤ ᠪᠠᠶᠢᠩᠭᠤ ᠶᠢᠨ ᠲᠤᠭᠤᠷᠢᠨ | ᠪᠠᠶᠢᠴᠠᠭᠠᠯᠲᠠ ᠥᠷᠨᠢᠭᠦᠯᠵᠦ᠂ ᠠᠰᠠᠭᠤᠳᠠᠯ ᠢ ᠢᠯᠡᠷᠡᠭᠦᠯᠦᠭᠰᠡᠨ ᠣᠨᠣᠪᠴᠢᠲᠠᠶ᠂ ᠬᠢᠨᠠᠯᠲᠠ ᠲᠠᠯᠪᠢᠭᠰᠠᠨ ᠦᠷ᠎ᠡ | ᠪᠦᠲᠦᠮᠵᠢ ᠢᠯᠡᠷᠬᠡᠶ ᠪᠠᠶᠢᠵᠤ᠂ ᠲᠤᠭᠤᠷᠢᠭ ᠤᠨ ᠨᠠᠮ ᠤᠨ ᠬᠤᠷᠢᠶ᠎ᠠ ᠭᠦᠢᠴᠡᠳ ᠨᠤᠲᠠᠯᠠᠪᠠ᠃ ᠳᠠᠷᠠᠭᠠᠴᠢ ᠶᠢᠨ | ᠠᠯᠬᠤᠮ ᠳᠤ ᠬᠤᠯᠪᠣᠭᠳᠠᠯ ᠪᠦᠬᠦᠢ ᠲᠤᠭᠤᠷᠢᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢ ᠱᠠᠯᠠᠪᠳᠠᠭᠤᠯᠤᠨ ᠬᠤᠭᠤᠴᠠᠭ᠎ᠠ ᠲᠣᠭᠲᠠᠭᠠᠨ ᠲᠤᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠨᠠᠮ ᠤᠨ | ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠳᠡᠭᠡᠷ᠎ᠡ ᠢᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠡᠭᠡᠷ᠎ᠡ ᠢᠯᠡᠷᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠬᠠᠨᠤᠮᠵᠢ ᠶᠢᠨ ᠬᠡᠮᠵᠢᠶ᠎ᠡ ᠶᠢ | ᠨᠡᠮᠡᠭᠳᠡᠭᠦᠯᠬᠦ ᠳᠡᠭᠡᠷ᠎ᠡ ᠢᠯᠡᠷᠡᠭᠦᠯᠬᠦ ᠬᠡᠷᠡᠭᠲᠡᠢ ᠭᠡᠵᠦ ᠵᠢᠭᠠᠨ ᠭᠠᠷᠭᠠᠭᠰᠠᠨ ᠪᠠᠶᠢᠨ᠎ᠠ᠃ | ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠵᠤ | ᠢᠯᠡᠷᠡᠭᠦᠯᠦᠭᠰᠡᠨ ᠲᠤᠪᠤᠶᠢᠮ᠎ᠠ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠲᠦᠷᠪᠡᠨ ᠬᠤᠣᠰ︾ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠲᠣᠭᠤᠷᠢᠨ ᠪᠠᠶᠢᠴᠠᠭᠠᠭᠰᠠᠨ ᠰᠠᠨᠠᠯ ᠢ ᠬᠠᠷᠢᠭᠤ ᠲᠤᠰᠬᠠᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ᠃ | ᠲᠣᠭᠤᠷᠢᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠢᠳᠤᠭᠠᠨ ᠢᠷ ᠢ ᠳᠣᠲᠣᠭᠰᠢ ᠬᠠᠨᠳᠤᠭᠤᠯᠬᠤ ᠰᠥᠰᠥ | ᠵᠣᠷᠢᠭ᠂ ᠬᠠᠲᠠᠭᠤ ᠡᠷᠴᠢ ᠵᠣᠷᠢᠭ ᠢᠶᠠᠷ ᠦᠵᠡᠯ ᠰᠠᠨᠠᠭᠠᠨ ᠤ ᠲᠠᠯ᠎ᠠ ᠪᠠᠷ ᠬᠢ ᠦᠨᠳᠦᠰᠦ ᠰᠤᠷᠪᠤᠯᠵᠢ ᠶᠢ ᠦᠨᠡᠨ ᠬᠦ | ᠠᠭᠤᠳᠠᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠬᠤ | ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ | ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ︽ᠰᠡᠭᠦᠯᠴᠢ ᠶᠢᠨ ᠬᠠᠭᠠᠰ ᠠᠵᠢᠯ︾ ᠢ ᠯᠠᠪᠳᠠᠭᠤᠨ ᠪᠠᠲᠤᠲᠠᠢ | ᠰᠠᠶᠢᠲᠤᠷ ᠬᠢᠬᠦ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ ᠠᠵᠢᠯ ᠢ ᠪᠠᠶᠢᠩᠭᠤ ᠶᠢᠨ ᠴᠢᠨᠠᠷᠲᠠᠢ ᠥᠷᠨᠢᠭᠦᠯᠵᠦ᠂ | ᠲᠣᠭᠤᠷᠢᠨ ᠪᠠᠶᠢᠴᠠᠭᠠᠭᠳᠠᠬᠤ ᠨᠢᠭᠡᠴᠢ ᠶᠢᠨ ᠤᠳᠤᠷᠢᠳᠬᠤ ᠪᠠᠭ᠂ ᠢᠯᠠᠩᠭᠤᠶ᠎ᠠ ︽ᠨᠢᠭᠡᠳᠦᠭᠡᠷ ᠬᠠᠷᠢᠭᠤᠴᠠᠯᠭᠠᠲᠠᠨ︾ ᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠩᠬᠠᠷᠴᠤ᠂ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ | ᠪᠠᠲᠤᠯᠠᠬᠤ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠣᠨ ᠤ ᠬᠢᠨᠠᠨ | ᠰᠢᠯᠭᠠᠯᠲᠠ ᠶᠢᠨ ᠴᠢᠬᠤᠯᠠ ᠠᠭᠤᠯᠭ᠎ᠠ ᠳᠤ ᠣᠷᠣᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠮᠥᠷᠳᠡᠨ ᠬᠢᠨᠠᠯᠲᠠ ᠲᠠᠯᠪᠢᠬᠤ᠂ ᠬᠤᠷᠢᠶᠠᠩᠭᠤᠶᠢᠯᠠᠨ ᠮᠡᠳᠡᠭᠦᠯᠬᠦ ᠶᠢ | ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠴᠡᠭᠴᠡᠯᠡᠨ | ᠰᠠᠶᠢᠵᠢᠷᠠᠭᠤᠯᠬᠤ ᠠᠬᠢᠴᠠ ᠶᠢ ᠮᠥᠷᠳᠡᠨ ᠱᠠᠯᠠᠪᠳᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ | ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠲᠣᠭᠤᠷᠢᠨ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ | ᠠᠬᠢᠭᠤᠯᠬᠤ᠂ ᠲᠣᠭᠤᠷᠢᠨ ᠪᠠᠶᠢᠴᠠᠭᠠᠬᠤ ᠪᠠᠷ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠲᠣᠭᠤᠷᠢᠨ | ᠪᠠᠶᠢᠴᠠᠭᠠᠬᠤ ᠪᠠᠷ ᠵᠠᠰᠠᠯᠲᠠ ᠶᠢ ᠠᠬᠢᠭᠤᠯᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠲᠣᠭᠤᠷᠢᠨ ᠪᠠᠶᠢᠴᠠᠭᠠᠯᠲᠠ ᠪᠠᠷ ᠪᠥᠬᠦ | ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ | ᠪᠣᠯᠣᠨ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠪᠦᠬᠦ ᠣᠷᠣᠨ ᠤ ᠭᠤᠣᠯᠳᠠᠯᠭ᠎ᠠ ᠲᠠᠢ ᠡᠭᠦᠷᠭᠡ᠂ ᠥᠭᠡᠷᠡᠴᠢᠯᠡᠯᠲᠡ ᠶᠢᠨ ᠵᠦᠢᠯᠡᠰ ᠤᠨ ᠲᠣᠭᠤᠷᠢᠨ ᠳᠤ᠂ | ᠬᠢᠨᠠᠯᠲᠠ ᠲᠠᠯᠪᠢᠬᠤ ᠭᠤᠣᠯᠳᠠᠯᠭ᠎ᠠ ᠶᠢ ᠨᠠᠷᠢᠯᠢᠭᠵᠢᠭᠤᠯᠵᠤ᠂ ᠤᠨᠢᠨ ᠳᠡᠭᠡᠷ᠎ᠡ ᠨᠢ ᠠᠰᠠᠭᠤᠳᠠᠯ ᠢ ᠢᠯᠡᠷᠡᠭᠦᠯᠬᠦ ᠪᠠ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠦᠬᠦ ᠣᠷᠣᠨ ᠤ ᠴᠢᠨᠠᠷ | ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠨ᠎ᠠ ᠭᠡᠵᠦ ᠴᠢᠬᠤᠯᠠᠴᠢᠯᠠᠭᠰᠠᠨ | ᠪᠠᠶᠢᠨ᠎ᠠ᠃ | ᠲᠣᠭᠤᠷᠢᠭ ᠤᠨ ᠤᠳᠤᠷᠢᠳᠤᠯᠭ᠎ᠠ ᠵᠠᠩ ᠴᠢᠶᠠᠩ᠂ ᠰᠣᠶᠣᠯᠲᠤ᠂ ᠵᠠᠩ ᠶᠢᠩ ᠵᠢᠶᠧ᠂ ᠯᠢᠦ ᠪᠢᠨ ᠬᠤᠸᠠ | ᠬᠤᠷᠠᠯ ᠳᠤ ᠣᠷᠣᠯᠴᠠᠪᠠ᠃ | | | | | | |